ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ ᠲᠦᠷᠦᠬᠦᠬᠡᠨ ᠬᠥᠬᠡᠬᠤᠲᠠ ᠶᠢᠨ ᠬᠡᠰᠡᠭ ᠦᠯᠦ ᠬᠦᠳᠡᠯᠬᠦ | ᠬᠦᠷᠦᠩᠬᠡ ᠶᠢᠨ ᠲᠠᠩᠰᠠᠯᠠᠯᠳᠠ ᠶᠢᠨ ᠲᠢᠩᠬᠢᠮ ᠳᠤ ᠬᠠᠭᠤᠴᠢᠨ ᠬᠡᠷ ᠪᠠᠶᠢᠰᠢᠩ ᠢ ᠠᠷᠠᠯᠵᠢᠶᠠᠯᠠᠬᠤ ᠳᠤ ᠬᠡᠷ ᠪᠠᠶᠢᠰᠢᠩ ᠤᠨ ᠥᠮᠴᠢᠯᠡᠯ ᠤᠨ ᠡᠷᠬᠡ ᠪᠠ ᠤᠰᠤ᠂ | ᠴᠠᠬᠢᠯᠭᠠᠨ᠂ ᠰᠢᠲᠠᠮᠠᠬᠠᠢ ᠬᠡᠢ ᠶᠢ ᠵᠡᠷᠬᠡ ᠪᠠᠷ ᠠᠰᠠᠷ ᠪᠠᠶᠢᠰᠢᠩ ᠬᠤᠳᠠᠯᠳᠤᠨ ᠠᠪᠤᠬᠴᠢ ᠳᠤ ᠰᠢᠯᠵᠢᠬᠦᠯᠬᠦ ᠲᠤᠬᠠᠢᠢᠯᠠᠬᠰᠠᠨ ᠠᠵᠢᠯ ᠢ ᠬᠦᠢᠴᠡᠳᠬᠡᠵᠦ | ᠡᠬᠢᠯᠡᠭᠰᠡᠨ ᠪᠠᠶᠢᠨ᠎ᠠ᠃ | ᠤᠳᠤᠬᠠᠨ ᠳᠤ᠂ ᠬᠡᠷ ᠪᠠᠶᠢᠰᠢᠩ ᠤᠨ ᠥᠮᠴᠢᠯᠡᠯ ᠤᠨ ᠡᠷᠬᠡ ᠪᠠ ᠤᠰᠤ᠂ ᠴᠠᠬᠢᠯᠭᠠᠨ᠂ ᠰᠢᠲᠠᠮᠠᠬᠠᠢ ᠬᠡᠢ ᠶᠢ ᠵᠡᠷᠬᠡ ᠪᠠᠷ ᠭᠡᠷ ᠪᠠᠶᠢᠰᠢᠩ ᠬᠤᠳᠠᠯᠳᠤᠨ | ᠠᠪᠤᠬᠴᠢ ᠳᠤ ᠰᠢᠯᠵᠢᠬᠦᠯᠬᠦ ᠲᠤᠬᠠᠢᠢᠯᠠᠬᠰᠠᠨ ᠠᠵᠢᠯ ᠢ ᠬᠦᠢᠴᠡᠳᠬᠡᠵᠦ ᠲᠡᠶᠢᠯᠬᠦ ᠪᠤᠯᠤᠬᠰᠠᠨ ᠬᠦᠬᠡᠬᠤᠳᠠ ᠶᠢᠨ ᠦᠯᠦ ᠬᠦᠳᠡᠯᠬᠦ ᠬᠦᠷᠦᠩᠬᠡ ᠶᠢᠨ | ᠲᠠᠩᠰᠠᠯᠠᠯᠳᠠ ᠶᠢᠨ ᠲᠢᠩᠬᠢᠮ ᠳᠤ᠂ ᠬᠡᠷ ᠪᠠᠶᠢᠰᠢᠩ ᠬᠤᠳᠠᠯᠳᠤᠬᠴᠢ ᠭᠡᠷ ᠪᠠᠶᠢᠰᠢᠩ ᠤᠨ ᠥᠮᠴᠢᠯᠡᠯ ᠤᠨ ᠡᠷᠬᠡ ᠪᠠᠨ ᠬᠤᠳᠠᠯᠳᠤᠨ ᠠᠪᠤᠬᠴᠢ ᠳᠤ | ᠰᠢᠯᠵᠢᠬᠦᠯᠦᠭᠰᠡᠨ ᠤ ᠳᠠᠷᠠᠭ᠎ᠠ᠂ ᠲᠠᠷᠤᠢ ᠳᠤᠨᠢ ᠤᠰᠤ᠂ ᠴᠠᠬᠢᠯᠭᠠᠨ᠂ ᠰᠢᠲᠠᠮᠠᠬᠠᠢ ᠬᠡᠢ ᠶᠢ ᠬᠤᠳᠠᠯᠳᠤᠨ ᠠᠪᠤᠬᠴᠢ ᠳᠤ ᠰᠢᠯᠵᠢᠬᠦᠯᠬᠦ ᠲᠤᠬᠠᠢᠢᠯᠠᠬᠰᠠᠨ ᠠᠵᠢᠯ ᠢ | ᠬᠦᠢᠴᠡᠳᠬᠡᠵᠦ ᠲᠡᠶᠢᠯᠬᠦ ᠪᠤᠯᠵᠠᠢ᠃ ᠬᠠᠷᠢᠨ ᠦᠩᠬᠡᠷᠡᠭᠰᠡᠨ ᠳᠤ᠂ ᠭᠡᠷ ᠪᠠᠶᠢᠰᠢᠩ ᠤᠨ ᠥᠮᠴᠢᠯᠡᠯ ᠤᠨ ᠡᠷᠬᠡ ᠶᠢ ᠬᠤᠳᠠᠯᠳᠤᠨ ᠠᠪᠤᠬᠴᠢ ᠳᠤ | ᠰᠢᠯᠵᠢᠬᠦᠯᠦᠭᠰᠡᠨ ᠤ ᠳᠠᠷᠠᠭ᠎ᠠ᠂ ᠪᠠᠰᠠ ᠵᠠᠪᠠᠯ ᠤᠰᠤ᠂ ᠴᠠᠬᠢᠯᠭᠠᠨ᠂ ᠰᠢᠲᠠᠮᠠᠬᠠᠢ ᠬᠡᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠲᠤᠰ ᠲᠤᠰ ᠬᠦᠷᠴᠤ | ᠬᠠᠮᠢᠶ᠎ᠠ ᠪᠦᠬᠦᠢ ᠬᠤᠪᠢᠷᠠᠭᠤᠯᠬᠤ ᠭᠠᠷᠳᠠᠮ ᠢ ᠬᠦᠢᠴᠡᠳᠬᠡᠬᠦ ᠴᠢᠬᠤᠯᠠᠲᠠᠢ ᠪᠠᠶᠢᠪᠠ᠃ ︽ᠨᠢᠬᠡ ᠶᠠᠪᠤᠳᠠᠯ ᠢ ᠨᠢᠭᠡ ᠯᠡ ᠤᠳᠠᠭ᠎ᠠ ᠳᠤ ᠬᠦᠢᠴᠡᠳᠬᠡᠬᠦ︾ | ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠤᠨ᠂ ᠤᠯᠠᠨ ᠲᠦᠮᠡᠨ ᠤ ᠶᠠᠪᠤᠳᠠᠯ ᠬᠦᠢᠴᠡᠳᠬᠡᠬᠦ ᠳᠤ ᠨᠡᠩ ᠶᠡᠭᠡ ᠳᠥᠭᠦᠮ ᠦᠵᠡᠭᠦᠯᠬᠦ ᠶᠢᠨ ᠲᠦᠯᠦᠬᠡ᠂ | ᠬᠥᠬᠡᠬᠤᠲᠠ ᠡᠯ᠎ᠡ ᠰᠠᠯᠠᠭ᠎ᠠ ᠮᠥᠴᠢᠷ ᠤᠨ ᠡᠬᠢ ᠪᠠᠶᠠᠯᠢᠭ ᠢᠶᠠᠨ ᠨᠡᠶᠢᠳᠬᠡᠵᠦ᠂ ᠤᠰᠤ᠂ ᠴᠠᠬᠢᠯᠭᠠᠨ᠂ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ ᠳᠤ ᠤᠷᠤᠭᠤᠯᠤᠨ ᠠᠪᠴᠢᠷᠠᠵᠦ᠂ ᠤᠯᠠᠨ ᠲᠦᠮᠡᠨ ᠤ | ᠬᠠᠭᠤᠴᠢᠨ ᠬᠡᠷ ᠪᠠᠶᠢᠰᠢᠩ ᠠᠷᠠᠯᠵᠢᠶᠠᠯᠠᠬᠤ ᠳᠤ ᠭᠡᠷ ᠪᠠᠶᠢᠰᠢᠩ ᠤᠨ ᠥᠮᠴᠢᠯᠡᠯ ᠤᠨ ᠡᠷᠬᠡ ᠪᠠᠨ ᠬᠤᠳᠠᠯᠳᠤᠨ ᠠᠪᠤᠬᠴᠢ ᠳᠤ ᠰᠢᠯᠵᠢᠬᠦᠯᠬᠦ ᠶᠢᠨ ᠬᠠᠮᠳᠤ ᠳᠤᠨᠢ᠂ | ᠤᠰᠤ᠂ ᠴᠠᠬᠢᠯᠭᠠᠨ᠂ ᠰᠢᠲᠠᠮᠠᠬᠠᠢ ᠬᠡᠢ ᠶᠢ ᠬᠤᠳᠠᠯᠳᠤᠨ ᠠᠪᠤᠬᠴᠢ ᠳᠤ ᠰᠢᠯᠵᠢᠬᠦᠯᠬᠦ ᠵᠢᠴᠢ ᠰᠦᠢᠳᠬᠡᠯ ᠲᠤᠰᠢᠶᠠᠬᠤ ᠲᠤᠬᠠᠢᠢᠯᠠᠬᠰᠠᠨ ᠠᠵᠢᠯ ᠢ ᠵᠡᠷᠬᠡ ᠪᠠᠷ | ᠬᠦᠢᠴᠡᠳᠬᠡᠬᠦ ᠶᠢ ᠪᠡᠶᠡᠯᠡᠬᠦᠯᠦᠭᠰᠡᠨ ᠪᠠᠶᠢᠨ᠎ᠠ᠃ | ᠵᠢᠱᠢᠯᠳᠡ ᠪᠠᠷ᠂ 3 ᠰᠠᠷ᠎ᠠ ᠶᠢᠨ ᠰᠡᠬᠦᠯᠴᠢ ᠪᠣᠯᠲᠠᠯ᠎ᠠ᠂ ᠬᠦᠬᠡᠬᠤᠳᠠ ᠶᠢᠨ ᠡᠯ᠎ᠡ ᠦᠯᠦ ᠬᠦᠳᠡᠯᠬᠦ ᠬᠦᠷᠦᠩᠬᠡ ᠶᠢᠨ ᠲᠠᠩᠰᠠᠯᠠᠯᠳᠠ ᠶᠢᠨ ᠲᠢᠩᠬᠢᠮ ᠤᠨ | ᠬᠢᠨ ᠭᠡᠷ ᠪᠠᠶᠢᠰᠢᠩ ᠤᠨ ᠥᠮᠴᠢᠯᠡᠯ ᠤᠨ ᠡᠷᠬᠡ ᠪᠠ ᠤᠰᠤ᠂ ᠴᠠᠬᠢᠯᠭᠠᠨ᠂ ᠰᠢᠲᠠᠮᠠᠬᠠᠢ ᠬᠡᠢ ᠶᠢ ᠵᠡᠷᠭᠡ ᠪᠠᠷ ᠬᠤᠳᠠᠯᠳᠤᠨ ᠠᠪᠤᠬᠴᠢ ᠳᠤ ᠰᠢᠯᠵᠢᠬᠦᠯᠬᠦ | ᠲᠤᠬᠠᠢᠢᠯᠠᠬᠰᠠᠨ ᠠᠵᠢᠯ ᠢ ᠬᠦᠢᠴᠡᠳᠬᠡᠬᠦ ᠶᠢ ᠪᠡᠶᠡᠯᠡᠬᠦᠯᠬᠦ ᠪᠣᠯᠣᠨ᠎ᠠ᠃ |