2 ᠳ᠋ᠤᠭᠠᠷ ᠰᠠᠷ᠎ᠠ ᠶᠢᠨ 28 ᠤ ᠡᠳᠦᠷ ᠠᠴᠠ 3 ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ᠂ ᠰᠢᠶᠠᠨ ᠤ | ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠵᠠᠩ ᠺᠧ ᠯᠢᠩ ᠬᠤᠲᠠ | ᠪᠠᠯᠭᠠᠰᠤᠨ ᠳᠤ ᠭᠦᠨᠵᠡᠭᠡᠶᠢᠷᠡᠨ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ | ᠰᠤᠳᠤᠯᠪᠠ᠃ | ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠵᠠᠩ ᠺᠧ ᠯᠢᠩ ᠨᠡᠷ ᠲᠤᠬᠠᠶ ᠶᠢᠨ ᠭᠠᠵᠠᠷ ᠲᠤᠨᠢ ᠦᠵᠡᠬᠦ᠂ | ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠬᠤ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠶᠢ ᠠᠪᠴᠤ᠂ ᠰᠢᠶᠠᠨ ᠤ | ᠬᠤᠲᠠ ᠶᠢᠨ ᠪᠠᠷᠠᠭᠤᠨ ᠬᠤᠶᠢᠲᠤ ᠶᠢᠨ ᠣᠷᠣᠵᠤ ᠭᠠᠷᠬᠤ ᠭᠠᠵᠠᠷ᠂ ᠪᠠᠶᠠᠷᠲᠤ ᠬᠤᠲᠠ ᠶᠢᠨ ᠲᠥᠷᠥᠯ ᠵᠦᠢᠯ᠂ ᠪᠣᠬᠢᠷ | ᠤᠰᠤ ᠰᠢᠢᠳᠪᠦᠷᠢᠯᠡᠬᠦ ᠦᠢᠯᠡᠳᠪᠦᠷᠢ᠂ ᠱᠧᠩ ᠴᠢᠤᠸᠠᠨ ᠬᠥᠭᠦᠷᠭᠡ᠂ ᠰᠣᠶᠣᠯ ᠪᠡᠶ᠎ᠡ ᠶᠢᠨ ᠲᠠᠮᠢᠷ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠢᠴᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠤᠤᠯ ᠰᠡᠳᠦᠪᠲᠦ | ᠴᠡᠴᠡᠷᠯᠢᠭ ᠵᠡᠷᠭᠡ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠡᠯ᠎ᠡ ᠲᠥᠷᠥᠯ ᠵᠦᠢᠯ ᠢ ᠳᠥᠯᠭᠢᠨ | ᠠᠬᠢᠭᠤᠯᠵᠤ᠂ ᠡᠵᠡᠩᠨᠡᠵᠦ ᠪᠠᠶᠢᠭ᠎ᠠ ᠵᠡᠷᠭᠡ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ | ᠨᠠᠷᠢᠨ ᠣᠶᠢᠯᠠᠭᠠᠪᠠ᠃ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠳᠠᠭᠤᠰᠤᠭᠰᠠᠨ ᠤ ᠲᠠᠷᠠᠭ᠎ᠠ᠂ | ᠵᠠᠩ ᠺᠧ ᠯᠢᠩ ᠰᠢᠶᠠᠨ ᠤ ᠵᠠᠰᠠᠭ ᠤᠨ ᠣᠷᠳᠣᠨ ᠤ ᠬᠤᠷᠠᠯ ᠤᠨ ᠭᠡᠷ ᠲᠤ ᠪᠠᠶᠢᠴᠠᠭᠠᠨ ᠰᠤᠳᠤᠯᠤᠯᠲᠠ ᠬᠢᠬᠦ | ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠵᠠᠢ᠃ ᠰᠢᠶᠠᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠪᠥᠬᠦ ᠰᠢᠶᠠᠨ ᠤ ᠭᠤᠤᠯᠳᠠᠯᠭ᠎ᠠ ᠲᠠᠢ ᠬᠤᠲᠠ ᠶᠢᠨ ᠪᠥᠲᠥᠭᠡᠨ | ᠪᠠᠶᠢᠭᠤᠯᠤᠯᠲᠠ ᠶᠢᠨ ᠵᠦᠢᠯᠡᠰ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ | ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠪᠠ᠃ | ᠵᠠᠩ ᠺᠧ ᠯᠢᠩ ᠱᠠᠭᠠᠷᠳᠠᠭᠰᠠᠨ ᠨᠢ᠂ ᠨᠢᠭᠡ ᠳᠤ᠂ ᠲᠥᠪ ᠴᠢᠩᠭ᠎ᠠ ᠪᠠᠷ ᠬᠠᠨᠳᠤᠵᠤ᠂ ᠬᠤᠳᠠ ᠶᠢᠨ ᠪᠦᠳᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠨᠠᠷᠢᠨ ᠬᠢᠨᠠᠮᠠᠭᠠᠢ ᠰᠢᠯᠢᠳᠡᠭᠵᠢᠭᠦᠯᠬᠦ ᠬᠡᠷᠡᠭᠲᠡᠢ᠃ | ᠬᠠᠮᠢᠶ᠎ᠠ ᠪᠥᠬᠦᠶ ᠰᠠᠯᠠᠭ᠎ᠠ ᠮᠥᠴᠢᠷ ᠤᠳ ᠦᠨᠡᠨ ᠠᠴᠠ ᠵᠥᠪ ᠢ ᠡᠷᠢᠵᠦ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠠᠭᠠᠨ ᠳᠣᠭᠢᠷᠠᠭᠤᠯᠤᠨ᠂ ᠲᠥᠯᠥᠪᠵᠢᠭᠦᠯᠭᠡ ᠶᠢ ᠲᠡᠭᠦᠯᠳᠡᠷᠵᠢᠭᠦᠯᠬᠦ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠲᠥᠯᠥᠪᠵᠢᠭᠦᠯᠭᠡ ᠶᠢ ᠪᠣᠳᠠᠲᠠᠶ ᠳᠤ ᠨᠡᠶᠢᠴᠡᠭᠦᠯᠵᠦ᠂ ᠪᠣᠳᠠᠲᠤ ᠦᠷ᠎ᠡ ᠪᠦᠲᠦᠮᠵᠢ ᠲᠠᠢ ᠪᠣᠯᠭᠠᠬᠤ | ᠬᠡᠷᠡᠭᠲᠡᠶ᠃ ᠬᠤᠶᠠᠷ ᠲᠤ ᠬᠤᠳᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠬᠤ ᠬᠡᠷᠡᠭᠲᠡᠶ | ᠃ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ︽ᠵᠠᠮ ᠬᠠᠷᠢᠯᠴᠠᠭ᠎ᠠ︾᠂ ︽ᠵᠠᠬ᠎ᠠ | ᠳᠡᠯᠭᠡᠭᠦᠷ ᠤᠨ ᠬᠠᠮᠢᠶᠠᠷᠤᠯᠲᠠ︾᠂ ︽ᠵᠡᠭᠡᠯᠢ ᠳᠠᠭᠠᠤ ᠵᠠᠮ ᠡᠵᠡᠯᠡᠬᠦ︾᠂ ︽ᠰᠤᠷᠭᠠᠭᠤᠯᠢ ᠶᠢᠨ ᠬᠦᠷᠢᠶᠡᠨ ᠤ | ᠰᠤᠷᠭᠠᠭᠤᠯᠢ ᠳᠤ ᠣᠴᠢᠬᠤ ᠰᠤᠷᠭᠠᠭᠤᠯᠢ ᠲᠠᠷᠠᠬᠤ ᠵᠠᠮ ᠬᠠᠷᠢᠯᠴᠠᠭ᠎ᠠ︾ ᠵᠡᠷᠭᠡ ᠭᠤᠣᠯᠳᠠᠯᠭ᠎ᠠ ᠲᠠᠢ ᠠᠰᠠᠭᠤᠳᠠᠯ ᠢ | ᠬᠦᠴᠦᠯᠡᠨ ᠰᠢᠢᠳᠪᠦᠷᠢᠯᠡᠬᠦ ᠬᠡᠷᠡᠭᠲᠡᠢ᠃ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠰᠬᠠᠶ ᠰᠡᠳᠦᠪᠲᠦ | ᠬᠥᠮᠦᠵᠢᠯ ᠢ ᠥᠷᠨᠢᠭᠦᠯᠬᠦ ᠶᠢᠨ ᠬᠠᠮᠲᠤ ᠬᠠᠤᠯᠢ ᠶᠢ ᠴᠢᠩᠭ᠎ᠠ ᠬᠡᠷᠡᠭᠵᠢᠭᠦᠯᠵᠦ᠂ ᠠᠷᠠᠳ ᠲᠦᠮᠡᠨ ᠤ ᠡᠷᠬᠡ ᠠᠰᠢᠭ ᠢ | ᠬᠠᠮᠠᠭᠠᠯᠠᠬᠤ ᠬᠡᠷᠡᠭᠲᠡᠢ᠃ ᠭᠤᠷᠪᠠ ᠳᠤ᠂ ᠠᠷᠠᠳ ᠤᠯᠠᠨ ᠤ ᠬᠦᠰᠡᠯ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ | ᠥᠭᠴᠦ᠂ ᠨᠡᠭᠦᠷᠡᠰᠦᠨ ᠤ ᠵᠠᠬ᠎ᠠ ᠳᠡᠯᠭᠡᠭᠦᠷ ᠵᠡᠷᠭᠡ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ | ᠦᠨᠡᠨᠬᠦ ᠰᠢᠢᠳᠪᠦᠷᠢᠯᠡᠬᠦ ᠬᠡᠷᠡᠭᠲᠡᠢ᠃ ᠲᠦᠷᠪᠡ ᠳᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠢᠯᠠᠩᠭᠤᠶ᠎ᠠ ᠤᠯᠠᠨ ᠨᠡᠶᠢᠲᠡ ᠶᠢᠨ ᠲᠦᠷᠦᠯ ᠵᠦᠢᠯ ᠪᠣᠯᠤᠨ | ᠠᠷᠠᠳ ᠤᠨ ᠠᠮᠢᠳᠤᠷᠠᠯ ᠤᠨ ᠲᠦᠷᠦᠯ ᠵᠦᠢᠯ ᠳᠤ ᠨᠡᠩ ᠴᠤ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ | ᠪᠠᠶᠢᠷᠢᠯᠠᠭᠤᠯᠵᠤ᠂ ᠴᠠᠭ ᠲᠤᠬᠠᠢ ᠳᠤᠨᠢ ᠴᠢᠨᠠᠷ ᠴᠢᠨᠰᠠᠭ᠎ᠠ ᠶᠢ ᠪᠠᠲᠤᠯᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ᠲᠠᠪᠤ ᠳᠤ ᠬᠤᠳᠠᠯᠳᠤᠭᠠᠨ ᠤ ᠣᠷᠣᠨ ᠰᠠᠭᠤᠴᠠ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠪᠠᠷ ᠨᠡᠭᠡᠭᠡᠨ | ᠠᠰᠢᠭᠯᠠᠬᠤ ᠬᠡᠷᠡᠭᠲᠡᠶ᠃ ᠲᠥᠯᠥᠪᠵᠢᠭᠦᠯᠭᠡ ᠶᠢᠨ ᠺᠣᠮᠢᠰ ᠵᠢᠷᠤᠭ ᠢ ᠰᠠᠶᠢᠲᠤᠷ ᠬᠢᠨᠠᠵᠤ᠂ ᠪᠣᠭᠤᠮᠲᠠ ᠶᠢ ᠰᠠᠶᠢᠲᠤᠷ | ᠰᠠᠬᠢᠵᠤ᠂ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠶ᠃ ᠴᠢᠩ ᠱᠦᠢ ᠾᠧ ᠭᠤᠣᠯ ᠤᠨ ᠬᠡᠪ ᠨᠠᠮᠪᠠ ᠳᠤ | ᠨᠡᠶᠢᠴᠡᠭᠰᠡᠨ᠂ ᠠᠷᠠᠳ ᠤᠯᠠᠨ ᠤ ᠬᠦᠷᠢᠶᠡᠯᠡᠯ ᠢ ᠣᠯᠤᠭᠰᠠᠨ ᠨᠢᠭᠡ ᠪᠦᠯᠦᠭ ᠴᠢᠨᠠᠷ ᠰᠠᠶᠢᠲᠠᠶ ᠲᠠᠸᠠᠷ ᠤᠨ ᠭᠡᠷ | ᠪᠠᠶᠢᠰᠢᠩ ᠢ ᠲᠥᠯᠥᠪᠵᠢᠭᠦᠯᠦᠨ ᠪᠦᠳᠦᠭᠡᠨ ᠪᠠᠶᠢᠭᠤᠯᠬᠤ ᠬᠡᠷᠡᠭᠲᠡᠶ ᠭᠡᠵᠡᠢ᠃ | ᠵᠠᠩ ᠺᠧ ᠯᠢᠩ ᠴᠢᠬᠤᠯᠠᠴᠢᠯᠠᠭᠰᠠᠨ ᠨᠢ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠠᠵᠢᠯ ᠨᠢ ᠵᠠᠰᠠᠭ ᠤᠨ ᠣᠷᠳᠣᠨ ᠤ ᠲᠦᠷᠢ ᠲᠥᠷᠬᠦ ᠶᠢ ᠢᠯᠡᠷᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠲᠠᠢ ᠬᠤᠯᠪᠣᠭᠳᠠᠵᠤ᠂ ᠠᠷᠠᠳ ᠤᠯᠠᠨ ᠤ ᠬᠦᠰᠡᠯ ᠡᠷᠡᠮᠡᠯᠵᠡᠯ ᠲᠠᠢ ᠨᠢᠭᠲᠠ ᠬᠤᠯᠪᠣᠭᠳᠠᠨ᠎ᠠ᠃ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠨᠢ ᠨᠣᠭᠤᠭᠠᠷᠠᠭᠤᠯᠤᠯᠲᠠ᠂ ᠵᠠᠮ᠂ ᠲᠥᠪ ᠤᠨ ᠣᠷᠣᠨ | ᠬᠡᠰᠡᠭ ᠤᠨ ᠪᠥᠲᠥᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠰᠠᠶᠢᠵᠢᠷᠠᠯᠲᠠ᠂ ᠰᠠᠭᠤᠷᠢ ᠪᠡᠯᠡᠳᠬᠡᠮᠵᠢ ᠵᠡᠷᠭᠡ | ᠣᠯᠠᠨ ᠲᠠᠯ᠎ᠠ ᠳᠤ ᠬᠤᠯᠪᠣᠭᠳᠠᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠰᠠᠶᠢᠲᠤᠷ | ᠬᠢᠬᠦ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠬᠠᠷᠢᠯᠴᠠᠨ ᠬᠠᠮᠵᠢᠯᠴᠠᠵᠤ᠂ | ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠰᠢᠩᠭᠡᠭᠡᠨ ᠠᠪᠴᠤ᠂ ᠤᠯᠠᠨ ᠲᠦᠮᠡᠨ ᠢ ᠲᠠᠶᠢᠴᠢᠯᠠᠨ᠂ ᠬᠠᠮᠲᠤ ᠪᠠᠷ | ᠪᠠᠶᠢᠭᠤᠯᠤᠨ ᠬᠠᠮᠲᠤ ᠪᠠᠷ ᠡᠳ᠋ᠯᠡᠵᠦ᠂ ᠡᠯ᠎ᠡ ᠵᠦᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠲᠦᠯᠬᠢᠨ | ᠠᠬᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠵᠦ᠂ ᠰᠠᠶᠢᠨ | ᠡᠬᠢᠯᠡᠯᠲᠡ ᠲᠠᠢ ᠪᠣᠯᠭᠠᠬᠤ ᠪᠠᠷ ᠴᠢᠷᠮᠠᠶᠢᠵᠤ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠰᠢᠯᠢᠳᠡᠭ | ᠠᠮᠵᠢᠯᠲᠠ ᠪᠠᠷ ᠢᠶᠠᠨ ᠤᠭᠲᠤᠬᠤ ᠬᠡᠷᠡᠭᠲᠡᠶ ᠭᠡᠵᠡᠢ᠃ | ᠱᠢ ᠶᠦᠩ ᠫᠢᠩ᠂ ᠵᠠᠩ ᠮᠢᠨ ᠴᠦᠨ᠂ ᠴᠢ ᠵᠢᠶᠦ᠋ᠨ ᠬᠤ᠋᠂ ᠯᠢ ᠵᠢᠶᠦ᠋ᠨ ᠵᠡᠷᠭᠡ ᠰᠢᠶᠠᠨ ᠤ ᠤᠳᠤᠷᠢᠳᠤᠯᠭ᠎ᠠ | ᠵᠢᠴᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠶᠢᠴᠠᠭᠠᠨ ᠰᠤᠳᠤᠯᠵᠤ ᠶᠠᠷᠢᠯᠴᠠᠬᠤ | ᠬᠤᠷᠠᠯ ᠳᠤ ᠣᠷᠣᠯᠴᠠᠪᠠ᠃ |