ᠾᠧ ᠬᠠᠢ ᠳ᠋ᠦᠩ ᠬᠤᠷᠢᠨᠭᠡᠷ ᠰᠢᠨ᠎ᠡ ᠲᠣᠭᠤᠷᠢᠭ᠂ ᠤᠯᠤᠰ ᠤᠨ ᠲᠡᠰ ᠤᠨ ᠴᠠᠬᠢᠯᠭᠠᠨ ᠬᠦᠴᠦᠨ ᠤ ᠭᠤᠣᠯᠳᠠᠯᠭ᠎ᠠ ᠲᠠᠢ ᠲᠤᠷᠰᠢᠯᠲᠠ ᠶᠢᠨ ᠭᠡᠷ᠂ ᠮᠧᠩ ᠨᠢᠦ ᠪᠦᠯᠦᠭᠯᠡᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠵᠦ ᠠᠵᠤ ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠲᠥᠪ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/3/4
      ︵ᠰᠤᠷᠪᠤᠯᠵᠢᠯᠠᠭᠴᠢ ᠯᠢᠶᠠᠩ ᠵᠢᠩ ᠱᠤ᠋︶ 3 ᠳ᠋ᠤᠭᠠᠷ ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠢᠨᠭᠡᠷ ᠰᠢᠨ᠎ᠡ ᠲᠣᠭᠤᠷᠢᠭ᠂ ᠤᠯᠤᠰ ᠤᠨ ᠲᠡᠰ ᠤᠨ ᠴᠠᠬᠢᠯᠭᠠᠨ ᠬᠦᠴᠦᠨ ᠤ ᠭᠤᠣᠯᠳᠠᠯᠭ᠎ᠠ ᠲᠠᠢ ᠲᠤᠷᠰᠢᠯᠲᠠ ᠶᠢᠨ ᠭᠡᠷ᠂ ᠮᠧᠩ ᠨᠢᠦ ᠪᠦᠯᠦᠭᠯᠡᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠾᠧ ᠬᠠᠢ ᠳ᠋ᠦᠩ ᠨᠠᠷ ᠤᠷᠢᠳ ᠬᠤᠵᠢᠳ ᠬᠤᠷᠢᠨᠭᠡᠷ ᠰᠢᠨ᠎ᠡ ᠲᠣᠭᠤᠷᠢᠭ ᠤᠨ ᠤᠯᠤᠰ ᠤᠨ ᠭᠧᠨ ᠤ ᠪᠠᠶᠢᠴᠠᠭᠠᠨ ᠬᠡᠮᠵᠢᠬᠦ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠲᠥᠪ ︵ᠥᠪᠥᠷ ᠮᠣᠩᠭᠤᠯ︶ ᠤᠨ ᠪᠥᠸᠧ ᠣᠦ ᠠᠨᠠᠭᠠᠬᠤ ᠤᠬᠠᠭᠠᠨ ᠤ ᠪᠠᠶᠢᠴᠠᠭᠠᠨ ᠰᠢᠯᠭᠠᠬᠤ ᠭᠠᠵᠠᠷ᠂ ᠲᠦᠩ ᠹᠠᠩ ᠦᠢᠯᠡᠴᠢᠯᠡᠭᠦᠷ ᠦᠢᠯᠡᠳᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ᠂ ᠣᠶᠣᠨᠲᠣ ᠦᠢᠯᠡᠳᠬᠡᠯ ᠤᠨ ᠠᠵᠤ ᠦᠢᠯᠡᠰ ᠤᠨ ᠬᠦᠷᠢᠶᠡᠯᠡᠩ ᠤᠨ ᠥᠪᠥᠷ ᠮᠣᠩᠭᠤᠯ ᠤᠨ 5G ᠤᠨ ᠠᠵᠤ ᠦᠢᠯᠡᠰ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ᠂ ᠳ᠋ᠦᠩ ᠹᠠᠩ ᠬᠡᠲᠦ ᠪᠣᠳᠣᠯᠲᠠ ᠶᠢᠨ ᠥᠪᠥᠷ ᠮᠣᠩᠭᠤᠯ ᠤᠨ ᠬᠡᠲᠦ ᠶᠡᠭᠡ ᠲᠠᠷᠢᠬᠢ ᠲᠥᠷᠥᠯ ᠵᠦᠢᠯ ᠪᠠ ᠥᠪᠥᠷ ᠮᠣᠩᠭᠤᠯ ᠤᠨ ᠲᠢᠶᠠᠨ ᠾᠧ ᠬᠤᠰᠲᠠᠶ᠋ᠢᠨ ᠮᠠᠯᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠰᠢᠨᠵᠢᠯᠡᠭᠡ ᠰᠤᠳᠤᠯᠭᠠᠨ ᠤ ᠬᠥᠮᠥᠰ ᠲᠠᠢ ᠭᠦᠨᠵᠡᠭᠡᠢ ᠶᠠᠷᠢᠯᠴᠠᠪᠠ᠃ ᠾᠧ ᠬᠠᠢ ᠳ᠋ᠦᠩ ᠱᠠᠭᠠᠷᠳᠠᠬᠤ ᠳᠠᠭᠠᠨ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠪᠠ ᠬᠦᠷᠢᠶᠡᠯᠡᠩ ᠲᠣᠭᠤᠷᠢᠭ ᠦᠢᠯᠡᠴᠢᠯᠡᠭᠡ ᠶᠢᠨ ᠠᠰᠢᠭᠯᠠᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠣᠨᠣᠪᠴᠢᠲᠠᠢ ᠳᠡᠮᠵᠢᠬᠦ ᠪᠠᠨ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠪᠣᠳᠠᠲᠠᠢ ᠬᠦᠴᠢᠷᠳᠡᠯ ᠢ ᠰᠢᠢᠳᠪᠦᠷᠢᠯᠡᠨ᠂ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠂ ᠪᠥᠭᠡᠮᠨᠡᠷᠡᠨ ᠬᠥᠭᠵᠢᠬᠦ ᠦᠢᠯᠡᠴᠢᠯᠡᠭᠡ ᠶᠢ ᠳᠠᠷᠤᠢ ᠲᠦᠷᠭᠡᠨ ᠪᠦᠷᠢᠯᠳᠦᠭᠦᠯᠬᠦ ᠬᠡᠷᠡᠭᠲᠡᠢ ᠭᠡᠵᠡᠢ᠃       ᠥᠪᠥᠷ ᠮᠣᠩᠭᠤᠯ ᠤᠨ ᠴᠠᠬᠢᠯᠭᠠᠨ ᠬᠦᠴᠦᠨ ᠤ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠲᠣᠭᠤᠷᠢᠭ ᠲᠤ᠂ ᠾᠧ ᠬᠠᠢ ᠳ᠋ᠦᠩ ᠨᠠᠷ ᠥᠨᠳᠥᠷ ᠴᠠᠬᠢᠯᠭᠠᠨ ᠬᠦᠴᠦᠳᠡᠯᠲᠦ ᠲᠤᠷᠰᠢᠯᠲᠠ ᠶᠢᠨ ᠭᠡᠷ ᠪᠠ ᠴᠠᠬᠢᠯᠭᠠᠨ ᠡᠨᠧᠷᠭᠢ ᠶᠢᠨ ᠮᠠᠰ ᠤᠨ ᠲᠤᠭ᠎ᠠ ᠪᠠᠷᠢᠮᠲᠠ ᠶᠢ ᠣᠨᠣᠰᠢᠯᠠᠬᠤ ᠦᠨᠡᠯᠡᠬᠦ ᠵᠠᠳᠠᠯᠬᠤ ᠵᠠᠭᠪᠤᠷ ᠬᠢᠭᠡᠳ ᠡᠵᠡᠩᠨᠡᠯᠲᠡ ᠶᠢᠨ ᠬᠢᠨᠠᠨ ᠬᠡᠮᠵᠢᠬᠦ ᠬᠡᠷᠡᠭᠯᠡᠭᠡᠨ ᠤ ᠵᠢᠷᠤᠭᠲᠤ ᠲᠠᠪᠴᠠᠩ ᠢ ᠲᠣᠭᠤᠷᠢᠨ ᠦᠵᠡᠵᠦ᠂ ᠤᠯᠤᠰ ᠤᠨ ᠲᠡᠰ ᠤᠨ ᠴᠠᠬᠢᠯᠭᠠᠨ ᠬᠦᠴᠦᠨ ᠤ ᠭᠤᠣᠯᠳᠠᠯᠭ᠎ᠠ ᠲᠠᠢ ᠲᠤᠷᠰᠢᠯᠲᠠ ᠶᠢᠨ ᠭᠡᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠾᠧ ᠬᠠᠢ ᠳ᠋ᠦᠩ ᠵᠢᠭᠠᠬᠤ ᠳᠠᠭᠠᠨ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠭᠦᠯᠬᠦ ᠶᠢ ᠲᠦᠷᠭᠡᠳᠬᠡᠨ᠂ ᠴᠡᠪᠡᠷ ᠥᠨᠳᠥᠷ ᠠᠰᠢᠭᠯᠠᠮᠵᠢ ᠲᠠᠢ ᠡᠨᠧᠷᠭᠢ ᠶᠢ ᠠᠷᠪᠢᠯᠠᠵᠤ ᠭᠠᠳᠠᠭᠰᠢᠯᠠᠭᠤᠯᠤᠯᠲᠠ ᠶᠢ ᠪᠠᠭᠠᠰᠬᠠᠬᠤ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠠᠵᠤ ᠠᠬᠤᠶᠢᠯᠠᠯ ᠭᠠᠵᠠᠷ ᠣᠷᠣᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠡᠷᠴᠢᠮ ᠬᠦᠴᠦᠲᠡᠢ ᠨᠠᠶᠢᠳᠠᠪᠤᠷᠢᠲᠠᠢ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠵᠤ᠂ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃      ᠮᠧᠩ ᠨᠢᠦ ᠪᠦᠯᠦᠭᠯᠡᠯ ᠳᠤ᠂ ᠾᠧ ᠬᠠᠢ ᠳ᠋ᠦᠩ ᠮᠧᠩ ᠨᠢᠦ ᠰᠦ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠠᠬᠢᠭᠤᠯᠤᠯᠲᠠ ᠶᠢᠨ ᠬᠤᠷᠠᠯ ᠢ ᠡᠬᠢᠯᠡᠨ ᠬᠤᠷᠠᠯᠳᠤᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠨᠠᠷᠢᠨ ᠣᠶᠢᠯᠭᠠᠨ᠂ ᠲᠥᠷᠥᠯ ᠵᠦᠢᠯ ᠢ ᠠᠬᠢᠭᠤᠯᠬᠤ ᠳᠤᠮᠳᠠ ᠲᠤᠯᠭᠠᠷᠠᠭᠰᠠᠨ ᠬᠦᠴᠢᠷᠳᠡᠯ ᠢ ᠲᠤᠬᠠᠢ ᠶᠢᠨ ᠲᠠᠯᠠᠪᠠᠢ ᠳᠤ ᠵᠣᠬᠢᠴᠠᠭᠤᠯᠤᠨ ᠰᠢᠢᠳᠪᠦᠷᠢᠯᠡᠵᠦ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠪᠠ ᠴᠠᠭ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠦᠴᠢᠷ ᠠᠰᠠᠭᠤᠳᠠᠯ ᠢ ᠨᠢᠭᠡ ᠨᠢᠭᠡ ᠪᠠᠷ ᠰᠢᠢᠳᠪᠦᠷᠢᠯᠡᠨ᠂ ᠲᠥᠷᠥᠯ ᠵᠦᠢᠯ ᠤᠨ ᠠᠬᠢᠭᠤᠯᠤᠯᠲᠠ ᠶᠢ ᠲᠦᠷᠭᠡᠳᠬᠡᠪᠡ᠃ ᠾᠧ ᠬᠠᠢ ᠳ᠋ᠦᠩ ᠴᠢᠬᠤᠯᠠᠴᠢᠯᠠᠬᠤ ᠳᠠᠭᠠᠨ᠂ ᠬᠠᠷᠠᠯᠲᠠ ᠪᠠᠷ ᠤᠳᠤᠷᠢᠳᠤᠮᠵᠢ ᠪᠣᠯᠭᠠᠨ᠂ ᠲᠣᠭᠲᠠᠭᠰᠠᠨ ᠡᠭᠦᠷᠭᠡ ᠬᠠᠷᠠᠯᠲᠠ ᠪᠠ ᠴᠠᠭ ᠤᠨ ᠵᠠᠩᠭᠢᠯᠠᠭ᠎ᠠ ᠶᠣᠰᠣᠭᠠᠷ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠲᠣᠬᠢᠷᠠᠭᠤᠯᠵᠤ᠂ ᠵᠢᠷᠤᠭ ᠡᠯᠭᠦᠨ ᠪᠠᠶᠢᠯᠳᠤᠵᠤ᠂ ᠬᠠᠮᠵᠢᠯᠴᠠᠵᠤ ᠵᠣᠬᠢᠴᠠᠯᠳᠤᠬᠤ ᠪᠠᠨ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠨ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠡᠷᠲᠡ ᠡᠳᠦᠷ ᠦᠢᠯᠡᠳᠪᠦᠷᠢᠯᠡᠯ ᠢᠶᠠᠨ ᠪᠡᠶᠡᠯᠡᠭᠦᠯᠵᠦ ᠦᠷ᠎ᠡ ᠪᠦᠲᠦᠮᠵᠢ ᠣᠯᠬᠤ ᠶᠢ ᠶᠠᠰᠤ ᠴᠢᠨᠠᠷ ᠢ ᠪᠠᠲᠤᠯᠠᠨ ᠲᠤᠭ᠎ᠠ ᠬᠡᠮᠵᠢᠶ᠎ᠡ ᠶᠢ ᠪᠠᠲᠤᠯᠠᠨ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠬᠤᠲᠠ ᠶᠢᠨ ᠳᠡᠳ᠋ ᠳᠠᠷᠤᠭ᠎ᠠ ᠶᠦᠨ ᠰᠢᠨ ᠮᠢᠩ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠤ᠋ ᠵᠢᠶᠠᠨ ᠭᠥᠸᠧ᠂ ᠬᠤᠤ ᠳ᠋ᠠᠩ ᠵᠧᠩ᠂ ᠱᠢ ᠸᠧᠨ ᠢᠦᠢ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠪᠠᠷ᠎ᠠ ᠪᠣᠯᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号