ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠤᠬᠠᠭᠤᠯᠤᠨ ᠰᠤᠷᠲᠠᠯᠴᠢᠯᠠᠬᠤ ᠪᠦᠯᠬᠦᠮ ᠮᠠᠨ ᠤ ᠬᠤᠲᠠ ᠳᠤ ᠲᠤᠰᠬᠠᠢ ᠰᠤᠷᠲᠠᠯᠴᠢᠯᠠᠭ᠎ᠠ ᠬᠢᠪᠡ
ᠨᠡᠶᠢᠲᠡᠯᠡᠭᠰᠡᠨ ᠴᠠᠭ᠄
2021/3/31
      ︵ᠰᠤᠷᠪᠤᠯᠵᠢᠯᠠᠭᠴᠢ ᠯᠢᠤᠢ ᠬᠤᠢ ᠱᠧᠩ︶ 3 ᠳ᠋ᠤᠭᠠᠷ ᠰᠠᠷ᠎ᠠ ᠶᠢᠨ 30 ᠤ ᠣᠷᠣᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠤᠬᠠᠭᠤᠯᠤᠨ ᠰᠤᠷᠲᠠᠯᠴᠢᠯᠠᠬᠤ ᠪᠦᠯᠬᠦᠮ ᠮᠠᠨ ᠤ ᠬᠤᠲᠠ ᠳᠤ ᠲᠤᠰᠬᠠᠢ ᠰᠤᠷᠲᠠᠯᠴᠢᠯᠠᠭ᠎ᠠ ᠬᠢᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠤᠬᠠᠭᠤᠯᠤᠨ ᠰᠤᠷᠲᠠᠯᠴᠢᠯᠠᠬᠤ ᠪᠦᠯᠬᠦᠮ ᠤᠨ ᠭᠡᠰᠢᠭᠦᠨ᠂ ᠲᠣᠭᠤᠷᠢᠨ ᠵᠢᠯᠣᠭᠤᠳᠬᠤ ᠳᠤᠭᠤᠶᠢᠯᠠᠩ ᠤᠨ ᠭᠡᠰᠢᠭᠦᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠫᠷᠣᠹᠧᠰᠰᠣᠷ ᠰᠢᠦᠢ ᠴᠧᠩ ᠹᠠᠩ ︽ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠲᠤᠬᠠᠢ ᠶᠠᠷᠢᠶᠠᠨ ᠤ ᠵᠣᠷᠢᠭ ᠰᠠᠨᠠᠭ᠎ᠠ ᠶᠢᠨ ᠴᠢᠬᠤᠯᠠ ᠠᠭᠤᠯᠭ᠎ᠠ ᠶᠢ ᠪᠦᠷᠢᠨ ᠪᠦᠲᠦᠨ ᠣᠨᠣᠪᠴᠢᠲᠠᠢ ᠡᠵᠡᠮᠰᠢᠶ᠎ᠡ︾ ᠰᠡᠳᠦᠪ ᠢᠶᠠᠷ ᠰᠤᠷᠲᠠᠯᠴᠢᠯᠠᠭ᠎ᠠ ᠶᠢᠨ ᠮᠡᠳᠡᠭᠦᠯᠦᠯᠲᠡ ᠬᠢᠪᠡ᠃ ᠲᠡᠷᠡ ︽ᠶᠠᠭᠤᠨ ᠤ ᠲᠥᠯᠥᠭᠡ ᠰᠤᠷᠤᠯᠴᠠᠬᠤ᠂ ᠶᠠᠭᠤ ᠶᠢ ᠰᠤᠷᠤᠯᠴᠠᠬᠤ᠂ ᠶᠠᠭᠠᠬᠢᠵᠤ ᠰᠤᠷᠤᠯᠴᠠᠬᠤ᠂ ᠬᠦᠰᠡᠯ ᠨᠠᠶᠢᠳᠠᠪᠤᠷᠢ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ︾ ᠲᠠᠪᠤᠨ ᠲᠠᠯ᠎ᠠ ᠠᠴᠠ ᠨᠢᠭᠡᠨ ᠴᠠᠭ ᠤᠨ ᠴᠢᠨᠠᠷ ᠰᠠᠶᠢᠲᠠᠢ᠂ ᠥᠨᠳᠥᠷ ᠬᠢᠷᠢ ᠲᠦᠪᠰᠢᠨ ᠲᠠᠢ ᠰᠤᠷᠲᠠᠯᠴᠢᠯᠠᠭ᠎ᠠ ᠶᠢᠨ ᠬᠢᠴᠢᠶᠡᠯ ᠣᠷᠣᠵᠤ᠂ ᠠᠭᠤᠯᠭ᠎ᠠ ᠨᠢ ᠪᠦᠬᠦ ᠲᠠᠯ᠎ᠠ ᠶᠢ ᠬᠠᠮᠤᠷᠴᠤ ᠰᠢᠰᠲ᠋ᠧᠮ ᠲᠠᠢ᠂ ᠶᠣᠰᠣ ᠤᠰᠤ ᠲᠣᠳᠣᠷᠬᠠᠢ᠂ ᠭᠤᠣᠯᠳᠠᠯᠭ᠎ᠠ ᠶᠢ ᠳᠣᠪᠣᠶᠢᠯᠭᠠᠵᠤ᠂ ᠨᠠᠷᠢᠯᠢᠭ ᠣᠨᠣᠪᠴᠢᠲᠠᠢ᠂ ᠳᠥᠭᠦᠮ ᠣᠶᠢᠯᠠᠭᠠᠮᠵᠢᠲᠠᠢ ᠪᠠᠶᠢᠵᠤ᠂ ᠲᠤᠶᠢᠯ ᠤᠨ ᠴᠢᠩᠭ᠎ᠠ ᠬᠠᠨᠳᠤᠯᠭᠠᠲᠤ ᠴᠢᠨᠠᠷ ᠪᠠ ᠠᠰᠢᠭᠯᠠᠮᠵᠢ ᠲᠠᠢ ᠪᠣᠯᠪᠠ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ  ᠶᠢᠨ ᠫᠢᠩ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠬᠡᠯᠲᠡᠰ᠂ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠵᠢᠴᠢ ᠬᠤᠲᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠤᠬᠠᠭᠤᠯᠤᠨ ᠰᠤᠷᠲᠠᠯᠴᠢᠯᠠᠬᠤ ᠪᠦᠯᠬᠦᠮ ᠤᠨ ᠭᠡᠰᠢᠭᠦᠳ ᠬᠠᠮᠲᠤ ᠪᠠᠷ ᠰᠤᠷᠲᠠᠯᠴᠢᠯᠠᠭ᠎ᠠ ᠶᠢ ᠰᠣᠨᠣᠰᠪᠠ᠃      ᠰᠤᠷᠲᠠᠯᠴᠢᠯᠠᠭ᠎ᠠ ᠶᠢᠨ ᠮᠡᠳᠡᠭᠦᠯᠦᠯᠲᠡ ᠳᠤ ᠱᠠᠭᠠᠷᠳᠠᠭᠰᠠᠨ ᠨᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠢᠶᠠᠷ ᠳᠠᠮᠵᠢᠨ᠂ ᠨᠠᠮ ᠤᠨ ᠲᠡᠷᠢᠭᠦᠨ ᠤ ᠤᠯᠤᠰ ᠲᠥᠷᠥ ᠶᠢᠨ ᠰᠢᠨᠵᠢ ᠲᠡᠮᠳᠡᠭ᠂ ᠡᠷᠬᠢᠮ ᠳᠡᠭᠡᠳᠦ ᠤᠯᠤᠰ ᠲᠥᠷᠥ ᠶᠢᠨ ᠬᠦᠰᠡᠯᠡᠩ᠂ ᠡᠷᠬᠢᠮ ᠳᠡᠭᠡᠳᠦ ᠤᠯᠤᠰ ᠲᠥᠷᠥ ᠶᠢᠨ ᠬᠥᠭᠡᠭᠡᠴᠡᠯᠳᠦᠯ᠂ ᠴᠡᠪᠡᠷ ᠠᠷᠢᠭᠤᠨ ᠤᠯᠤᠰ ᠲᠥᠷᠥ ᠶᠢᠨ ᠬᠡᠪ ᠪᠣᠯᠪᠠᠰᠤᠷᠠᠯ ᠢ ᠭᠦᠨᠵᠡᠭᠡᠢ ᠲᠠᠨᠢᠵᠤ᠂ ᠬᠤᠪᠢᠰᠬᠠᠯ ᠤᠨ ᠭᠧᠨ ᠢ ᠤᠯᠠᠮᠵᠢᠯᠠᠨ᠂ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠵᠤ᠂ ᠡᠪ ᠬᠠᠮᠲᠤᠴᠤᠳ ᠤᠨ ᠦᠵᠡᠯ ᠰᠠᠨᠠᠭᠠᠨ ᠤ ᠠᠮᠢᠨ ᠰᠤᠳᠠᠰᠤ ᠶᠢ ᠦᠷᠭᠦᠯᠵᠢᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠡᠦᠬᠡ ᠶᠢ ᠰᠤᠷᠤᠯᠴᠠᠨ ᠶᠣᠰᠣᠨ ᠢ ᠤᠬᠠᠭᠠᠷᠠᠵᠤ᠂ ᠲᠡᠦᠭᠡ ᠶᠢ ᠰᠤᠷᠤᠯᠴᠠᠨ ᠢᠲᠡᠭᠡᠯ ᠢᠶᠠᠨ ᠬᠥᠪᠴᠢᠯᠡᠵᠦ᠂ ᠲᠡᠦᠬᠡ ᠶᠢ ᠰᠤᠷᠤᠯᠴᠠᠨ ᠮᠤᠷᠠᠯ ᠢ ᠡᠷᠬᠢᠮᠯᠡᠵᠦ᠂ ᠲᠡᠦᠬᠡ ᠶᠢ ᠰᠤᠷᠤᠯᠴᠠᠨ ᠴᠢᠷᠮᠠᠶᠢᠨ ᠠᠵᠢᠯᠯᠠᠵᠤ᠂ ᠨᠠᠮ ᠤᠨ ᠲᠡᠦᠬᠡ ᠶᠢ ᠰᠤᠷᠤᠯᠴᠠᠨ᠂ ᠦᠵᠡᠯ ᠰᠠᠨᠠᠭ᠎ᠠ ᠶᠢ ᠣᠶᠢᠯᠠᠭᠠᠵᠤ᠂ ᠪᠣᠳᠠᠲᠠᠢ ᠠᠵᠢᠯ ᠬᠢᠵᠦ᠂ ᠰᠢᠨ᠎ᠡ ᠪᠠᠶᠢᠳᠠᠯ ᠢ ᠡᠬᠢᠯᠡᠭᠦᠯᠵᠦ᠂ ᠨᠡᠩ ᠢᠯᠡᠭᠦᠦ ᠥᠪᠡᠷ ᠤᠨ ᠤᠬᠠᠮᠰᠠᠷ ᠠᠴᠠ ᠪᠠᠨ ᠦᠵᠡᠯ ᠰᠠᠨᠠᠭᠠᠨ ᠳᠡᠭᠡᠷ᠎ᠡ ᠤᠯᠤᠰ ᠲᠥᠷᠥ ᠳᠡᠭᠡᠷ᠎ᠡ ᠦᠢᠯᠡ ᠠᠵᠢᠯᠯᠠᠭ᠎ᠠ ᠳᠡᠭᠡᠷ᠎ᠡ ᠰᠢ ᠶᠢᠨ ᠫᠢᠩ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠲᠥᠪ ᠬᠤᠲᠠ ᠶᠢᠨ ᠰᠢᠨ᠎ᠡ ᠠᠶᠠᠨ ᠳᠤ ᠡᠷᠡᠯᠬᠡᠭᠯᠡᠨ ᠲᠡᠮᠡᠴᠡᠬᠦ ᠠᠤᠭ᠎ᠠ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号