ᠦᠴᠤᠸᠠᠨ ᠰᠢᠶᠠᠨ ᠪᠦᠬᠦ ᠰᠢᠶᠠᠨ ᠤ ᠪᠣᠯᠪᠠᠰᠤᠨ ᠵᠠᠮ ᠬᠠᠷᠢᠯᠴᠠᠭ᠎ᠠ ᠶᠢ ᠴᠡᠭᠴᠡᠯᠡᠨ ᠳᠡᠭᠡᠭᠰᠢᠯᠡᠭᠦᠯᠬᠦ ᠠᠵᠢᠯᠯᠠᠭ᠎ᠠ ᠶᠢᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/31
     ᠪᠥᠬᠦ ᠬᠤᠲᠠ ᠶᠢᠨ ᠪᠣᠯᠪᠠᠰᠤᠨ ᠵᠠᠮ ᠬᠠᠷᠢᠯᠴᠠᠭ᠎ᠠ ᠶᠢ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠰᠢᠶᠠᠨ ᠤ ᠪᠣᠯᠪᠠᠰᠤᠨ ᠵᠠᠮ ᠬᠠᠷᠢᠯᠴᠠᠭ᠎ᠠ ᠶᠢ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠪᠣᠯᠪᠠᠰᠤᠨ ᠵᠠᠮ ᠬᠠᠷᠢᠯᠴᠠᠭ᠎ᠠ ᠶᠢ ᠴᠡᠭᠴᠡᠯᠡᠨ ᠵᠠᠰᠠᠬᠤ ︽ᠠᠷᠪᠠᠨ ᠶᠡᠭᠡ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃ 3 ᠰᠠᠷ᠎ᠠ ᠶᠢᠨ 23 ᠤ ᠦᠳᠡ ᠶᠢᠨ ᠡᠮᠦᠨ᠎ᠡ᠂ ᠦᠴᠤᠸᠠᠨ ᠰᠢᠶᠠᠨ ᠪᠦᠬᠦ ᠰᠢᠶᠠᠨ ᠤ ᠪᠣᠯᠪᠠᠰᠤᠨ ᠵᠠᠮ ᠬᠠᠷᠢᠯᠴᠠᠭ᠎ᠠ ᠶᠢ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠶᠢ ᠲᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ᠃      ᠬᠤᠷᠠᠯ ᠠᠴᠠ ︽ᠦᠴᠤᠸᠠᠨ ᠰᠢᠶᠠᠨ ᠤ ᠪᠣᠯᠪᠠᠰᠤᠨ ᠵᠠᠮ ᠬᠠᠷᠢᠯᠴᠠᠭ᠎ᠠ ᠶᠢ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠶᠢᠨ ᠲᠥᠰᠦᠯ︾ ᠢ ᠤᠩᠰᠢᠨ ᠨᠡᠶᠢᠲᠡᠯᠡᠪᠡ᠃ ᠪᠣᠯᠪᠠᠰᠤᠨ ᠵᠠᠮ ᠬᠠᠷᠢᠯᠴᠠᠭ᠎ᠠ ᠶᠢ ᠴᠡᠭᠴᠡᠯᠡᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠬᠢᠨ ᠰᠠᠶᠢᠲᠤᠷ ᠠᠳᠬᠤᠬᠤ ᠲᠤᠬᠠᠶ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢᠦᠶ ᡁᠢ ᠭᠠᠩ ᠴᠢᠬᠤᠯᠠᠴᠢᠯᠠᠬᠤ ᠳᠠᠭᠠᠨ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠪᠣᠯᠪᠠᠰᠤᠨ ᠵᠠᠮ ᠬᠠᠷᠢᠯᠴᠠᠭ᠎ᠠ ᠶᠢ ᠴᠡᠭᠴᠡᠯᠡᠨ ᠳᠡᠭᠡᠭᠰᠢᠯᠡᠭᠦᠯᠬᠦ ᠠᠵᠢᠯᠯᠠᠭ᠎ᠠ ᠶᠢᠨ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ︔ ᠨᠠᠶᠢᠳᠠᠪᠤᠷᠢᠵᠢᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠪᠣᠯᠪᠠᠰᠤᠨ ᠵᠠᠮ ᠬᠠᠷᠢᠯᠴᠠᠭ᠎ᠠ ᠶᠢ ᠴᠡᠭᠴᠡᠯᠡᠨ ᠳᠡᠭᠡᠭᠰᠢᠯᠡᠭᠦᠯᠬᠦ ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠭᠤᠣᠯᠳᠠᠯᠭ᠎ᠠ ᠶᠢ ᠲᠤᠪᠤᠶᠢᠯᠭᠠᠨ᠂ ᠬᠠᠮᠢᠶᠠᠷᠤᠯᠲᠠ ᠶᠢ ᠴᠢᠩᠭ᠎ᠠ ᠴᠢᠩᠭᠠᠳᠬᠠᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠣᠯᠪᠠᠰᠤᠨ ᠵᠠᠮ ᠬᠠᠷᠢᠯᠴᠠᠭ᠎ᠠ᠂ ᠪᠣᠯᠪᠠᠰᠤᠨ ᠢᠶᠠᠷ ᠶᠠᠪᠤᠵᠤ ᠰᠠᠭᠤᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ︔ ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ ᠤᠳ ᠨᠢᠭᠲᠠ ᠬᠠᠮᠵᠢᠯᠴᠠᠵᠤ᠂ ᠪᠣᠯᠪᠠᠰᠤᠨ ᠵᠠᠮ ᠬᠠᠷᠢᠯᠴᠠᠭ᠎ᠠ ᠶᠢ ᠴᠡᠭᠴᠡᠯᠡᠨ ᠳᠡᠭᠡᠭᠰᠢᠯᠡᠭᠦᠯᠬᠦ ᠠᠵᠢᠯᠯᠠᠭ᠎ᠠ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠶ ᠭᠡᠪᠡ᠃      ᠯᠢᠦᠶ ᡁᠢ ᠭᠠᠩ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢᠨ ᠤᠬᠠᠮᠰᠠᠷ ᠢ ᠪᠣᠶ ᠪᠣᠯᠭᠠᠵᠤ᠂ ᠪᠦᠯᠬᠦᠮᠳᠡᠨ ᠨᠢᠭᠲᠠᠷᠠᠵᠤ᠂ ᠳᠡᠭᠡᠳᠦ ᠳᠣᠤᠷᠠᠳᠤ ᠱᠠᠲᠤ ᠪᠠᠷ ᠢᠶᠠᠨ ᠴᠢᠷᠮᠠᠶᠢᠵᠤ᠂ ᠨᠢᠭᠲᠠ ᠬᠠᠮᠵᠢᠯᠴᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠨ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠳᠡᠭᠡᠨ ᠴᠢᠳᠠᠮᠠᠭᠠᠶ ᠪᠠᠶᠢᠵᠤ᠂ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠮᠠᠨ ᠤ ᠰᠢᠶᠠᠨ ᠤ ᠪᠥᠬᠦ ᠣᠷᠣᠨ ᠤ ᠪᠣᠯᠪᠠᠰᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠨᠡᠮᠡᠷᠢᠯᠡᠵᠦ᠂ ᠣᠷᠣᠨ ᠤ ᠲᠥᠪ ᠤᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠶ ᠭᠡᠪᠡ᠃
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ