| | | ᠪᠥᠬᠦ ᠬᠤᠲᠠ ᠶᠢᠨ ᠪᠣᠯᠪᠠᠰᠤᠨ ᠵᠠᠮ ᠬᠠᠷᠢᠯᠴᠠᠭ᠎ᠠ ᠶᠢ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠶᠢᠨ | ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠰᠢᠶᠠᠨ ᠤ ᠪᠣᠯᠪᠠᠰᠤᠨ ᠵᠠᠮ ᠬᠠᠷᠢᠯᠴᠠᠭ᠎ᠠ ᠶᠢ ᠴᠡᠭᠴᠡᠯᠡᠨ | ᠰᠠᠶᠢᠵᠢᠷᠠᠭᠤᠯᠬᠤ ᠠᠵᠢᠯᠯᠠᠭ᠎ᠠ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠪᠣᠯᠪᠠᠰᠤᠨ ᠵᠠᠮ ᠬᠠᠷᠢᠯᠴᠠᠭ᠎ᠠ ᠶᠢ | ᠴᠡᠭᠴᠡᠯᠡᠨ ᠵᠠᠰᠠᠬᠤ ︽ᠠᠷᠪᠠᠨ ᠶᠡᠭᠡ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ | ᠳᠥᠯᠭᠢᠨ ᠠᠬᠢᠭᠤᠯᠪᠠ᠃ 3 ᠰᠠᠷ᠎ᠠ ᠶᠢᠨ 23 ᠤ ᠦᠳᠡ ᠶᠢᠨ ᠡᠮᠦᠨ᠎ᠡ᠂ ᠦᠴᠤᠸᠠᠨ ᠰᠢᠶᠠᠨ ᠪᠦᠬᠦ ᠰᠢᠶᠠᠨ ᠤ | ᠪᠣᠯᠪᠠᠰᠤᠨ ᠵᠠᠮ ᠬᠠᠷᠢᠯᠴᠠᠭ᠎ᠠ ᠶᠢ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠶᠢ ᠲᠠᠶᠢᠴᠢᠯᠠᠨ ᠪᠠᠶᠢᠷᠢᠯᠠᠭᠤᠯᠬᠤ ᠬᠤᠷᠠᠯ | ᠬᠤᠷᠠᠯᠳᠤᠭᠤᠯᠪᠠ᠃ | ᠬᠤᠷᠠᠯ ᠠᠴᠠ ︽ᠦᠴᠤᠸᠠᠨ ᠰᠢᠶᠠᠨ ᠤ ᠪᠣᠯᠪᠠᠰᠤᠨ ᠵᠠᠮ ᠬᠠᠷᠢᠯᠴᠠᠭ᠎ᠠ ᠶᠢ ᠴᠡᠭᠴᠡᠯᠡᠨ ᠰᠠᠶᠢᠵᠢᠷᠠᠭᠤᠯᠬᠤ | ᠠᠵᠢᠯᠯᠠᠭ᠎ᠠ ᠶᠢᠨ ᠲᠥᠰᠦᠯ︾ ᠢ ᠤᠩᠰᠢᠨ ᠨᠡᠶᠢᠲᠡᠯᠡᠪᠡ᠃ | ᠪᠣᠯᠪᠠᠰᠤᠨ ᠵᠠᠮ ᠬᠠᠷᠢᠯᠴᠠᠭ᠎ᠠ ᠶᠢ ᠴᠡᠭᠴᠡᠯᠡᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠬᠢᠨ ᠰᠠᠶᠢᠲᠤᠷ ᠠᠳᠬᠤᠬᠤ ᠲᠤᠬᠠᠶ | ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ | ᠯᠢᠦᠶ ᡁᠢ ᠭᠠᠩ ᠴᠢᠬᠤᠯᠠᠴᠢᠯᠠᠬᠤ ᠳᠠᠭᠠᠨ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠪᠣᠯᠪᠠᠰᠤᠨ ᠵᠠᠮ | ᠬᠠᠷᠢᠯᠴᠠᠭ᠎ᠠ ᠶᠢ ᠴᠡᠭᠴᠡᠯᠡᠨ ᠳᠡᠭᠡᠭᠰᠢᠯᠡᠭᠦᠯᠬᠦ ᠠᠵᠢᠯᠯᠠᠭ᠎ᠠ ᠶᠢᠨ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭ᠎ᠠ ᠶᠢᠨ | ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ︔ ᠨᠠᠶᠢᠳᠠᠪᠤᠷᠢᠵᠢᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ | ᠠᠳᠬᠤᠵᠤ᠂ ᠪᠣᠯᠪᠠᠰᠤᠨ ᠵᠠᠮ ᠬᠠᠷᠢᠯᠴᠠᠭ᠎ᠠ ᠶᠢ ᠴᠡᠭᠴᠡᠯᠡᠨ ᠳᠡᠭᠡᠭᠰᠢᠯᠡᠭᠦᠯᠬᠦ ᠠᠵᠢᠯᠯᠠᠭ᠎ᠠ ᠶᠢᠨ ᠡᠯ᠎ᠡ ᠵᠦᠢᠯ ᠤᠨ | ᠡᠭᠦᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠭᠤᠣᠯᠳᠠᠯᠭ᠎ᠠ ᠶᠢ | ᠲᠤᠪᠤᠶᠢᠯᠭᠠᠨ᠂ ᠬᠠᠮᠢᠶᠠᠷᠤᠯᠲᠠ ᠶᠢ ᠴᠢᠩᠭ᠎ᠠ ᠴᠢᠩᠭᠠᠳᠬᠠᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ | ᠪᠣᠯᠪᠠᠰᠤᠨ ᠵᠠᠮ ᠬᠠᠷᠢᠯᠴᠠᠭ᠎ᠠ᠂ ᠪᠣᠯᠪᠠᠰᠤᠨ ᠢᠶᠠᠷ ᠶᠠᠪᠤᠵᠤ ᠰᠠᠭᠤᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ | ᠪᠣᠯᠭᠠᠬᠤ ᠬᠡᠷᠡᠭᠲᠡᠢ︔ ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ ᠤᠳ ᠨᠢᠭᠲᠠ ᠬᠠᠮᠵᠢᠯᠴᠠᠵᠤ᠂ ᠪᠣᠯᠪᠠᠰᠤᠨ ᠵᠠᠮ | ᠬᠠᠷᠢᠯᠴᠠᠭ᠎ᠠ ᠶᠢ ᠴᠡᠭᠴᠡᠯᠡᠨ ᠳᠡᠭᠡᠭᠰᠢᠯᠡᠭᠦᠯᠬᠦ ᠠᠵᠢᠯᠯᠠᠭ᠎ᠠ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠶ ᠭᠡᠪᠡ | ᠃ | ᠯᠢᠦᠶ ᡁᠢ ᠭᠠᠩ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠢᠨ ᠶᠡᠭᠡ ᠲᠠᠯ᠎ᠠ ᠶᠢᠨ ᠤᠬᠠᠮᠰᠠᠷ ᠢ ᠪᠣᠶ ᠪᠣᠯᠭᠠᠵᠤ᠂ ᠪᠦᠯᠬᠦᠮᠳᠡᠨ ᠨᠢᠭᠲᠠᠷᠠᠵᠤ᠂ ᠳᠡᠭᠡᠳᠦ ᠳᠣᠤᠷᠠᠳᠤ | ᠱᠠᠲᠤ ᠪᠠᠷ ᠢᠶᠠᠨ ᠴᠢᠷᠮᠠᠶᠢᠵᠤ᠂ ᠨᠢᠭᠲᠠ ᠬᠠᠮᠵᠢᠯᠴᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠭᠦᠷᠭᠡ | ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠨ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠳᠡᠭᠡᠨ ᠴᠢᠳᠠᠮᠠᠭᠠᠶ | ᠪᠠᠶᠢᠵᠤ᠂ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ | ᠦᠨᠡᠨ ᠬᠦ ᠪᠠᠲᠤᠯᠠᠵᠤ᠂ ᠮᠠᠨ ᠤ ᠰᠢᠶᠠᠨ ᠤ ᠪᠥᠬᠦ ᠣᠷᠣᠨ ᠤ ᠪᠣᠯᠪᠠᠰᠤᠨ ᠰᠢᠶᠠᠨ ᠤ ᠬᠤᠲᠠ ᠶᠢ ᠡᠭᠦᠳᠦᠨ | ᠪᠠᠶᠢᠭᠤᠯᠬᠤ ᠳᠤ ᠬᠦᠴᠦᠨ ᠴᠢᠳᠠᠯ ᠢᠶᠠᠨ ᠨᠡᠮᠡᠷᠢᠯᠡᠵᠦ᠂ ᠣᠷᠣᠨ ᠤ ᠲᠥᠪ ᠤᠨ ᠪᠥᠬᠦ ᠤᠯᠤᠰ ᠤᠨ ᠪᠣᠯᠪᠠᠰᠤᠨ | ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠶ ᠭᠡᠪᠡ᠃ | |