| | | | | 3 ᠳ᠋ᠤᠭᠠᠷ ᠰᠠᠷ᠎ᠠ ᠶᠢᠨ 23 ᠤ ᠡᠳᠦᠷ᠂ ᠮᠠᠨ ᠤ ᠰᠢᠶᠠᠨ ᠮᠧᠩ ᠨᠢᠦ ᠰᠦ ᠶᠢᠨ ᠦᠢᠯᠡᠰ ᠤᠨ ᠠᠵᠤ | ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ | ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠶᠦᠩ ᠸᠧᠨ᠂ ᠰᠢᠶᠠᠨ ᠤ ᠨᠠᠮ ᠤᠨ | ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠯᠢᠦ ᠰᠢᠶᠤᠤ ᠬᠤᠷᠠᠯ ᠳᠤ ᠣᠷᠣᠯᠴᠠᠵᠠᠢ᠃ | ᠬᠤᠷᠠᠯ ᠠᠴᠠ ᠮᠧᠩ ᠨᠢᠦ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ | ᠣᠶᠢᠷ᠎ᠠ ᠶᠢᠨ ᠬᠤᠭᠤᠴᠠᠭᠠᠨ ᠤ ᠳᠥᠯᠭᠢᠨ ᠠᠬᠢᠭᠤᠯᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠨᠠᠷᠢᠨ ᠨᠢᠮᠪᠠᠶ | ᠡᠮᠬᠢᠯᠡᠵᠦ᠂ ᠰᠢᠢᠳᠪᠦᠷᠢᠯᠡᠬᠦ ᠲᠥᠰᠦᠯ ᠢ ᠵᠦᠢᠯ ᠳᠠᠷᠠᠭᠠᠯᠠᠨ ᠰᠤᠳᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ | ᠴᠡᠭ ᠢ ᠵᠦᠢᠯ ᠳᠠᠷᠠᠭᠠᠯᠠᠨ ᠲᠣᠭᠲᠠᠭᠠᠬᠤ ᠶᠢᠨ ᠬᠠᠮᠲᠤ ᠬᠤᠯᠪᠣᠭᠳᠠᠯ ᠪᠥᠬᠦᠶ ᠬᠠᠷᠢᠭᠤᠴᠠᠯᠭᠠᠲᠤ ᠰᠠᠯᠠᠭ᠎ᠠ ᠮᠥᠴᠢᠷ ᠢ | ᠠᠰᠠᠭᠤᠳᠠᠯ ᠢ ᠮᠥᠷᠳᠡᠨ ᠰᠢᠢᠳᠪᠦᠷᠢᠯᠡᠬᠦ ᠶᠢ ᠴᠢᠩᠭᠠᠳᠬᠠᠬᠤ ᠬᠡᠷᠡᠭᠲᠡᠶ ᠭᠡᠵᠦ ᠭᠡᠵᠡᠢ᠃ | ᠬᠤᠷᠠᠯ ᠳᠡᠭᠡᠷ᠎ᠡ᠂ ᠵᠠᠩ ᠶᠦᠩ ᠸᠧᠨ᠂ ᠮᠧᠩ ᠨᠢᠦ ᠰᠦ ᠶᠢᠨ ᠦᠢᠯᠡᠰ ᠤᠨ ᠠᠵᠤ ᠦᠢᠯᠡᠰ ᠤᠨ | ᠬᠦᠷᠢᠶᠡᠯᠡᠩ ᠤᠨ ᠲᠦᠷᠦᠯ ᠵᠦᠢᠯ ᠪᠣᠯ ᠮᠠᠨ ᠤ ᠰᠢᠶᠠᠨ ᠤ ᠰᠦ ᠶᠢᠨ ᠬᠤᠳᠠ ᠶᠢᠨ ᠭᠤᠣᠯ ᠣᠷᠣᠨ ᠪᠣᠯᠬᠤ | ᠵᠠᠩᠭᠢᠯᠠᠭ᠎ᠠ ᠶᠢᠨ ᠠᠯᠬᠤᠮ ᠪᠣᠯᠤᠨ᠎ᠠ᠂ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠨᠢ ᠰᠢᠶᠠᠨ ᠤ ᠠᠵᠤ ᠠᠬᠤᠢ | ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠂ ᠥᠪᠡᠷᠲᠡᠭᠡᠨ ᠵᠠᠰᠠᠬᠤ | ᠣᠷᠣᠨ᠂ ᠬᠤᠳᠠ ᠶᠢᠨ ᠬᠢᠨ ᠴᠥᠮ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠱᠠᠲᠤᠨ ᠤ ᠡᠯ᠎ᠡ | ᠰᠠᠯᠠᠭ᠎ᠠ ᠮᠥᠴᠢᠷ ᠤᠨ ᠬᠢᠨ ᠡᠷᠬᠡᠪᠰᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠤ ᠦᠢᠯᠡᠰ ᠤᠨ | ᠬᠦᠷᠢᠶᠡᠯᠡᠩ ᠤᠨ ᠲᠦᠷᠦᠯ ᠵᠦᠢᠯ ᠢ ᠤᠷᠤᠭᠰᠢᠲᠠᠢ ᠡᠬᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠠᠩ ᠶᠦᠩ ᠸᠧᠨ᠂ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠠᠵᠢᠯ ᠤᠨ ᠬᠤᠭᠤᠴᠠᠭ᠎ᠠ ᠪᠠᠴᠢᠮ᠂ ᠡᠭᠦᠷᠭᠡ ᠬᠦᠨᠳᠦ᠂ ᠬᠠᠷᠢᠭᠤᠴᠠᠯᠭᠠᠲᠤ ᠨᠢᠭᠡᠴᠡ ᠡᠷᠬᠡᠪᠰᠢ | ᠠᠵᠢᠯ ᠦᠢᠯᠡᠰ ᠲᠡᠭᠡᠨ ᠬᠠᠷᠢᠭᠤᠴᠠᠬᠤ ᠴᠢᠩᠭ᠎ᠠ ᠬᠠᠷᠢᠭᠤᠴᠠᠯᠭ᠎ᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠲᠤᠰᠬᠠᠢ | ᠠᠩᠬᠢ ᠵᠣᠬᠢᠶᠠᠨ ᠪᠠᠶᠢᠭᠤᠯᠵᠤ ᠡᠯ᠎ᠡ ᠵᠦᠢᠯ ᠤᠨ ᠠᠵᠢᠯ ᠢ ᠠᠬᠢᠭᠤᠯᠬᠤ ᠬᠡᠷᠡᠭᠲᠡᠢ︔ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠳᠤᠮᠳᠠᠬᠢ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ ᠪᠠᠷ ᠱᠠᠭᠠᠷᠳᠠᠵᠤ᠂ ᠥᠨᠳᠥᠷ | ᠪᠠᠷᠢᠮᠵᠢᠶ᠎ᠠ ᠪᠠᠷ ᠬᠡᠷᠡᠭᠵᠢᠭᠦᠯᠦᠨ᠂ ᠭᠤᠤᠯᠳᠠᠯᠭ᠎ᠠ ᠶᠢ ᠳᠣᠪᠤᠶᠢᠯᠭᠠᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ | ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠠᠮᠤᠷ ᠲᠦᠪᠰᠢᠨ ᠪᠠ ᠶᠠᠰᠤ ᠴᠢᠨᠠᠷ ᠢ ᠦᠨᠡᠨ ᠬᠦ | ᠪᠠᠲᠤᠯᠠᠭᠰᠠᠨ ᠤᠷᠢᠲᠠᠯ ᠳᠣᠤᠷ᠎ᠠ ᠲᠥᠷᠥᠯ ᠵᠦᠢᠯ ᠤᠨ ᠠᠬᠢᠴᠠ ᠶᠢ ᠲᠦᠷᠭᠡᠳᠬᠡᠬᠦ ᠬᠡᠷᠡᠭᠲᠡᠶ︔ ᠬᠠᠷᠢᠭᠤᠴᠠᠯᠭᠠᠲᠤ | ᠬᠥᠮᠦᠨ ᠢ ᠲᠣᠳᠣᠷᠬᠠᠶᠢᠯᠠᠵᠤ᠂ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠶᠢᠨ ᠬᠠᠷᠢᠭᠤᠴᠠᠬᠤ ᠲᠦᠷᠢᠮ ᠢ | ᠬᠡᠷᠡᠭᠵᠢᠭᠦᠯᠵᠦ᠂ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠨ᠂ ᠲᠤᠬᠠᠶ ᠶᠢᠨ ᠲᠠᠯᠠᠪᠤᠷ ᠲᠤ ᠬᠦᠷᠴᠦ ᠠᠵᠢᠯᠯᠠᠨ᠂ | ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠤᠷᠤᠭᠰᠢᠲᠠᠶ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ︔ | ᠠᠵᠢᠯ ᠡᠬᠢᠯᠡᠭᠦᠯᠦᠭᠰᠡᠨ ᠤ ᠳᠠᠷᠠᠭ᠎ᠠ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡ ᠬᠠᠩᠭᠠᠵᠤ᠂ | ᠢᠨᠵᠧᠨᠧᠷᠢᠩ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ︔ ᠲᠥᠷᠥᠯ ᠵᠦᠢᠯ ᠤᠨ ᠡᠯ᠎ᠡ ᠵᠦᠢᠯ ᠤᠨ | ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ | ᠤᠷᠤᠭᠰᠢᠲᠠᠶ ᠠᠵᠢᠯ ᠡᠬᠢᠯᠡᠬᠦ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠶ ᠭᠡᠵᠦ ᠴᠢᠩᠭᠠᠳᠬᠠᠵᠠᠢ᠃ | ᠯᠢ ᠯᠢᠦ ᠰᠢᠶᠤᠤ ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠤᠨ | ᠲᠤᠬᠠᠢ ᠰᠢᠢᠳᠪᠦᠷᠢᠯᠡᠬᠦ ᠠᠷᠭ᠎ᠠ ᠬᠡᠮᠵᠢᠶ᠎ᠡ ᠪᠣᠯᠤᠨ ᠴᠠᠭ ᠤᠨ ᠬᠢᠵᠠᠭᠠᠷ ᠢ ᠲᠣᠳᠣᠷᠬᠠᠶᠢᠯᠠᠭᠰᠠᠨ ᠤ ᠬᠠᠮᠲᠤ᠂ ᠡᠯ᠎ᠡ | ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ | ᠰᠠᠨᠠᠭ᠎ᠠ ᠪᠠᠨ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠠᠵᠢᠯ ᠢᠶᠠᠨ ᠴᠢᠩᠭ᠎ᠠ ᠠᠳᠬᠤᠨ ᠪᠣᠳᠠᠲᠠᠢ ᠠᠳᠬᠤᠬᠤ ᠬᠡᠷᠡᠭᠲᠡᠢ︔ ᠬᠠᠷᠢᠭᠤᠴᠠᠯᠭᠠᠲᠤ ᠨᠢᠭᠡᠴᠡ ᠪᠣᠯᠤᠨ | ᠬᠠᠷᠢᠭᠤᠴᠠᠯᠭᠠᠲᠠᠨ ᠨᠢ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠪᠠᠨ ᠡᠭᠦᠷᠭᠡᠯᠡᠵᠦ᠂ ᠢᠳᠡᠪᠬᠢᠲᠡᠶ ᠪᠠᠷ ᠠᠵᠢᠯᠯᠠᠵᠤ | ᠂ ᠨᠡᠶᠢᠯᠡᠮᠡᠯ ᠬᠦᠴᠦᠨ ᠢ ᠪᠣᠶ ᠪᠣᠯᠭᠠᠵᠤ ᠪᠠᠶᠢᠭᠠᠳ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠭᠰᠠᠨ | ᠪᠠᠶᠢᠨ᠎ᠠ᠃ | ᠰᠢᠶᠠᠨ ᠤ ᠳᠡᠳ᠋ ᠳᠠᠷᠤᠭ᠎ᠠ ᠾᠧ ᠹᠧᠩ᠂ ᠵᠠᠩ ᠵᠢᠶᠦ᠋ᠨ ᠴᠢᠩ᠂ ᠠᠵᠤ ᠠᠬᠤᠶ ᠶᠢᠨ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠨ ᡁᠢ ᠶᠦᠩ᠂ ᠰᠢᠶᠠᠨ ᠤ ᠰᠢᠭᠦᠬᠦ ᠬᠤᠷᠢᠶ᠎ᠠ᠂ | ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ ᠵᠡᠷᠭᠡ ᠬᠠᠮᠢᠶ᠎ᠠ | ᠪᠥᠬᠦᠶ ᠨᠢᠭᠡᠴᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | |