ᠬᠠᠷᠠᠬᠠᠨ ᠪᠠᠭ᠎ᠠ ᠠᠴᠠ ᠪᠠᠨ ᠨᠠᠮ ᠤᠨ ᠲᠡᠦᠬᠡ ᠶᠢ ᠰᠤᠷᠤᠯᠴᠠᠵᠤ ᠬᠡᠦᠬᠡᠳ ᠰᠡᠳᠬᠢᠯ ᠬᠡᠵᠢᠶᠡᠳᠡ ᠨᠠᠮ ᠢᠶᠠᠨ ᠳᠠᠭᠠᠨ᠎ᠠ
ᠨᠡᠶᠢᠲᠡᠯᠡᠭᠰᠡᠨ ᠴᠠᠭ᠄
2021/3/30
    ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠪᠣᠯᠣᠨ᠎ᠠ ᠂ ᠨᠠᠰᠤᠨ ᠳᠤ ᠬᠦᠷᠦᠭᠡᠳᠦᠢ ᠬᠡᠦᠬᠡᠳ ᠤᠳ ᠲᠤ ᠳᠤᠮᠳᠠᠳᠤ ᠤᠯᠤᠰ ᠤᠨ ᠡᠪ ᠬᠠᠮᠲᠤ ᠨᠠᠮ ᠶᠢᠨ ᠲᠡᠦᠬᠡ ᠶᠢ ᠣᠶᠢᠯᠠᠭᠠᠭᠤᠯᠵᠤ᠂ ᠨᠠᠮ ᠢᠶᠠᠨ ᠬᠠᠶᠢᠷᠠᠯᠠᠭᠰᠠᠨ ᠡᠬᠡ ᠤᠯᠤᠰ ᠢᠶᠠᠨ ᠬᠠᠶᠢᠷᠠᠯᠠᠭᠰᠠᠨ ᠡᠷᠬᠢᠮ ᠳᠡᠭᠡᠳᠦ ᠢᠲᠡᠭᠡᠯ ᠪᠢᠰᠢᠷᠡᠯ ᠢ ᠪᠤᠢ ᠪᠣᠯᠭᠠᠬᠤ ᠶᠢᠨ ᠲᠤᠯᠠᠳᠠ᠂ 3 ᠳ᠋ᠤᠭᠠᠷ ᠰᠠᠷ᠎ᠠ ᠶᠢᠨ 29 ᠤ ᠡᠳᠦᠷ᠂ ᠢᠦᠢ ᠴᠢᠦᠸᠠᠨ ᠲᠣᠭᠤᠷᠢᠭ ᠤᠨ ᠦᠨᠳᠦᠰᠦᠲᠡᠨ ᠤ ᠲᠤᠷᠰᠢᠯᠲᠠ ᠶᠢᠨ ᠰᠤᠷᠭᠠᠭᠤᠯᠢ ︽ᠬᠠᠷᠠᠬᠠᠨ ᠪᠠᠭ᠎ᠠ ᠠᠴᠠ ᠪᠠᠨ ᠨᠠᠮ ᠤᠨ ᠲᠡᠦᠬᠡ ᠶᠢ ᠰᠤᠷᠤᠯᠴᠠᠵᠤ ᠬᠡᠦᠬᠡᠳ ᠰᠡᠳᠬᠢᠯ ᠬᠡᠵᠢᠶᠡᠳᠡ ᠨᠠᠮ ᠢᠶᠠᠨ ᠳᠠᠭᠠᠨ᠎ᠠ︾ ᠭᠤᠣᠯ ᠰᠡᠳᠦᠪᠲᠦ ᠬᠥᠮᠥᠵᠢᠯ ᠤᠨ ᠠᠵᠢᠯᠯᠠᠭ᠎ᠠ ᠥᠷᠨᠢᠭᠦᠯᠵᠦ᠂ ᠤᠯᠤᠰ ᠲᠥᠷᠥ ᠦᠵᠡᠯ ᠰᠠᠨᠠᠭᠠᠨ ᠤ ᠬᠢᠴᠢᠶᠡᠯ᠂ ᠬᠤᠪᠢᠰᠬᠠᠯ ᠤᠨ ᠳᠠᠭᠤᠤ ᠳᠠᠭᠤᠯᠠᠬᠤ᠂ ᠭᠤᠣᠯ ᠰᠡᠳᠦᠪᠲᠦ ᠤᠷᠠᠨ ᠤᠩᠰᠢᠯᠭ᠎ᠠ᠂ ᠭᠢᠯᠪᠡᠭᠡᠨ ᠲᠣᠭᠯᠠᠯᠲᠠ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠢ ᠬᠠᠷᠠᠬᠠᠨ ᠪᠠᠭ᠎ᠠ ᠠᠴᠠ ᠪᠠᠨ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ ᠲᠠᠭᠠᠨ᠂ ᠳᠤᠮᠳᠠᠳᠤ ᠤᠯᠤᠰ ᠤᠨ ᠣᠨᠴᠠᠯᠢᠭᠲᠤ ᠨᠡᠶᠢᠭᠡᠮ ᠵᠢᠷᠤᠮ ᠤᠨ ᠦᠢᠯᠡᠰ ᠤᠨ ᠪᠦᠲᠦᠭᠡᠨ ᠪᠠᠶᠢᠭᠤᠯᠤᠯᠭᠴᠢ ᠪᠠ ᠵᠠᠯᠭᠠᠮᠵᠢᠯᠠᠭᠴᠢ ᠪᠣᠯᠣᠨ ᠦᠰᠦᠨ ᠪᠣᠶᠢᠵᠢᠬᠤ ᠶᠢ ᠬᠥᠲᠥᠯᠦᠨ ᠵᠢᠯᠣᠭᠤᠳᠴᠠᠢ᠃ ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号