| | | ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ | ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠣᠷᠢᠵᠢᠭᠤᠯᠵᠣ᠂ ᠰᠤᠷᠤᠯᠴᠠᠯᠭ᠎ᠠ ᠬᠥᠮᠦᠵᠢᠯ ᠢ ᠦᠨᠡᠨᠬᠦ | ᠭᠦᠨᠵᠡᠭᠡᠶᠢᠷᠡᠭᠦᠯᠬᠦ ᠶᠢᠨ ᠲᠥᠯᠥᠭᠡ᠂ 3 ᠳ᠋ᠤᠭᠠᠷ ᠰᠠᠷ᠎ᠠ ᠶᠢᠨ 24 ᠤ ᠦᠳᠡ ᠶᠢᠨ ᠬᠤᠶᠢᠨ᠎ᠠ᠂ ᠰᠢᠶᠠᠨ ᠤ ᠨᠠᠮ ᠤᠨ | ᠬᠤᠷᠢᠶᠠᠨ ᠤ ᠱᠦᠵᠢ ᠵᠠᠩ ᠶᠦᠩ ᠸᠧᠨ ︽ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ᠂ ᠤᠯᠤᠰ ᠲᠥᠷᠥ ᠶᠢᠨ | ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ | ᠤᠯᠤᠰ ᠲᠥᠷᠥ ᠶᠢᠨ ᠬᠡᠪ ᠰᠤᠷᠲᠠᠯ ᠢ ᠳᠠᠪᠲᠠᠨ ᠪᠣᠯᠪᠠᠰᠤᠷᠠᠭᠤᠯᠬᠤ ᠬᠡᠷᠡᠭᠲᠡᠶ︾ ᠭᠡᠰᠡᠨ ᠰᠡᠳᠦᠪ ᠢᠶᠠᠷ ᠪᠦᠬᠦ | ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠺᠠᠳ᠋ᠷ ᠴᠠᠭᠳᠠᠭ᠎ᠠ ᠨᠠᠷ ᠲᠤ ᠠᠮᠢᠳᠤᠯᠢᠭ ᠰᠠᠶᠢᠬᠠᠨ | ᠨᠠᠮ ᠤᠨ ᠬᠢᠴᠢᠶᠡᠯ ᠣᠷᠤᠵᠤ᠂ ᠤᠯᠤᠰ ᠲᠥᠷᠥ ᠶᠢ ᠡᠷᠬᠢᠮᠯᠡᠬᠦ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠶᠢᠨ | ᠦᠨᠳᠦᠷᠴᠡ ᠳᠤ ᠵᠣᠭᠰᠣᠨ᠂ ᠬᠠᠮᠤᠭ ᠤᠨ ᠢᠯᠡ ᠲᠣᠳᠣ᠂ ᠬᠠᠮᠤᠭ ᠤᠨ ᠡᠷᠡᠰ ᠰᠢᠭᠤᠷᠬᠠᠶ ᠣᠪᠣᠷ᠂ ᠬᠠᠮᠤᠭ ᠤᠨ | ᠣᠨᠣᠪᠴᠢᠲᠠᠶ᠂ ᠬᠠᠮᠤᠭ ᠤᠨ ᠬᠦᠴᠦᠲᠡᠶ ᠠᠷᠭ᠎ᠠ ᠬᠡᠮᠵᠢᠶ᠎ᠡ ᠪᠠᠷ ᠡᠷᠡᠰ ᠵᠣᠷᠢᠭ᠂ ᠵᠥᠪ ᠣᠪᠣᠷ ᠭᠠᠷᠭᠠᠵᠤ ᠪᠠᠶᠢᠭᠠᠳ | ᠡᠨᠡᠬᠦ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠤ | ᠢᠯᠠᠯᠲᠠ ᠶᠢ ᠵᠠᠪᠠᠯ ᠤᠯᠬᠤ ᠬᠡᠷᠡᠭᠲᠡᠶ ᠭᠡᠵᠦ ᠴᠢᠬᠤᠯᠠᠴᠢᠯᠠᠵᠠᠶ᠃ | ᠵᠠᠩ ᠶᠦᠩ ᠸᠧᠨ ᠵᠢᠭᠠᠵᠤ ᠭᠠᠷᠭᠠᠭᠰᠠᠨ ᠨᠢ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠪᠣᠯ ᠨᠠᠮ | ᠪᠣᠯᠤᠨ ᠠᠷᠠᠳ ᠲᠦᠮᠡᠨ ᠤ ᠭᠠᠷ ᠲᠠᠬᠢ ︽ᠬᠢᠲᠤᠭᠠᠨ ᠡᠰᠢ︾ ᠮᠥᠨ᠂ ᠡᠨᠡᠬᠦ ᠡᠩᠨᠡᠭᠡ ᠶᠢᠨ ᠤᠯᠤᠰ ᠲᠥᠷᠥ ᠶᠢᠨ | ᠦᠨᠡᠨᠴᠢ ᠰᠢᠳᠤᠷᠭᠤ ᠨᠢ ᠨᠠᠮ ᠤᠨ ᠲᠥᠷᠥ ᠪᠠᠷᠢᠬᠤ ᠪᠠᠶᠢᠷᠢ ᠰᠠᠭᠤᠷᠢ ᠳᠤ ᠰᠢᠭᠤᠳ ᠬᠤᠯᠪᠣᠭᠳᠠᠵᠤ᠂ ᠤᠯᠤᠰ | ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠬᠤᠯᠪᠣᠭᠳᠠᠵᠤ ᠪᠠᠶᠢᠳᠠᠭ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠡ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠠᠬᠢᠭᠤᠯᠬᠤ ᠪᠠ ᠥᠨᠳᠥᠷ ᠬᠡᠪ ᠪᠣᠯᠪᠠᠰᠤᠷᠠᠯ ᠲᠠᠢ ᠤᠯᠤᠰ | ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠢᠳᠡᠨ ᠤ | ᠲᠤᠰ ᠤᠳᠠᠭᠠᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠰᠠᠶᠢᠲᠤᠷ ᠥᠷᠨᠢᠭᠦᠯᠬᠦ ᠳᠤ ᠴᠢᠭᠯᠡᠯ ᠢ ᠲᠣᠳᠣᠷᠬᠠᠢ | ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ | ᠡᠩᠨᠡᠭᠡ ᠶᠢᠨ ᠬᠢᠨ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ | ᠲᠠᠯᠪᠢᠵᠤ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠡᠮᠦᠷ ᠮᠡᠲᠦ ᠬᠠᠲᠠᠭᠤ ᠵᠣᠷᠢᠭ᠂ | ᠲᠡᠮᠦᠷ ᠮᠡᠲᠦ ᠡᠷᠴᠢ ᠵᠣᠷᠢᠭ᠂ ᠲᠡᠮᠦᠷ ᠮᠡᠲᠦ ᠬᠠᠲᠠᠭᠤ ᠠᠷᠭ᠎ᠠ ᠪᠠᠷ ᠦᠵᠡᠯ ᠰᠠᠨᠠᠭ᠎ᠠ᠂ ᠤᠯᠤᠰ ᠲᠦᠷᠦ᠂ ᠵᠣᠬᠢᠶᠠᠨ | ᠪᠠᠶᠢᠭᠤᠯᠤᠯᠲᠠ᠂ ᠰᠤᠷᠲᠠᠯ ᠤᠨ ᠠᠷᠬᠠᠭ ᠭᠡᠮ ᠢ ᠬᠦᠴᠦᠯᠡᠨ ᠠᠷᠢᠯᠭᠠᠵᠤ᠂ ᠤᠯᠤᠰ ᠲᠦᠷᠦ ᠬᠠᠤᠯᠢ ᠴᠠᠭᠠᠵᠠ ᠶᠢᠨ | ᠡᠩᠨᠡᠭᠡ ᠶᠢᠨ ᠬᠠᠷᠢᠴᠠᠯᠠᠰᠢ ᠦᠭᠡᠢ ᠦᠨᠡᠨᠴᠢ ᠰᠢᠳᠤᠷᠭᠤ᠂ ᠬᠠᠷᠢᠴᠠᠯᠠᠰᠢ ᠦᠭᠡᠢ ᠠᠷᠢᠭᠤᠨ ᠴᠡᠪᠡᠷ᠂ ᠬᠠᠷᠢᠴᠠᠯᠠᠰᠢ | ᠦᠭᠡᠢ ᠨᠠᠶᠢᠳᠠᠪᠤᠷᠢᠲᠠᠢ ᠪᠠᠶᠢᠬᠤ ᠶᠢ ᠪᠠᠲᠤᠯᠠᠵᠤ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠤ | ᠦᠢᠯᠡᠴᠢᠯᠡᠬᠦ᠂ ᠬᠠᠤᠯᠢ ᠬᠡᠷᠡᠭᠵᠢᠭᠦᠯᠬᠦ ᠳᠡᠭᠡᠨ ᠲᠥᠪ ᠭᠤᠣᠯᠴᠢ᠂ ᠰᠠᠬᠢᠯᠭ᠎ᠠ ᠪᠠᠲᠤ ᠴᠢᠩᠭ᠎ᠠ ᠤᠯᠤᠰ ᠲᠦᠷᠦ ᠬᠠᠤᠯᠢ | ᠴᠠᠭᠠᠵᠠ ᠶᠢᠨ ᠨᠢᠭᠡᠨ ᠰᠠᠯᠠᠭ᠎ᠠ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠵᠡᠢ᠃ | ᠵᠠᠩ ᠶᠦᠩ ᠸᠧᠨ᠂ ᠦᠨᠡᠨᠴᠢ ᠰᠢᠳᠤᠷᠭᠤ ᠪᠠᠶᠢᠬᠤ ᠪᠣᠯ ᠡᠪ ᠬᠠᠮᠲᠤᠴᠤᠳ ᠤᠨ ᠰᠦᠭ ᠰᠦᠨᠡᠰᠦ ᠪᠠ | ᠰᠠᠭᠤᠷᠢ ᠮᠥᠨ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠬᠠᠮᠤᠭ ᠤᠨ ᠦᠨᠳᠦᠰᠦᠨ ᠤᠯᠤᠰ | ᠲᠦᠷᠦ ᠶᠢᠨ ᠬᠡᠪ ᠴᠢᠨᠠᠷ ᠮᠥᠨ᠃ ᠥᠷᠭᠡᠨ ᠤᠯᠠᠨ ᠺᠠᠳ᠋ᠷ ᠴᠠᠭᠳᠠᠭ᠎ᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠢᠮᠠᠭᠲᠠ ᠲᠤᠭ ᠲᠡᠮᠳᠡᠭ | ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠢ ᠪᠡᠶᠡᠯᠡᠭᠦᠯᠵᠦ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ | ᠦᠨᠡᠨᠬᠦ ᠴᠢᠩᠭᠠᠳᠬᠠᠵᠤ᠂ ︽ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ︾ ᠤᠢᠢᠯᠠᠭᠠᠭᠳᠠᠬᠤᠨ ᠢ ᠪᠠᠲᠤ ᠪᠤᠢ | ᠪᠣᠯᠭᠠᠵᠤ᠂ ᠲᠤᠰᠬᠠᠶᠢᠵᠢᠭᠰᠠᠨ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠶᠡᠬᠡᠪᠡᠷ ᠬᠥᠮᠦᠵᠢᠭᠦᠯᠵᠦ᠂ ᠲᠥᠪ | ᠭᠤᠣᠯᠴᠢ ᠠᠷᠢᠭᠤᠨ ᠴᠢᠬᠡᠴᠢ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠲᠦᠷᠢ ᠲᠥᠷᠬᠦ ᠶᠢ ᠪᠤᠢ | ᠪᠣᠯᠭᠠᠵᠤ᠂ ᠨᠠᠮ ᠳᠠᠭᠠᠨ ᠲᠦᠢᠯ ᠤᠨ ᠦᠨᠡᠨᠴᠢ ᠰᠢᠳᠤᠷᠭᠤ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ | ᠴᠠᠭᠠᠵᠠ ᠶᠢᠨ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠦ ᠴᠢᠩᠭᠠᠳᠬᠠᠵᠠᠢ᠃ | ᠵᠠᠩ ᠶᠦᠩ ᠸᠧᠨ᠂ ᠵᠥᠪ ᠴᠢᠭᠯᠡᠯ ᠪᠣᠯᠤᠨ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠪᠠᠲᠤᠳᠬᠠᠵᠤ᠂ ᠤᠯᠤᠰ | ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠴᠢᠩᠭ᠎ᠠ ᠠᠳᠬᠤᠨ ᠪᠣᠳᠠᠲᠠᠢ ᠠᠳᠬᠤᠬᠤ ᠶᠢ | ᠠᠬᠢᠭᠤᠯᠬᠤ ᠬᠡᠷᠡᠭᠲᠡᠢ᠃ ᠤᠯᠤᠰ ᠲᠦᠷᠦᠴᠢ ᠴᠢᠨᠠᠷ᠂ ᠰᠡᠷᠡᠮᠵᠢᠯᠡᠭᠦᠯᠬᠦ ᠴᠢᠨᠠᠷ᠂ ᠵᠢᠱᠢᠶ᠎ᠡ ᠦᠵᠡᠭᠦᠯᠬᠦ ᠴᠢᠨᠠᠷ ᠢ | ᠲᠤᠪᠤᠶᠢᠯᠭᠠᠵᠤ᠂ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠦᠵᠡᠯ ᠰᠠᠨᠠᠭᠠᠨ ᠤ ᠰᠠᠭᠤᠷᠢ ᠶᠢ ᠪᠠᠲᠤ | ᠴᠣᠭᠴᠠᠯᠠᠬᠤ ᠬᠡᠷᠡᠭᠲᠡᠢ᠃ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠳᠣᠲᠣᠭᠠᠳᠤ ᠬᠦᠴᠦᠨ ᠢ | ᠬᠥᠭᠵᠢᠭᠡᠵᠦ᠂ ᠵᠣᠬᠢᠶᠠᠨ ᠪᠠᠶᠢᠭᠤᠯᠤᠯᠲᠠ ᠶᠢᠨ ᠪᠠᠶᠢᠴᠠᠭᠠᠨ ᠰᠢᠢᠳᠪᠦᠷᠢᠯᠡᠬᠦ ᠰᠦᠷ ᠬᠦᠴᠦᠨ ᠢ ᠴᠢᠩᠭᠠᠷᠠᠭᠤᠯᠵᠤ᠂ | ᠲᠤᠰᠬᠠᠢ ᠴᠡᠭᠴᠡᠯᠡᠨ ᠵᠠᠰᠠᠬᠤ ᠬᠦᠴᠦᠨ ᠢ ᠳᠡᠭᠡᠭᠰᠢᠯᠡᠭᠦᠯᠵᠦ᠂ ᠬᠦᠴᠦᠲᠡᠢ ᠪᠠᠷ ᠪᠠᠶᠢᠴᠠᠭᠠᠨ ᠵᠠᠯᠠᠷᠠᠭᠤᠯᠵᠤ ᠴᠡᠭᠴᠡᠯᠡᠨ | ᠰᠠᠶᠢᠵᠢᠷᠠᠭᠤᠯᠵᠤ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠬᠡᠷᠡᠭᠲᠡᠢ᠃ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠨᠳᠦᠰᠦ ᠠᠴᠠ ᠨᠢ ᠵᠠᠰᠠᠬᠤ | ᠤᠳᠤᠷᠢᠳᠤᠮᠵᠢ ᠶᠢ ᠪᠠᠷᠢᠮᠲᠠᠯᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ | ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠰᠢᠨ᠎ᠡ | ᠳᠦᠷᠰᠦ ᠪᠠᠶᠢᠳᠠᠯ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠰᠢᠨ᠎ᠡ ᠠᠮᠵᠢᠯᠲᠠ ᠪᠦᠲᠦᠮᠵᠢ ᠪᠠᠷ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ | |