ᠵᠠᠩ ᠺᠧ ᠯᠢᠩ ᠪᠦᠬᠦ ᠰᠢᠶᠠᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/3/4
      2 ᠳ᠋ᠤᠭᠠᠷ ᠰᠠᠷ᠎ᠠ ᠶᠢᠨ 28 ᠤ ᠡᠳᠦᠷ ᠠᠴᠠ 3 ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠵᠠᠩ ᠺᠧ ᠯᠢᠩ ᠬᠤᠲᠠ ᠪᠠᠯᠭᠠᠰᠤᠨ ᠳᠤ ᠭᠦᠨᠵᠡᠭᠡᠶᠢᠷᠡᠨ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠵᠠᠩ ᠺᠧ ᠯᠢᠩ ᠨᠡᠷ ᠲᠤᠬᠠᠶ ᠶᠢᠨ ᠭᠠᠵᠠᠷ ᠲᠤᠨᠢ ᠦᠵᠡᠬᠦ᠂ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠬᠤ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠶᠢ ᠠᠪᠴᠤ᠂ ᠰᠢᠶᠠᠨ ᠤ ᠬᠤᠲᠠ ᠶᠢᠨ ᠪᠠᠷᠠᠭᠤᠨ ᠬᠤᠶᠢᠲᠤ ᠶᠢᠨ ᠣᠷᠣᠵᠤ ᠭᠠᠷᠬᠤ ᠭᠠᠵᠠᠷ᠂ ᠪᠠᠶᠠᠷᠲᠤ ᠬᠤᠲᠠ ᠶᠢᠨ ᠲᠥᠷᠥᠯ ᠵᠦᠢᠯ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠱᠧᠩ ᠴᠢᠤᠸᠠᠨ ᠬᠥᠭᠦᠷᠭᠡ᠂ ᠰᠣᠶᠣᠯ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠢᠴᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠤᠤᠯ ᠰᠡᠳᠦᠪᠲᠦ ᠴᠡᠴᠡᠷᠯᠢᠭ ᠵᠡᠷᠭᠡ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠡᠯ᠎ᠡ ᠲᠥᠷᠥᠯ ᠵᠦᠢᠯ ᠢ ᠳᠥᠯᠭᠢᠨ ᠠᠬᠢᠭᠤᠯᠵᠤ᠂ ᠡᠵᠡᠩᠨᠡᠵᠦ ᠪᠠᠶᠢᠭ᠎ᠠ ᠵᠡᠷᠭᠡ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠪᠠ᠃ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠳᠠᠭᠤᠰᠤᠭᠰᠠᠨ ᠤ ᠲᠠᠷᠠᠭ᠎ᠠ᠂ ᠵᠠᠩ ᠺᠧ ᠯᠢᠩ ᠰᠢᠶᠠᠨ ᠤ ᠵᠠᠰᠠᠭ ᠤᠨ ᠣᠷᠳᠣᠨ ᠤ ᠬᠤᠷᠠᠯ ᠤᠨ ᠭᠡᠷ ᠲᠤ ᠪᠠᠶᠢᠴᠠᠭᠠᠨ ᠰᠤᠳᠤᠯᠤᠯᠲᠠ ᠬᠢᠬᠦ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠵᠠᠢ᠃ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠪᠥᠬᠦ ᠰᠢᠶᠠᠨ ᠤ ᠭᠤᠤᠯᠳᠠᠯᠭ᠎ᠠ ᠲᠠᠢ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠵᠦᠢᠯᠡᠰ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠵᠠᠩ ᠺᠧ ᠯᠢᠩ ᠱᠠᠭᠠᠷᠳᠠᠭᠰᠠᠨ ᠨᠢ᠂ ᠨᠢᠭᠡ ᠳᠤ᠂ ᠲᠥᠪ ᠴᠢᠩᠭ᠎ᠠ ᠪᠠᠷ ᠬᠠᠨᠳᠤᠵᠤ᠂ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠨᠠᠷᠢᠨ ᠬᠢᠨᠠᠮᠠᠭᠠᠢ ᠰᠢᠯᠢᠳᠡᠭᠵᠢᠭᠦᠯᠬᠦ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠦᠨᠡᠨ ᠠᠴᠠ ᠵᠥᠪ ᠢ ᠡᠷᠢᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠲᠥᠯᠥᠪᠵᠢᠭᠦᠯᠭᠡ ᠶᠢ ᠲᠡᠭᠦᠯᠳᠡᠷᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠥᠯᠥᠪᠵᠢᠭᠦᠯᠭᠡ ᠶᠢ ᠪᠣᠳᠠᠲᠠᠶ ᠳᠤ ᠨᠡᠶᠢᠴᠡᠭᠦᠯᠵᠦ᠂ ᠪᠣᠳᠠᠲᠤ ᠦᠷ᠎ᠡ ᠪᠦᠲᠦᠮᠵᠢ ᠲᠠᠢ ᠪᠣᠯᠭᠠᠬᠤ ᠬᠡᠷᠡᠭᠲᠡᠶ᠃ ᠬᠤᠶᠠᠷ ᠲᠤ ᠬᠤᠳᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠬᠤ ᠬᠡᠷᠡᠭᠲᠡᠶ᠃ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ︽ᠵᠠᠮ ᠬᠠᠷᠢᠯᠴᠠᠭ᠎ᠠ︾᠂ ︽ᠵᠠᠬ᠎ᠠ ᠳᠡᠯᠭᠡᠭᠦᠷ ᠤᠨ ᠬᠠᠮᠢᠶᠠᠷᠤᠯᠲᠠ︾᠂ ︽ᠵᠡᠭᠡᠯᠢ ᠳᠠᠭᠠᠤ ᠵᠠᠮ ᠡᠵᠡᠯᠡᠬᠦ︾᠂ ︽ᠰᠤᠷᠭᠠᠭᠤᠯᠢ ᠶᠢᠨ ᠬᠦᠷᠢᠶᠡᠨ ᠤ ᠰᠤᠷᠭᠠᠭᠤᠯᠢ ᠳᠤ ᠣᠴᠢᠬᠤ ᠰᠤᠷᠭᠠᠭᠤᠯᠢ ᠲᠠᠷᠠᠬᠤ ᠵᠠᠮ ᠬᠠᠷᠢᠯᠴᠠᠭ᠎ᠠ︾ ᠵᠡᠷᠭᠡ ᠭᠤᠣᠯᠳᠠᠯᠭ᠎ᠠ ᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠰᠬᠠᠶ ᠰᠡᠳᠦᠪᠲᠦ ᠬᠥᠮᠦᠵᠢᠯ ᠢ ᠥᠷᠨᠢᠭᠦᠯᠬᠦ ᠶᠢᠨ ᠬᠠᠮᠲᠤ ᠬᠠᠤᠯᠢ ᠶᠢ ᠴᠢᠩᠭ᠎ᠠ ᠬᠡᠷᠡᠭᠵᠢᠭᠦᠯᠵᠦ᠂ ᠠᠷᠠᠳ ᠲᠦᠮᠡᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠭᠤᠷᠪᠠ ᠳᠤ᠂ ᠠᠷᠠᠳ ᠤᠯᠠᠨ ᠤ ᠬᠦᠰᠡᠯ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ ᠥᠭᠴᠦ᠂ ᠨᠡᠭᠦᠷᠡᠰᠦᠨ ᠤ ᠵᠠᠬ᠎ᠠ ᠳᠡᠯᠭᠡᠭᠦᠷ ᠵᠡᠷᠭᠡ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠲᠦᠷᠪᠡ ᠳᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠢᠯᠠᠩᠭᠤᠶ᠎ᠠ ᠤᠯᠠᠨ ᠨᠡᠶᠢᠲᠡ ᠶᠢᠨ ᠲᠦᠷᠦᠯ ᠵᠦᠢᠯ ᠪᠣᠯᠤᠨ ᠠᠷᠠᠳ ᠤᠨ ᠠᠮᠢᠳᠤᠷᠠᠯ ᠤᠨ ᠲᠦᠷᠦᠯ ᠵᠦᠢᠯ ᠳᠤ ᠨᠡᠩ ᠴᠤ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠴᠠᠭ ᠲᠤᠬᠠᠢ ᠳᠤᠨᠢ ᠴᠢᠨᠠᠷ ᠴᠢᠨᠰᠠᠭ᠎ᠠ ᠶᠢ ᠪᠠᠲᠤᠯᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠲᠠᠪᠤ ᠳᠤ ᠬᠤᠳᠠᠯᠳᠤᠭᠠᠨ ᠤ ᠣᠷᠣᠨ ᠰᠠᠭᠤᠴᠠ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠪᠠᠷ ᠨᠡᠭᠡᠭᠡᠨ ᠠᠰᠢᠭᠯᠠᠬᠤ ᠬᠡᠷᠡᠭᠲᠡᠶ᠃ ᠲᠥᠯᠥᠪᠵᠢᠭᠦᠯᠭᠡ ᠶᠢᠨ ᠺᠣᠮᠢᠰ ᠵᠢᠷᠤᠭ ᠢ ᠰᠠᠶᠢᠲᠤᠷ ᠬᠢᠨᠠᠵᠤ᠂ ᠪᠣᠭᠤᠮᠲᠠ ᠶᠢ ᠰᠠᠶᠢᠲᠤᠷ ᠰᠠᠬᠢᠵᠤ᠂ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠶ᠃ ᠴᠢᠩ ᠱᠦᠢ ᠾᠧ ᠭᠤᠣᠯ ᠤᠨ ᠬᠡᠪ ᠨᠠᠮᠪᠠ ᠳᠤ ᠨᠡᠶᠢᠴᠡᠭᠰᠡᠨ᠂ ᠠᠷᠠᠳ ᠤᠯᠠᠨ ᠤ ᠬᠦᠷᠢᠶᠡᠯᠡᠯ ᠢ ᠣᠯᠤᠭᠰᠠᠨ ᠨᠢᠭᠡ ᠪᠦᠯᠦᠭ ᠴᠢᠨᠠᠷ ᠰᠠᠶᠢᠲᠠᠶ ᠲᠠᠸᠠᠷ ᠤᠨ ᠭᠡᠷ ᠪᠠᠶᠢᠰᠢᠩ ᠢ ᠲᠥᠯᠥᠪᠵᠢᠭᠦᠯᠦᠨ ᠪᠦᠳᠦᠭᠡᠨ ᠪᠠᠶᠢᠭᠤᠯᠬᠤ ᠬᠡᠷᠡᠭᠲᠡᠶ ᠭᠡᠵᠡᠢ᠃      ᠵᠠᠩ ᠺᠧ ᠯᠢᠩ ᠴᠢᠬᠤᠯᠠᠴᠢᠯᠠᠭᠰᠠᠨ ᠨᠢ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠨᠢ ᠵᠠᠰᠠᠭ ᠤᠨ ᠣᠷᠳᠣᠨ ᠤ ᠲᠦᠷᠢ ᠲᠥᠷᠬᠦ ᠶᠢ ᠢᠯᠡᠷᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠵᠤ᠂ ᠠᠷᠠᠳ ᠤᠯᠠᠨ ᠤ ᠬᠦᠰᠡᠯ ᠡᠷᠡᠮᠡᠯᠵᠡᠯ ᠲᠠᠢ ᠨᠢᠭᠲᠠ ᠬᠤᠯᠪᠣᠭᠳᠠᠨ᠎ᠠ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠨᠢ ᠨᠣᠭᠤᠭᠠᠷᠠᠭᠤᠯᠤᠯᠲᠠ᠂ ᠵᠠᠮ᠂ ᠲᠥᠪ ᠤᠨ ᠣᠷᠣᠨ ᠬᠡᠰᠡᠭ ᠤᠨ ᠪᠥᠲᠥᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠰᠠᠶᠢᠵᠢᠷᠠᠯᠲᠠ᠂ ᠰᠠᠭᠤᠷᠢ ᠪᠡᠯᠡᠳᠬᠡᠮᠵᠢ ᠵᠡᠷᠭᠡ ᠣᠯᠠᠨ ᠲᠠᠯ᠎ᠠ ᠳᠤ ᠬᠤᠯᠪᠣᠭᠳᠠᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠬᠠᠷᠢᠯᠴᠠᠨ ᠬᠠᠮᠵᠢᠯᠴᠠᠵᠤ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠰᠢᠩᠭᠡᠭᠡᠨ ᠠᠪᠴᠤ᠂ ᠤᠯᠠᠨ ᠲᠦᠮᠡᠨ ᠢ ᠲᠠᠶᠢᠴᠢᠯᠠᠨ᠂ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠵᠦ᠂ ᠡᠯ᠎ᠡ ᠵᠦᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠲᠦᠯᠬᠢᠨ ᠠᠬᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠵᠦ᠂ ᠰᠠᠶᠢᠨ ᠡᠬᠢᠯᠡᠯᠲᠡ ᠲᠠᠢ ᠪᠣᠯᠭᠠᠬᠤ ᠪᠠᠷ ᠴᠢᠷᠮᠠᠶᠢᠵᠤ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠰᠢᠯᠢᠳᠡᠭ ᠠᠮᠵᠢᠯᠲᠠ ᠪᠠᠷ ᠢᠶᠠᠨ ᠤᠭᠲᠤᠬᠤ ᠬᠡᠷᠡᠭᠲᠡᠶ ᠭᠡᠵᠡᠢ᠃      ᠱᠢ ᠶᠦᠩ ᠫᠢᠩ᠂ ᠵᠠᠩ ᠮᠢᠨ ᠴᠦᠨ᠂ ᠴᠢ ᠵᠢᠶᠦ᠋ᠨ ᠬᠤ᠋᠂ ᠯᠢ ᠵᠢᠶᠦ᠋ᠨ ᠵᠡᠷᠭᠡ ᠰᠢᠶᠠᠨ ᠤ ᠤᠳᠤᠷᠢᠳᠤᠯᠭ᠎ᠠ ᠵᠢᠴᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠶᠢᠴᠠᠭᠠᠨ ᠰᠤᠳᠤᠯᠵᠤ ᠶᠠᠷᠢᠯᠴᠠᠬᠤ ᠬᠤᠷᠠᠯ ᠳᠤ ᠣᠷᠣᠯᠴᠠᠪᠠ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ