︽ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/3/4
            ᠬᠦᠬᠡᠬᠤᠲᠠ ᠵᠠᠰᠠᠭ ᠠᠯᠪᠠᠨ ᠲᠠᠷᠬᠠᠭᠠᠭᠰᠠᠨ ﹇2020﹈ 80 ᠳ᠋ᠤᠭᠠᠷ ᠲᠤᠭᠠᠲᠤ            2020 ᠣᠨ ᠤ 12 ᠳ᠋ᠤᠭᠠᠷ ᠰᠠᠷ᠎ᠠ ᠶᠢᠨ 21 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄        ︽ᠬᠥᠬᠡᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠵᠢᠭᠦᠯᠬᠦ ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                  ᠬᠥᠬᠡᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ      ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠵᠢᠭᠦᠯᠬᠦ ᠲᠥᠰᠦᠯ       ︽ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 45 ᠳ᠋ᠤᠭᠠᠷ ᠲᠣᠭᠠᠲᠤ︶᠂ ︽︿ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ﹀ ᠢ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠲᠤᠬᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠵᠠᠮ ᠬᠠᠷᠢᠯᠴᠠᠭ᠎ᠠ ᠵᠠᠰᠠᠮᠠᠯ ᠵᠠᠮ ᠲᠠᠷᠬᠠᠭᠠᠭᠰᠠᠨ ﹇2020﹈ 26 ᠳ᠋ᠤᠭᠠᠷ ᠲᠣᠭᠠᠲᠤ︶ ᠪᠠ ︽ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ  ﹇2020﹈ 14 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠣᠨ ᠨᠠᠶᠢᠲᠠᠪᠤᠷᠢᠵᠢᠭᠤᠯᠵᠤ᠂ ᠪᠦᠬᠦ ᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠴᠣ ᠠᠷᠠᠴᠢᠯᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠰᠠᠯᠲᠠ ᠶᠢᠨ ᠰᠢᠰᠲ᠋ᠧᠮᠵᠢ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ  ᠬᠠᠮᠢᠶᠠᠷᠣᠯᠲᠠ ᠠᠷᠠᠴᠢᠯᠠᠯᠲᠠ ᠶᠢᠨ ᠪᠠᠭᠤᠷᠠᠢ ᠶᠢ ᠨᠦᠬᠦᠪᠦᠷᠢᠯᠡᠵᠦ᠂ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠶ ᠦᠷᠨᠢᠭᠦᠯᠬᠦ ᠶᠢᠨ ᠲᠦᠯᠦᠭᠡ᠂ ᠪᠦᠬᠦ ᠬᠤᠲᠠ ᠶᠢᠨ ᠪᠣᠳᠠᠲᠠᠢ ᠪᠠᠶᠢᠳᠠᠯ ᠲᠠᠢ ᠤᠶᠠᠯᠳᠤᠭᠤᠯᠤᠨ᠂ ᠲᠤᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠤ ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠣ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ ᠂ ᠪᠡᠯᠡ ᠮᠥᠩᠭᠦ ᠶᠢᠨ ᠬᠠᠩᠭᠠᠯᠭ᠎ᠠ ᠶᠢ ᠴᠢᠩᠭᠠᠳᠬᠠᠬᠤ ᠪᠠ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠪᠠᠷ ᠭᠤᠣᠯᠳᠠᠯᠭ᠎ᠠ ᠪᠤᠯᠭᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠬᠡ ᠬᠠᠷᠢᠭᠤᠴᠠᠯᠭ᠎ᠠ ᠲᠣᠳᠣᠷᠬᠠᠶ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ᠂ ᠥᠨᠳᠥᠷ ᠪᠦᠲᠦᠮᠵᠢᠲᠡᠶ ᠠᠵᠢᠯᠯᠠᠬᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠶᠠᠰᠤ ᠴᠢᠨᠠᠷ ᠨᠢ ᠨᠠᠶᠢᠳᠠᠪᠤᠷᠢᠲᠠᠶ᠂ ᠠᠮᠤᠷ ᠲᠦᠪᠰᠢᠨ ᠰᠠᠭᠠᠳ ᠦᠭᠡᠢ ᠨᠡᠪᠲᠡᠷᠡᠭᠰᠡᠨ᠂ ᠤᠶᠤᠨᠲᠤ ᠪᠤᠬᠢᠷᠲᠤᠯ ᠦᠭᠡᠢ᠂ ᠣᠯᠠᠨ ᠲᠦᠮᠡᠨ ᠬᠠᠨᠤᠮᠵᠢᠲᠠᠶ ᠣᠳᠣᠬᠢᠴᠢᠯᠠᠭᠰᠠᠨ ᠬᠥᠳᠡᠭᠡ ᠲᠣᠰᠬᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢ ᠪᠠᠶᠢᠭᠤᠯᠵᠣ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠬᠦᠴᠦᠲᠡᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠤᠨ᠎ᠠ᠃      ᠬᠤᠶᠠᠷ᠂ ᠠᠵᠢᠯ ᠤᠨ ᠬᠠᠷᠠᠯᠲᠠ        2022 ᠣᠨ ᠪᠤᠯᠲᠠᠯ᠎ᠠ᠂ ︽ᠬᠤᠲᠠ ᠶᠢᠨ ᠱᠠᠲᠤᠨ ᠠᠴᠠ ᠨᠢᠭᠡᠳᠦᠯᠲᠡᠶ ᠲᠥᠯᠥᠪᠯᠡᠬᠦ᠂ ᠰᠢᠶᠠᠨ ᠤ ᠱᠠᠲᠤᠨ ᠠᠴᠠ ᠬᠠᠷᠢᠭᠤᠴᠠᠬᠤ᠂ ᠬᠥᠳᠡᠭᠡ ᠲᠣᠰᠬᠤᠨ ᠬᠠᠮᠵᠢᠯᠴᠠᠬᠤ᠂ ᠨᠡᠶᠢᠭᠡᠮ ᠳᠠᠶᠠᠭᠠᠷ ᠣᠷᠣᠯᠴᠠᠬᠤ︾ ᠵᠠᠷᠴᠢᠮ ᠶᠣᠰᠣᠭᠠᠷ᠂ ᠡᠷᠬᠡ ᠬᠠᠷᠢᠭᠤᠴᠠᠯᠭ᠎ᠠ ᠲᠣᠳᠣᠷᠬᠠᠶ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠪᠠᠶᠢᠭᠤᠯᠤᠯ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠵᠤ᠂ ᠡᠳ᠋ ᠤᠨ ᠵᠠᠰᠠᠭ ᠢᠳᠡᠪᠬᠢᠲᠡᠶ ᠣᠷᠣᠯᠴᠠᠭᠰᠠᠨ᠂ ᠨᠡᠶᠢᠭᠡᠮ ᠤᠨ ᠬᠦᠴᠦᠨ ᠢᠳᠡᠪᠬᠢᠲᠡᠶ ᠣᠷᠣᠯᠴᠠᠭᠰᠠᠨ ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠰᠠᠯᠲᠠ ᠶᠢᠨ ᠴᠢᠳᠠᠪᠤᠷᠢ ᠢᠯᠡᠳᠲᠡ ᠳᠡᠭᠡᠭᠰᠢᠯᠡᠵᠦ᠂ ᠵᠠᠰᠠᠯᠲᠠ ᠶᠢᠨ ᠰᠢᠰᠲ᠋ᠧᠮᠵᠢ ᠠᠩᠬ᠎ᠠ ᠠᠯᠬᠤᠮ ᠪᠦᠷᠢᠯᠳᠦᠵᠦ᠂ ᠨᠡᠪᠲᠡᠷᠡᠬᠦ ᠨᠥᠬᠦᠴᠡᠯ ᠪᠠ ᠵᠠᠮ ᠤᠨ ᠣᠷᠴᠢᠨ ᠲᠤᠭᠤᠷᠢᠨ ᠢᠯᠡᠳᠲᠡ ᠳᠡᠭᠡᠭᠰᠢᠯᠡᠵᠦ᠂ ᠵᠠᠮ ᠬᠠᠷᠢᠯᠴᠠᠭᠠᠨ ᠤ ᠪᠠᠲᠤᠯᠠᠭ᠎ᠠ ᠶᠢᠨ ᠴᠢᠳᠠᠪᠤᠷᠢ ᠢᠯᠡᠳᠲᠡ ᠳᠡᠭᠡᠭᠰᠢᠯᠡᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠠᠵᠢᠯᠯᠠᠭᠠᠨ ᠤ ᠵᠠᠷᠤᠳᠠᠯ ᠵᠢᠴᠢ ᠠᠵᠢᠯᠲᠠᠨ ᠤ ᠵᠠᠷᠤᠯᠭ᠎ᠠ ᠶᠢ ᠭᠠᠵᠠᠷ ᠣᠷᠣᠨ ᠤ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠬᠠᠷᠢᠴᠠᠯ ᠢ 100 % ᠳᠤ ᠬᠦᠷᠦᠭᠦᠯᠵᠦ᠂ ᠰᠢᠶᠠᠨ ︵ᠬᠤᠰᠢᠭᠤ᠂ ᠲᠣᠭᠤᠷᠢᠭ︶᠂ ᠰᠢᠶᠠᠩ ᠪᠠᠯᠭᠠᠰᠤ ︵ᠬᠦᠳᠡᠭᠡ ᠲᠤᠰᠬᠤᠨ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠰᠬᠤᠨ ᠭᠤᠷᠪᠠᠨ ᠱᠠᠲᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠴᠣ ᠠᠷᠠᠴᠢᠯᠠᠬᠤ ᠡᠷᠬᠡ ᠪᠣᠯᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠᠶᠢᠭᠤᠯᠬᠤ ᠵᠢᠴᠢ ᠬᠠᠷᠢᠭᠤᠴᠠᠯᠭ᠎ᠠ ᠨᠠᠶᠢᠳᠠᠪᠤᠷᠢᠵᠢᠭᠤᠯᠬᠤ ᠨᠣᠷᠮ᠎ᠠ ᠶᠢ 100 % ᠳᠤ ᠬᠦᠷᠦᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠵᠢᠭᠰᠠᠭᠠᠨ ᠠᠷᠠᠴᠢᠯᠠᠬᠤ ᠨᠣᠷᠮ᠎ᠠ ᠶᠢ 100 % ᠳᠤ ᠬᠦᠷᠦᠭᠦᠯᠵᠦ᠂ ᠵᠢᠯ ᠪᠦᠷᠢ ᠶᠢᠨ ᠠᠷᠠᠴᠢᠯᠠᠬᠤ ᠪᠠᠷᠢᠯᠭ᠎ᠠ ᠶᠢᠨ ᠬᠠᠷᠢᠴᠠᠯ ᠢ 5 % ᠠᠴᠠ ᠳᠣᠤᠷ᠎ᠠ ᠪᠠᠶᠢᠯᠭᠠᠬᠤ ᠥᠬᠡᠶ᠂ ᠳᠤᠮᠳᠠ ᠵᠡᠷᠭᠡ ᠵᠢᠴᠢ ᠳᠣᠮᠳᠠ ᠵᠡᠷᠭᠡ ᠠᠴᠠ ᠳᠡᠭᠡᠭᠰᠢᠬᠢ ᠬᠥᠳᠡᠭᠡ ᠲᠣᠰᠬᠤᠨ ᠤ ᠵᠠᠰᠠᠮᠠᠯ ᠵᠠᠮ ᠤᠨ ᠡᠵᠡᠯᠡᠬᠦ ᠬᠠᠷᠢᠴᠠᠯ ᠢ 75% ᠠᠴᠠ ᠳᠣᠤᠷ᠎ᠠ ᠪᠠᠶᠢᠯᠭᠠᠬᠤ ᠥᠬᠡᠶ᠃       2035 ᠣᠨ ᠪᠣᠯᠲᠠᠯ᠎ᠠ᠂ ᠰᠢᠰᠲ᠋ᠧᠮᠵᠢ ᠨᠢ ᠪᠦᠷᠢᠨ ᠲᠡᠭᠦᠯᠳᠡᠷ᠂ ᠪᠦᠲᠦᠴᠡ ᠨᠢ ᠰᠢᠨᠵᠢᠯᠡᠬᠦ ᠤᠬᠠᠭᠠᠨᠴᠢ᠂ ᠠᠵᠢᠯᠯᠠᠭᠠᠨ ᠨᠢ ᠰᠠᠭᠠᠳ ᠥᠬᠡᠶ᠂ ᠪᠠᠲᠤᠯᠠᠭ᠎ᠠ ᠨᠢ ᠡᠷᠴᠢᠮᠲᠡᠶ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠪᠠᠶᠢᠭᠤᠯᠤᠯ ᠲᠣᠭᠲᠠᠴᠠ ᠶᠢ ᠪᠥᠬᠦ ᠲᠠᠯ᠎ᠠ ᠪᠠᠷ ᠪᠠᠶᠢᠭᠤᠯᠵᠤ᠂ ᠬᠤᠲᠠ ᠬᠥᠳᠡᠭᠡ ᠶᠢᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ  ᠲᠡᠩᠴᠡᠭᠦᠷᠢ ᠶᠢ ᠦᠨᠳᠦᠰᠦᠨ ᠳᠡᠭᠡᠨ ᠪᠡᠶᠡᠯᠡᠭᠦᠯᠵᠦ᠂ ᠵᠠᠮ ᠤᠨ ᠪᠠᠶᠢᠳᠠᠯ ᠤᠨ ᠬᠢᠷᠢ ᠲᠦᠪᠰᠢᠨ ᠪᠠ ᠵᠠᠮ ᠤᠨ ᠣᠷᠴᠢᠨ ᠲᠣᠭᠤᠷᠢᠨ ᠢ ᠦᠨᠳᠦᠰᠦᠨ ᠴᠢᠨᠠᠷᠲᠠᠶ ᠰᠠᠶᠢᠵᠢᠷᠠᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠵᠠᠰᠠᠯᠲᠠ ᠶᠢᠨ ᠰᠢᠰᠲ᠋ᠧᠮᠵᠢ ᠶᠢ ᠪᠥᠬᠦ ᠲᠠᠯ᠎ᠠ ᠪᠠᠷ ᠲᠡᠭᠦᠯᠳᠡᠷᠵᠢᠭᠦᠯᠦᠨ᠎ᠡ᠃      ᠭᠤᠷᠪᠠ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ      ︵ᠨᠢᠭᠡ︶ ᠨᠢᠭᠡᠳᠦᠯᠲᠡᠶ ᠲᠥᠯᠥᠪᠯᠡᠬᠦ ᠪᠠ ᠵᠢᠯᠣᠭᠤᠳᠴᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠬᠤᠲᠠ ᠶᠢᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠴᠣ ᠠᠷᠠᠴᠢᠯᠠᠬᠤ ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠪᠠᠶᠢᠭᠤᠯᠵᠤ᠂ ᠲᠦᠷᠢᠮ ᠲᠣᠭᠲᠠᠭᠠᠯ ᠢ ᠪᠠᠶᠢᠭᠤᠯᠤᠨ ᠪᠦᠷᠢᠨᠰᠢᠭᠦᠯᠵᠦ᠂ ᠬᠤᠲᠠ ᠶᠢᠨ ᠳᠡᠰ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠴᠣ ᠠᠷᠠᠴᠢᠯᠠᠬᠤ ᠨᠥᠬᠦᠪᠥᠷᠢ ᠪᠠᠯᠠ ᠮᠥᠩᠭᠦ ᠶᠢ ᠴᠤᠭᠯᠠᠭᠤᠯᠤᠨ᠂ ᠬᠠᠮᠢᠶᠠᠷᠴᠤ ᠠᠷᠠᠴᠢᠯᠠᠬᠤ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠵᠢᠯᠣᠭᠤᠳᠣᠯᠭ᠎ᠠ ᠶᠢ ᠴᠢᠩᠭᠠᠳᠬᠠᠵᠤ᠂ ᠡᠯ᠎ᠡ ᠭᠠᠵᠠᠷ ᠣᠷᠣᠨ ᠳᠤ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠠᠪᠤᠭᠤᠯᠤᠨ᠎ᠠ᠃ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠬᠢᠨᠠᠮᠠᠭᠠᠶ ᠳ᠋ᠦᠩᠨᠡᠨ ᠪᠣᠯᠪᠠᠰᠤᠷᠠᠭᠤᠯᠵᠤ᠂ ᠨᠡᠶᠢᠲᠡᠯᠢᠭ ᠲᠤᠷᠰᠢᠯᠭ᠎ᠠ ᠶᠢ ᠲᠡᠷᠡ ᠬᠡᠪ ᠢᠶᠠᠷ ᠨᠢ ᠳᠡᠯᠭᠡᠷᠡᠭᠦᠯᠬᠦ ᠶᠢ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠤᠨ᠂ ᠥᠭᠡᠷᠡᠴᠢᠯᠡᠯᠲᠡ ᠶᠢ ᠬᠥᠲᠥᠯᠥᠨ ᠵᠢᠯᠣᠭᠤᠳᠴᠤ ᠤᠷᠤᠭᠰᠢᠲᠠᠶ ᠠᠬᠢᠭᠤᠯᠤᠨ᠎ᠠ᠃      ︵ᠬᠤᠶᠠᠷ︶ ᠠᠵᠢᠯ ᠲᠥᠷᠥᠯ ᠤᠨ ᠬᠠᠮᠢᠶᠠᠷᠤᠯᠲᠠ ᠪᠣᠯᠤᠨ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠨ᠎ᠠ᠃ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠢᠯ ᠲᠥᠷᠥᠯ ᠤᠨ ᠬᠠᠮᠢᠶᠠᠷᠤᠯᠲᠠ ᠪᠣᠯᠤᠨ ᠵᠣᠬᠢᠴᠠᠯᠳᠤᠨ ᠬᠠᠮᠵᠢᠯᠴᠠᠬᠤ ᠪᠠᠨ  ᠴᠢᠩᠭᠠᠳᠬᠠᠨ᠂ ᠠᠵᠢᠯ ᠤᠨ ᠨᠡᠶᠢᠯᠡᠯ ᠬᠦᠴᠦᠨ ᠢ ᠪᠣᠶ ᠪᠣᠯᠭᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠯ᠎ᠡ ᠵᠣᠶᠢᠯ ᠤᠨ ᠠᠵᠢᠯ ᠢ ᠯᠠᠪᠳᠠᠭᠤᠨ ᠡᠮᠬᠢ ᠵᠢᠷᠤᠮ ᠲᠠᠢ ᠪᠦᠲᠦᠮᠵᠢᠲᠡᠶ ᠠᠬᠢᠭᠤᠯᠤᠨ᠎ᠠ᠃ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ ᠠᠷᠠᠴᠢᠯᠠᠨ ᠬᠠᠮᠠᠭᠠᠯᠠᠬᠤ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠪᠠ ᠠᠷᠠᠴᠢᠯᠠᠨ ᠬᠠᠮᠠᠭᠠᠯᠠᠭᠰᠠᠨ ᠶᠠᠰᠤ ᠴᠢᠨᠠᠷ ᠲᠤ ᠬᠢᠨᠠᠯᠲᠠ ᠲᠠᠯᠪᠢᠨ ᠪᠠᠶᠢᠴᠠᠭᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠠᠵᠢᠯ ᠢ ᠵᠢᠯᠤᠭᠤᠳᠴᠣ ᠬᠢᠨᠠᠯᠲᠠ ᠲᠠᠯᠪᠢᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠲᠣᠰ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠳᠤ ᠬᠡᠷᠡᠭᠯᠡᠭᠰᠡᠨ ᠪᠡᠯᠡ ᠮᠥᠩᠭᠦ ᠳᠤ ᠪᠦᠬᠦ ᠶᠠᠪᠤᠴᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠠᠪᠤᠭᠤᠯᠬᠤ ᠶᠢ ᠬᠠᠷᠢᠭᠤᠴᠠᠨ᠎ᠠ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢ ᠬᠥᠳᠡᠭᠡ ᠲᠣᠰᠬᠤᠨ ᠤ ᠵᠠᠰᠠᠮᠠᠯ ᠵᠠᠮ ᠳᠤ ᠬᠡᠷᠡᠭᠯᠡᠬᠦ ᠭᠠᠵᠠᠷ᠂ ᠮᠠᠲ᠋ᠧᠷᠢᠶᠠᠯ ᠤᠨ ᠲᠠᠯᠠᠪᠤᠷ ᠢ ᠪᠠᠲᠤᠯᠠᠬᠤ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠠᠷᠢᠯᠭ᠎ᠠ ᠶᠢᠨ ᠲᠥᠷᠥᠯ ᠵᠣᠶᠢᠯ ᠤᠨ ᠡᠯ᠎ᠡ ᠲᠥᠷᠥᠯ ᠤᠨ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠳᠥᠭᠦᠮᠴᠢᠯᠡᠬᠦ ᠶᠢ ᠵᠢᠯᠣᠭᠤᠳᠤᠨ ᠠᠬᠢᠭᠤᠯᠤᠨ᠎ᠠ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠬᠠᠷᠢᠶ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠦᠴᠢᠷ ᠢ ᠵᠢᠯᠤᠭᠤᠳᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠠᠵᠢᠯ ᠳᠠᠭᠤᠰᠤᠭᠰᠠᠨ ︵ᠲᠤᠰᠢᠶᠠᠭᠰᠠᠨ︶ ᠢ ᠰᠢᠯᠭᠠᠨ ᠠᠪᠬᠤ ᠠᠵᠢᠯ ᠳᠤ ᠤᠷᠤᠯᠴᠠᠭᠤᠯᠬᠤ ᠶᠢ ᠬᠠᠷᠢᠭᠤᠴᠠᠨ᠎ᠠ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠬᠤᠲᠠ ᠶᠢᠨ ᠲᠣᠰ ᠱᠠᠲᠤᠨ ᠤ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠨᠥᠬᠦᠪᠥᠷᠢ ᠪᠠᠯᠠ ᠮᠥᠩᠭᠦ ᠴᠤᠭᠯᠠᠭᠤᠯᠬᠤ ᠶᠢᠨ ᠬᠠᠮᠲᠤ ᠬᠤᠲᠠ ᠶᠢᠨ ᠲᠣᠰ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠠᠴᠠ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠬᠡᠷᠡᠭᠯᠡᠭᠰᠡᠨ ᠪᠠᠯᠠ ᠮᠥᠩᠭᠦ ᠳᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠶᠢ ᠬᠠᠷᠢᠭᠤᠴᠠᠨ᠎ᠠ᠃ ᠬᠤᠲᠠ ᠶᠢᠨ ᠬᠢᠨᠠᠨ ᠪᠣᠳᠣᠬᠤ ᠲᠣᠪᠴᠢᠶ᠎ᠠ ᠨᠢ ᠬᠤᠲᠠ ᠶᠢᠨ ᠲᠤᠰ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠠᠴᠠ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠬᠡᠷᠡᠭᠯᠡᠭᠰᠡᠨ ᠪᠡᠯᠡ ᠮᠥᠩᠭᠦ ᠳᠤ ᠴᠠᠭ ᠲᠤᠬᠠᠢ ᠳᠤᠨᠢ  ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠬᠥᠳᠡᠭᠡ ᠲᠣᠰᠬᠤᠨ ᠤ ᠵᠠᠰᠠᠮᠠᠯ ᠵᠠᠮ ᠤᠨ ᠬᠤᠶᠠᠷ ᠬᠠᠵᠠᠭᠤ ᠶᠢᠨ ᠬᠠᠷᠠᠭᠠᠨ ᠳᠠᠬᠢ ᠬᠤᠭ ᠨᠣᠪᠰᠢ᠂ ᠰᠤᠯᠠ ᠪᠤᠳᠠᠰ ᠵᠡᠷᠭᠡ ᠶᠢ ᠪᠥᠬᠦ ᠲᠠᠯ᠎ᠠ ᠪᠠᠷ ᠴᠡᠪᠡᠷᠯᠡᠬᠦ ᠠᠵᠢᠯ ᠳᠤ ᠬᠠᠮᠵᠢᠯᠴᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠣᠷᠴᠢᠨ ᠲᠣᠭᠤᠷᠢᠨ ᠢ ᠰᠠᠶᠢᠵᠢᠷᠠᠭᠤᠯᠤᠨ ᠴᠡᠭᠴᠡᠯᠡᠨ ᠵᠠᠰᠠᠬᠤ ᠶᠢ ᠬᠠᠷᠢᠭᠤᠴᠠᠨ᠎ᠠ᠃ ᠬᠤᠲᠠ ᠶᠢᠨ ᠪᠤᠰᠤᠳ ᠰᠢᠭᠤᠳ ᠬᠠᠷᠢᠶ᠎ᠠ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃      ︵ᠭᠤᠷᠪᠠ︶ ᠬᠠᠷᠢᠶ᠎ᠠ ᠭᠠᠵᠠᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠨ᠎ᠡ᠃ ᠡᠯ᠎ᠡ ᠭᠠᠵᠠᠷ ᠣᠷᠣᠨ ︽ᠰᠢᠶᠠᠨ ᠤ ᠵᠠᠮ ᠢ ᠰᠢᠶᠠᠨ ᠠᠴᠠ ᠬᠠᠮᠢᠶᠠᠷᠬᠤ᠂ ᠰᠢᠶᠠᠩ ᠤᠨ ᠵᠠᠮ ᠢ ᠰᠢᠶᠠᠩ ᠠᠴᠠ ᠬᠠᠮᠢᠶᠠᠷᠬᠤ᠂ ᠲᠣᠰᠬᠤᠨ ᠤ ᠵᠠᠮ ᠢ ᠲᠣᠰᠬᠤᠨ ᠠᠴᠠ ᠬᠠᠮᠢᠶᠠᠷᠬᠤ︾ ᠵᠠᠷᠴᠢᠮ ᠶᠣᠰᠣᠭᠠᠷ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠤᠰ ᠭᠠᠵᠠᠷ ᠤᠨ ᠪᠣᠳᠠᠲᠤ ᠪᠠᠶᠢᠳᠠᠯ ᠳᠤ ᠪᠠᠨ ᠨᠡᠶᠢᠴᠡᠭᠰᠡᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠠᠷᠢᠶ᠎ᠠ ᠭᠠᠵᠠᠷ ᠤᠨ ᠵᠠᠮ ᠬᠠᠷᠢᠯᠴᠠᠭ᠎ᠠ ᠲᠡᠭᠡᠭᠡᠪᠦᠷᠢ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤ ᠶᠢᠨ ᠵᠠᠰᠠᠭ ᠤᠨ ᠣᠷᠳᠣᠨ ︵ᠬᠦᠳᠡᠭᠡ ᠲᠤᠰᠬᠤᠨ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠳᠣᠷᠬᠠᠶᠢᠯᠠᠵᠤ᠂ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠨ᠎ᠠ᠃ ᠵᠠᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠬᠤᠷᠴᠠ ᠴᠢᠳᠠᠮᠠᠭᠠᠶ ᠥᠨᠳᠥᠷ ᠦᠷ᠎ᠡ ᠪᠦᠲᠦᠮᠵᠢᠲᠡᠶ᠂ ᠲᠤᠰᠬᠠᠶ ᠲᠤᠰᠢᠶᠠᠯ ᠪᠠ ᠲᠤᠰᠢᠶᠠᠯ ᠬᠠᠪᠰᠤᠷᠭᠠᠬᠤ ᠶᠢ ᠤᠶᠠᠯᠳᠤᠭᠤᠯᠬᠤ ᠂ ᠲᠤᠰᠬᠠᠶ ᠪᠠᠷ ᠭᠤᠣᠯ ᠪᠣᠯᠭᠠᠬᠤ︾ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠂ ᠵᠠᠮ ᠤᠨ ᠳᠠᠷᠤᠭ᠎ᠠ ᠶᠢᠨ ᠳᠦᠷᠢᠮ ᠤᠨ ᠬᠡᠷᠡᠭᠵᠢᠭᠦᠯᠬᠦ ᠲᠥᠰᠦᠯ ᠪᠣᠯᠤᠨ ᠬᠠᠮᠢᠶᠠᠷᠤᠯᠲᠠ ᠶᠢᠨ ᠠᠷᠭ᠎ᠠ ᠶᠢ ᠪᠠᠶᠢᠭᠤᠯᠤᠨ ᠲᠣᠭᠲᠠᠭᠠᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠮᠡᠳᠡᠭᠡ ᠵᠠᠩᠭᠢᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠥᠳᠡᠭᠡ ᠲᠣᠰᠬᠤᠨ ᠤ ᠵᠠᠰᠠᠮᠠᠯ ᠵᠠᠮ ᠳᠤ ᠲᠤᠰᠬᠠᠶ ᠬᠠᠮᠢᠶᠠᠷᠤᠭᠴᠢ ᠳᠣᠭᠢᠷᠠᠭᠤᠯᠵᠤ᠂ ᠲᠤᠰᠬᠠᠶ ᠬᠠᠮᠢᠶᠠᠷᠤᠭᠴᠢ ᠰᠣᠩᠭᠤᠨ ᠲᠣᠮᠢᠯᠠᠬᠤ ᠶᠢ ᠶᠠᠳᠠᠭᠤ ᠶᠢ ᠲᠡᠳᠬᠦᠬᠦ ᠠᠵᠢᠯ ᠲᠠᠢ ᠬᠠᠷᠢᠯᠴᠠᠨ ᠤᠶᠠᠯᠳᠤᠭᠤᠯᠵᠤ᠂ ᠶᠠᠳᠠᠭᠤ ᠬᠦᠴᠢᠷᠳᠡᠯᠲᠡᠶ ᠡᠷᠦᠬᠡ ᠳᠤ ᠠᠵᠢᠯ ᠣᠯᠭᠤᠬᠤ ᠲᠣᠬᠢᠶᠠᠯ ᠬᠠᠩᠭᠠᠵᠤ ᠪᠣᠯᠤᠨ᠎ᠠ᠃ ︽ᠵᠠᠮ ᠪᠠᠶᠢᠪᠠᠯ ᠵᠠᠪᠠᠯ ᠠᠷᠠᠴᠢᠯᠠᠬᠤ᠂ ᠠᠷᠠᠴᠢᠯᠠᠬᠤ ᠶᠢ ᠵᠠᠪᠠᠯ ᠪᠣᠳᠠᠲᠠᠶᠢᠵᠢᠭᠤᠯᠬᠤ︾ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠᠯᠠ ᠮᠥᠩᠭᠦ ᠵᠢᠴᠢ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯᠯᠠᠭᠠᠨ ᠤ ᠵᠠᠷᠤᠳᠠᠯ ᠪᠣᠯᠤᠨ ᠠᠵᠢᠯᠲᠠᠨ ᠤ ᠵᠠᠷᠤᠯᠭ᠎ᠠ ᠶᠢ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢᠨ ᠪᠠᠶᠢᠭᠤᠯᠤᠯᠲᠠ ᠪᠣᠯᠤᠨ ᠬᠠᠮᠢᠶᠠᠷᠣᠯᠲᠠ ᠠᠷᠠᠴᠢᠯᠠᠯᠲᠠ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠣᠨ᠎ᠠ᠃      ︵ᠳᠥᠷᠪᠡ︶ ᠰᠢᠶᠠᠩ ᠪᠠᠯᠭᠠᠰᠤ ᠲᠣᠰᠬᠤᠨ ᠬᠤᠶᠠᠷ ᠱᠠᠲᠤᠨ ᠤ ᠦᠢᠯᠡᠳᠦᠯ ᠢ ᠪᠠᠳᠠᠷᠠᠭᠤᠯᠤᠨ᠎ᠠ᠃ ᠡᠯ᠎ᠡ ᠰᠢᠶᠠᠩ ᠪᠠᠯᠭᠠᠰᠤ ᠶᠢᠨ ᠵᠠᠰᠠᠭ ᠤᠨ ᠣᠷᠳᠣᠨ ︵ᠬᠦᠳᠡᠭᠡ ᠲᠤᠰᠬᠤᠨ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠣᠰᠣᠭᠠᠷ᠂ ᠬᠠᠮᠢᠶᠠᠷᠴᠤ ᠠᠷᠠᠴᠢᠯᠠᠨ ᠬᠠᠮᠠᠭᠠᠯᠠᠬᠤ ᠠᠵᠢᠯ ᠢ ᠥᠷᠨᠢᠭᠦᠯᠵᠦ᠂ ︽ᠠᠵᠢᠯ ᠤᠨ ᠬᠤᠪᠢᠶᠠᠷᠢᠯᠠᠯ ᠨᠢ ᠲᠣᠳᠣᠷᠬᠠᠶ᠂ ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠶ᠂ ᠪᠠᠲᠤᠯᠠᠭ᠎ᠠ ᠨᠢ ᠬᠦᠴᠦᠨ ᠲᠡᠭᠦᠯᠳᠡᠷ︾ ᠰᠢᠶᠠᠩ ᠪᠠᠯᠭᠠᠰᠤ ᠶᠢᠨ ᠱᠠᠲᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠨᠥᠬᠦᠳ᠂ ᠬᠠᠷᠢᠭᠤᠴᠠᠯᠭᠠᠲᠤ ᠨᠢᠭᠡᠴᠡ ᠪᠠ ᠲᠤᠰᠬᠠᠶ ᠲᠤᠰᠢᠶᠠᠯᠲᠤ ᠠᠵᠢᠯᠲᠠᠨ ᠢ ᠲᠣᠭᠲᠠᠭᠠᠨ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠠᠵᠢᠯ ᠤᠨ ᠳᠦᠷᠢᠮ ᠢ ᠲᠣᠭᠲᠠᠭᠠᠵᠤ᠂ ᠲᠣᠰᠬᠤᠨ ᠤ ᠠᠷᠠᠳ ᠤᠨ ᠵᠦᠪᠯᠡᠯ ᠢ ᠵᠢᠯᠤᠭᠤᠳᠤᠨ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠵᠢᠴᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠦᠷᠨᠢᠭᠦᠯᠦᠨ᠎ᠡ᠃ ᠰᠢᠶᠠᠩ ᠪᠠᠯᠭᠠᠰᠤ ᠶᠢᠨ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠲᠣᠰᠬᠤᠨ ᠤ ᠠᠷᠠᠳ ᠤᠨ ᠵᠥᠪᠯᠡᠯ ᠨᠢ ︽ᠣᠯᠠᠨ ᠲᠦᠮᠡᠨ ᠰᠠᠶᠢᠨ ᠳᠤᠷ᠎ᠠ ᠠᠴᠠ ᠪᠠᠨ᠂ ᠠᠷᠠᠳᠴᠢᠯᠠᠯ ᠢᠶᠠᠷ ᠰᠢᠢᠳᠪᠦᠷᠢᠲᠤ ᠪᠣᠳᠣᠯᠭ᠎ᠠ ᠲᠣᠭᠲᠠᠭᠠᠬᠤ︾ ᠵᠠᠷᠴᠢᠮ ᠶᠣᠰᠣᠭᠠᠷ ᠲᠣᠰᠬᠤᠨ ᠤ ᠵᠠᠰᠠᠮᠠᠯ ᠵᠠᠮ ᠤᠨ ᠬᠡᠷᠡᠭ ᠵᠥᠪᠯᠡᠬᠦ ᠲᠣᠭᠲᠠᠴᠠ ᠶᠢ ᠪᠠᠶᠢᠭᠤᠯᠵᠤ᠂ ᠨᠢᠭᠡ ᠤᠴᠢᠷ ᠢ ᠨᠢᠭᠡ ᠵᠥᠪᠯᠡᠬᠦ᠂ ᠬᠦᠳᠡᠯᠮᠦᠷᠢ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠶᠢ ᠠᠪᠴᠤ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠶᠢᠨ ᠬᠠᠮᠢᠶ᠎ᠠ ᠪᠦᠬᠦᠢ ᠠᠵᠢᠯ ᠢ ᠦᠷᠨᠢᠭᠦᠯᠦᠨ᠎ᠡ᠃ ᠰᠢᠶᠠᠩ ᠪᠠᠯᠭᠠᠰᠤ ᠪᠣᠯᠤᠨ ᠲᠣᠰᠬᠤᠨ ᠤ ᠪᠣᠳᠠᠲᠠᠶ ᠡᠭᠦᠷᠭᠡ ᠬᠠᠷᠢᠭᠤᠴᠠᠯᠭ᠎ᠠ ᠶᠢ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠠᠴᠠ ᠲᠤᠰ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠭᠲᠠᠭᠠᠨ᠎ᠠ᠃ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠱᠠᠭᠠᠷᠳᠠᠯᠭ᠎ᠠ ᠶᠢ ᠲᠣᠰᠬᠤᠨ ᠤ ᠳᠦᠷᠢᠮ ᠠᠷᠠᠳ ᠤᠨ ᠭᠡᠷ᠎ᠡ ᠳᠤ ᠤᠷᠤᠭᠤᠯᠤᠨ᠎ᠠ᠃ ᠱᠠᠩᠨᠠᠯ ᠢᠶᠠᠷ ᠨᠦᠬᠦᠪᠦᠷᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠠᠪᠬᠤ ᠶᠢ ᠵᠤᠷᠢᠭᠵᠢᠭᠤᠯᠵᠤ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠬᠢᠭᠡᠳ ᠪᠠᠴᠢᠮ ᠪᠠᠶᠢᠳᠠᠯ ᠢ ᠠᠷᠭᠠᠴᠠᠭᠠᠵᠤ ᠵᠠᠪᠳᠤᠨ ᠨᠡᠪᠲᠡᠷᠡᠭᠦᠯᠬᠦ ᠶᠢ ᠨᠡᠶᠢᠯᠡᠭᠦᠯᠦᠨ ᠬᠡᠷᠡᠭᠵᠢᠭᠦᠯᠬᠦ ᠶᠢᠨ ᠬᠠᠮᠲᠤ ᠲᠠᠷᠢᠶᠠᠴᠢᠳ ᠲᠤ ᠲᠤᠰᠢᠶᠠᠨ  ᠳᠠᠭᠠᠭᠠᠴᠢᠯᠠᠭᠤᠯᠤᠨ᠎ᠠ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠤᠨ ᠨᠡᠶᠢᠭᠡᠮ ᠤᠨ ᠬᠦᠴᠦᠨ ᠤ ᠪᠡᠶ᠎ᠡ ᠪᠠᠨ ᠳᠠᠭᠠᠭᠠᠵᠤ ᠪᠡᠯᠡ ᠮᠥᠩᠭᠦ ᠪᠠ ᠬᠥᠳᠡᠯᠮᠦᠷᠢ ᠬᠦᠴᠦ ᠴᠤᠭᠯᠠᠭᠤᠯᠬᠤ ᠶᠢ ᠵᠤᠷᠢᠭᠵᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠣᠯᠲᠠ ᠠᠷᠠᠴᠢᠯᠠᠯᠲᠠ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠳᠤ ᠤᠷᠤᠯᠴᠠᠭᠤᠯᠤᠨ᠎ᠠ᠃      ᠳᠥᠷᠪᠡ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢᠨ ᠠᠷᠭ᠎ᠠ ᠵᠠᠮ ᠢ ᠲᠤᠭᠲᠠᠪᠤᠷᠢᠲᠠᠢ ᠪᠤᠯᠭᠠᠨ᠎ᠠ        ︵ᠨᠢᠭᠡ︶ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠶᠢᠯᠢ ᠶᠢᠨ ᠰᠦᠢᠳᠬᠡᠯ ᠤᠨ ᠥᠭᠡᠷᠡᠴᠢᠯᠡᠯᠲᠡ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠤᠨ᠎ᠠ᠃ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠶᠢᠯᠢ ᠶᠢᠨ ᠰᠦᠢᠳᠬᠡᠯ ᠤᠨ ᠥᠭᠡᠷᠡᠴᠢᠯᠡᠯᠲᠡ ᠶᠢᠨ ᠰᠢᠯᠵᠢᠭᠦᠯᠦᠨ ᠲᠦᠯᠦᠵᠦ ᠬᠤᠪᠢᠶᠠᠷᠢᠯᠠᠬᠤ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠰᠢᠯᠵᠢᠭᠦᠯᠦᠨ ᠲᠦᠯᠦᠬᠦ ᠬᠡᠪᠴᠢᠶ᠎ᠡ ᠶᠢ ᠵᠦᠢ ᠵᠣᠬᠢᠰᠲᠠᠶ ᠲᠣᠭᠲᠠᠭᠠᠵᠤ᠂ ᠡᠩ ᠤᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠶᠢ ᠳᠡᠮᠵᠢᠬᠦ ᠡᠷᠴᠢᠮ ᠢᠶᠠᠨ ᠴᠢᠩᠭᠠᠳᠬᠠᠨ᠎ᠠ᠃ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠶᠢᠯᠢ ᠶᠢᠨ ᠰᠦᠢᠳᠬᠡᠯ ᠤᠨ ᠥᠭᠡᠷᠡᠴᠢᠯᠡᠯᠲᠡ ᠶᠢᠨ ᠰᠢᠨ᠎ᠡ ᠪᠠᠷ ᠨᠡᠮᠡᠭᠳᠡᠭᠰᠡᠨ ᠣᠷᠣᠯᠭ᠎ᠠ ᠪᠠᠷ ᠤᠤᠯ ᠤᠨ ᠵᠠᠰᠠᠮᠠᠯ ᠵᠠᠮ ᠠᠷᠠᠴᠢᠯᠠᠬᠤ ᠰᠦᠢᠳᠬᠡᠯ ᠢ ᠣᠷᠣᠯᠠᠭᠤᠯᠤᠭᠰᠠᠨ ᠬᠡᠰᠡᠭ ᠢ ᠥᠭᠡᠷᠡᠴᠢᠯᠡᠯᠲᠡ ᠶᠢᠨ ᠰᠠᠭᠤᠷᠢ ︵2009 ᠣᠨ︶ ᠣᠨ ᠤ ᠵᠠᠰᠠᠮᠠᠯ ᠵᠠᠮ ᠠᠷᠠᠴᠢᠯᠠᠬᠤ ᠰᠦᠢᠳᠬᠡᠯ ᠤᠨ ᠣᠷᠣᠯᠭ᠎ᠠ ᠶᠢᠨ ︽ᠵᠢᠷᠭᠤᠭᠠᠨ ᠰᠦᠢᠳᠬᠡᠯ︾ ︵ᠵᠠᠰᠠᠮᠠᠯ ᠵᠠᠮ ᠢ ᠠᠷᠠᠴᠢᠯᠠᠬᠤ ᠰᠦᠢᠳᠬᠡᠯ᠂ ᠠᠭᠠᠷ ᠤᠨ ᠠᠶᠠᠯᠠᠯ ᠤᠨ ᠵᠠᠮ ᠢ ᠠᠷᠠᠴᠢᠯᠠᠬᠤ ᠰᠦᠢᠳᠬᠡᠯ᠂ ᠵᠠᠰᠠᠮᠠᠯ ᠵᠠᠮ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠦᠢᠳᠬᠡᠯ᠂ ᠵᠠᠰᠠᠮᠠᠯ ᠵᠠᠮ ᠤᠨ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠨᠡᠮᠡᠯᠲᠡ ᠰᠦᠢᠳᠬᠡᠯ᠂ ᠤᠰᠤᠨ ᠵᠠᠮ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠦᠢᠳᠬᠡᠯ᠂ ᠤᠰᠤᠨ ᠵᠠᠮ ᠤᠨ ᠲᠡᠭᠡᠭᠡᠪᠦᠷᠢ ᠶᠢᠨ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠨᠡᠮᠡᠯᠲᠡ ᠰᠦᠢᠳᠬᠡᠯ︶ ᠤᠨ ᠣᠷᠣᠯᠭ᠎ᠠ ᠳᠠᠬᠢ ᠡᠵᠡᠯᠡᠬᠦ ᠬᠠᠷᠢᠴᠠᠯ ᠠᠴᠠ ᠳᠣᠣᠷ᠎ᠠ ᠪᠠᠶᠢᠯᠭᠠᠵᠤ ᠪᠤᠯᠬᠤ ᠦᠭᠡᠶ᠃ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠶᠢᠯᠢ ᠶᠢᠨ ᠰᠦᠢᠳᠬᠡᠯ ᠤᠨ ᠥᠭᠡᠷᠡᠴᠢᠯᠡᠯᠲᠡ ᠶᠢᠨ ᠰᠢᠯᠵᠢᠭᠦᠯᠦᠨ ᠲᠦᠯᠦᠬᠦ ᠪᠡᠯᠡ ᠮᠥᠩᠭᠦ ᠶᠢ ᠡᠩ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠬᠡᠷᠡᠭᠯᠡᠬᠦ ᠬᠠᠷᠢᠴᠠᠯ ᠢ ᠡᠩ ᠤᠨ ᠪᠠᠶᠢᠳᠠᠯ ᠳᠤ 80 % ᠠᠴᠠ ᠳᠣᠣᠷ᠎ᠠ  ᠪᠠᠶᠢᠯᠭᠠᠵᠤ ᠪᠤᠯᠬᠤ ᠦᠭᠡᠶ ᠮᠥᠷᠲᠡᠭᠡᠨ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠳᠤ ᠬᠡᠷᠡᠭᠯᠡᠵᠦ ᠪᠤᠯᠬᠤ ᠦᠭᠡᠶ᠃ 2022 ᠣᠨ ᠠᠴᠠ ᠡᠬᠢᠯᠡᠨ᠂ ᠲᠣᠰ ᠪᠠᠯᠠ ᠮᠥᠩᠭᠦ ᠶᠢ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯᠯᠠᠭᠠᠨ ᠤ ᠵᠠᠷᠤᠳᠠᠯ ᠪᠠ ᠠᠵᠢᠯᠲᠠᠨ ᠵᠡᠷᠭᠡ ᠪᠤᠰᠤᠳ ᠵᠠᠷᠤᠯᠭ᠎ᠠ ᠳᠤ ᠣᠷᠣᠭᠤᠯᠬᠤ ᠥᠬᠡᠶ       ︵ᠬᠤᠶᠠᠷ︶ ᠡᠳ᠋ ᠤᠨ ᠵᠠᠰᠠᠭ ᠤᠨ ᠪᠠᠯᠠ ᠮᠥᠩᠭᠦ ᠶᠢᠨ ᠳᠠᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠨᠢ ᠬᠠᠷᠢᠶ᠎ᠠ ᠭᠠᠵᠠᠷ ᠤᠨ ᠡᠳ᠋ ᠤᠨ ᠵᠠᠰᠠᠭ ᠤᠨ ᠡᠷᠬᠡ ᠮᠡᠳᠡᠯ ᠳᠤ ᠬᠠᠷᠢᠶᠠᠯᠠᠭᠳᠠᠵᠤ᠂ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢ ᠵᠠᠷᠴᠢᠮ ᠳᠡᠭᠡᠷ᠎ᠡ ᠪᠠᠨ ᠭᠠᠵᠠᠷ ᠣᠷᠣᠨ ᠠᠴᠠ ᠥᠪᠡᠷ ᠤᠨ ᠡᠳ᠋ ᠤᠨ ᠬᠦᠴᠦᠨ ᠢᠶᠠᠷ ᠳᠡᠮᠵᠢᠨ ᠳᠣᠭᠢᠷᠠᠭᠤᠯᠵᠤ᠂ ᠡᠯ᠎ᠡ ᠭᠠᠵᠠᠷ ᠣᠷᠣᠨ ᠤ ᠵᠠᠷᠤᠯᠭ᠎ᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠳᠤ ᠣᠷᠣᠰᠢᠵᠤ ᠪᠠᠶᠢᠭ᠎ᠠ ᠣᠷᠣᠯᠭ᠎ᠠ ᠵᠠᠷᠤᠯᠭ᠎ᠠ ᠶᠢᠨ ᠳᠤᠲᠠᠭᠤ ᠳᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠠᠳᠠᠯᠢ ᠪᠤᠰᠤ ᠴᠠᠭ ᠦᠶ᠎ᠡ ᠶᠢᠨ ᠬᠥᠭᠵᠢᠯᠲᠡ ᠶᠢᠨ ᠬᠠᠷᠠᠯᠲᠠ ᠶᠢ ᠦᠨᠳᠦᠰᠦᠯᠡᠨ ᠵᠣᠬᠢᠬᠤ ᠬᠡᠮᠵᠢᠶᠡᠨ ᠤ ᠪᠠᠯᠠ ᠮᠥᠩᠭᠦ ᠶᠢᠨ ᠳᠡᠮᠵᠢᠯᠭᠡ  ᠦᠵᠡᠭᠦᠯᠦᠨ᠎ᠡ᠃ ᠡᠯ᠎ᠡ ᠭᠠᠵᠠᠷ ᠣᠷᠣᠨ ᠡᠳ᠋ ᠤᠨ ᠵᠠᠰᠠᠭ ᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠵᠤ᠂ ᠬᠠᠮᠢᠶ᠎ᠠ ᠪᠥᠬᠦᠶ ᠭᠠᠶᠢᠯᠢ ᠲᠠᠲᠠᠪᠤᠷᠢ ᠶᠢᠨ ᠪᠤᠴᠠᠭᠠᠯᠲᠠ ᠶᠢ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠬᠡᠷᠡᠭᠯᠡᠨ᠎ᠡ᠃ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠰᠢᠶᠠᠨ ᠲᠣᠭᠤᠷᠢᠭ ᠭᠤᠷᠪᠠᠨ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠣᠷᠣᠭᠤᠯᠬᠤ ᠬᠠᠷᠢᠴᠠᠯ ᠨᠢ 25 %᠂ 25 %᠂ 50 %᠂ ᠠᠷᠠᠴᠢᠯᠠᠨ ᠬᠠᠮᠠᠭᠠᠯᠠᠬᠤ ᠥᠪᠡᠷ ᠤᠨ ᠥᠷᠲᠡᠭ ᠤᠨ ᠬᠤᠪᠢᠷᠠᠯᠲᠠ ᠵᠡᠷᠭᠡ ᠬᠦᠴᠦᠨ ᠵᠦᠢᠯ ᠯᠦᠭᠡ ᠬᠤᠯᠪᠣᠭᠳᠠᠬᠤ ᠬᠥᠳᠡᠯᠦᠩᠭᠦᠶ ᠲᠣᠬᠢᠷᠠᠭᠤᠯᠤᠯᠲᠠ ᠶᠢᠨ ᠲᠣᠭᠲᠠᠴᠠ ᠶᠢ ᠢᠳᠡᠪᠬᠢᠲᠡᠶ ᠪᠠᠷ ᠰᠦᠪᠡᠭᠴᠢᠯᠡᠨ ᠪᠠᠶᠢᠭᠤᠯᠬᠤ ᠬᠡᠷᠡᠭᠲᠡᠢ︔ ᠬᠥᠳᠡᠭᠡ ᠲᠣᠰᠬᠤᠨ ᠤ ᠵᠠᠰᠠᠮᠠᠯ ᠵᠠᠮ ᠤᠨ ᠵᠢᠯ ᠪᠦᠷᠢ ᠺᠢᠯᠣᠮᠧᠲᠷ ᠪᠦᠷᠢ ᠶᠢᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠳᠤ ᠬᠡᠷᠡᠭᠯᠡᠬᠦ ᠶᠡᠷᠦᠩᠬᠡᠶ ᠲᠤᠭ᠎ᠠ ᠶᠢ ᠳᠣᠤᠷᠠᠬᠢ ᠪᠠᠷᠢᠮᠵᠢᠶ᠎ᠠ ᠠᠴᠠ ᠳᠣᠤᠷ᠎ᠠ ᠪᠠᠶᠢᠯᠭᠠᠵᠤ ᠪᠤᠯᠬᠤ ᠦᠭᠡᠶ᠄ ᠰᠢᠶᠠᠨ ᠤ ᠵᠠᠮ ᠳᠤ ᠵᠢᠯ ᠪᠦᠷᠢ ᠺᠢᠯᠣᠮᠧᠲᠷ ᠪᠦᠷᠢ ᠳᠤ 10000 ᠲᠥᠭᠦᠷᠢᠭ᠂ ᠰᠢᠶᠠᠩ ᠤᠨ ᠵᠠᠮ ᠳᠤ ᠵᠢᠯ ᠪᠦᠷᠢ ᠺᠢᠯᠣᠮᠧᠲᠷ ᠪᠦᠷᠢ ᠳᠤ 5000 ᠲᠥᠭᠦᠷᠢᠭ᠂ ᠲᠣᠰᠬᠤᠨ ᠤ ᠵᠠᠮ ᠳᠤ ᠵᠢᠯ ᠪᠦᠷᠢ ᠺᠢᠯᠣᠮᠧᠲᠷ ᠪᠦᠷᠢ ᠳᠤ 3000 ᠲᠥᠭᠦᠷᠢᠭ᠃ ᠡᠯ᠎ᠡ ᠭᠠᠵᠠᠷ ᠣᠷᠣᠨ ᠠᠷᠠᠴᠢᠯᠠᠨ ᠬᠠᠮᠠᠭᠠᠯᠠᠬᠤ ᠪᠡᠯᠡ ᠮᠥᠩᠭᠦ ᠪᠠᠭᠤᠯᠭᠠᠬᠤ ᠲᠥᠯᠥᠪᠯᠡᠭᠡ ᠪᠠ ᠬᠡᠷᠡᠭᠵᠢᠭᠦᠯᠬᠦ ᠲᠥᠯᠥᠪᠯᠡᠭᠡ ᠶᠢ ᠲᠤᠭᠲᠠᠭᠠᠬᠤ ᠳᠠᠭᠠᠨ᠂ ᠵᠠᠰᠠᠮᠠᠯ ᠵᠠᠮ ᠤᠨ ᠪᠠᠶᠢᠳᠠᠯ᠂ ᠵᠠᠮ ᠬᠠᠷᠢᠯᠴᠠᠭᠠᠨ ᠤ ᠨᠡᠪᠲᠡᠷᠡᠯᠭᠡ ᠶᠢᠨ ᠬᠡᠮᠵᠢᠶ᠎ᠡ᠂ ᠵᠠᠮ ᠤᠨ ᠭᠠᠳᠠᠷᠭᠤ ᠶᠢᠨ ᠲᠦᠷᠦᠯ᠂ ᠵᠠᠮ ᠤᠨ ᠥᠷᠭᠡᠡ ᠵᠡᠷᠭᠡ ᠬᠦᠴᠦᠨ ᠵᠦᠢᠯ ᠶᠣᠰᠣᠭᠠᠷ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠬᠡᠷᠡᠭᠲᠡᠢ᠃      ︵ᠭᠤᠷᠪᠠ︶ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠳᠤ ᠦᠨᠡᠯᠡᠨ ᠰᠢᠯᠭᠠᠬᠤ ᠲᠣᠭᠲᠠᠴᠠ ᠶᠢ ᠪᠠᠶᠢᠭᠤᠯᠵᠤ᠂ ᠦᠨᠡᠯᠡᠨ ᠰᠢᠯᠭᠠᠭᠰᠠᠨ ᠦᠷ᠎ᠡ ᠳ᠋ᠦᠩ ᠢ ᠬᠠᠮᠢᠶ᠎ᠠ ᠪᠦᠬᠦᠢ ᠪᠡᠯᠡ ᠣᠷᠣᠭᠤᠯᠤᠯᠲᠠ ᠯᠤᠭ᠎ᠠ ᠬᠤᠯᠪᠤᠭᠳᠠᠭᠤᠯᠤᠨ᠎ᠠ᠃ ᠡᠯ᠎ᠡ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠠᠴᠠ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠬᠡᠷᠡᠭᠯᠡᠭᠰᠡᠨ ᠪᠡᠯᠡ ᠮᠥᠩᠭᠦ ᠳᠤ ᠪᠦᠬᠦ ᠶᠠᠪᠤᠴᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠪᠦᠲᠦᠭᠡᠨ ᠪᠠᠶᠢᠭᠤᠯᠵᠤ — ᠰᠢᠯᠵᠢᠭᠦᠯᠦᠨ ᠲᠤᠰᠢᠶᠠᠬᠤ ︵BT︶ ᠵᠠᠭᠪᠤᠷ ᠢ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠣᠷᠣᠨ ᠨᠤᠲᠤᠭ ᠤᠨ ᠬᠢᠨ ︽ᠪᠦᠲᠦᠭᠡᠨ ᠪᠠᠶᠢᠭᠤᠯᠵᠤ ᠠᠷᠠᠴᠢᠯᠠᠨ ᠬᠠᠮᠠᠭᠠᠯᠠᠬᠤ ᠶᠢ ᠨᠢᠭᠡ ᠴᠣᠭᠴᠠᠵᠢᠭᠤᠯᠬᠤ︾ ᠨᠡᠷ᠎ᠡ ᠪᠠᠷ ᠰᠢᠨ᠎ᠡ ᠪᠠᠷ ᠳᠠᠯᠳᠠ ᠥᠷᠢ ᠥᠭᠴᠡᠭᠡ ᠨᠡᠮᠡᠭᠳᠡᠭᠦᠯᠬᠦ ᠶᠢ ᠴᠢᠩᠭ᠎ᠠ  ᠴᠠᠭᠠᠵᠠᠯᠠᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢ ᠡᠷᠬᠡᠪᠰᠢ ᠲᠤᠰᠬᠠᠶ ᠮᠦᠩᠭᠦ ᠢ ᠲᠤᠰᠬᠠᠶ ᠵᠦᠢᠯ ᠢᠶᠠᠷ ᠬᠡᠷᠡᠭᠯᠡᠵᠦ᠂ ᠡᠯ᠎ᠡ ᠱᠠᠲᠤᠨ ᠤ ᠬᠢᠨᠠᠨ ᠪᠣᠳᠣᠬᠤ ᠰᠠᠯᠠᠭ᠎ᠠ ᠮᠥᠴᠢᠷ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠣᠳᠣᠯᠲᠠ ᠬᠢᠬᠦ ᠬᠡᠷᠡᠭᠲᠡᠢ᠃       ︵ᠳᠥᠷᠪᠡ︶ ᠪᠡᠯᠡ ᠣᠷᠣᠭᠤᠯᠵᠤ ᠪᠡᠯᠡ ᠲᠣᠬᠢᠷᠠᠭᠤᠯᠬᠤ ᠠᠷᠭ᠎ᠠ ᠵᠠᠮ ᠳᠤ ᠰᠢᠨ᠎ᠡ ᠶᠢ ᠡᠭᠦᠳᠦᠨ᠎ᠡ᠃ ᠡᠯ᠎ᠡ ᠭᠠᠵᠠᠷ ᠣᠷᠣᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢᠨ ᠤᠷᠢᠳᠠᠪᠠᠷ ᠪᠠᠲᠤᠯᠠᠬᠤ ᠬᠦᠷᠢᠶ᠎ᠡ ᠴᠠᠷᠠᠭ᠎ᠠ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠪᠡᠯᠡ ᠮᠥᠩᠭᠦ ᠶᠢᠨ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠤᠨ᠂ ᠪᠡᠯᠡ ᠮᠥᠩᠭᠦ ᠪᠠᠷ ᠨᠥᠬᠦᠪᠥᠷᠢᠯᠡᠬᠦ᠂ ᠤᠷᠢᠳᠠᠪᠠᠷ ᠠᠷᠠᠴᠢᠯᠠᠵᠤ ᠳᠠᠷᠠᠭ᠎ᠠ ᠨᠢ ᠨᠥᠬᠦᠪᠥᠷᠢᠯᠡᠬᠦ᠂ ᠱᠠᠩᠨᠠᠯ ᠢᠶᠠᠷ ᠨᠦᠬᠦᠪᠦᠷᠢ ᠶᠢ ᠣᠷᠣᠯᠠᠭᠤᠯᠬᠤ᠂ ᠦᠨ᠎ᠡ ᠲᠥᠯᠥᠪᠦᠷᠢ ᠦᠭᠡᠶ ᠪᠠᠷ ᠮᠠᠲ᠋ᠧᠷᠢᠶᠠᠯ ᠤᠨ ᠲᠠᠯᠠᠪᠤᠷ ᠬᠠᠩᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢ ᠳᠡᠮᠵᠢᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠵᠢᠯᠲᠡ ᠶᠢ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢ ᠳᠡᠮᠵᠢᠬᠦ ᠬᠡᠪᠴᠢᠶᠡᠨ ᠳᠤ ᠣᠷᠣᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠣᠯᠤᠨ ᠵᠣᠬᠢᠬᠤ ᠬᠤᠭᠤᠴᠠᠭᠠᠨ ᠤ ᠠᠷᠠᠴᠢᠯᠠᠨ ᠬᠠᠮᠠᠭᠠᠯᠠᠬᠤ ᠶᠢ ᠬᠤᠯᠪᠣᠵᠤ ᠳᠠᠭᠠᠭᠠᠴᠢᠯᠠᠯᠲᠠ ᠵᠠᠷᠯᠠᠬᠤ ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠠᠵᠤ ᠦᠢᠯᠡᠰ᠂ ᠬᠦᠷᠢᠶᠡᠯᠡᠩ ᠲᠣᠭᠤᠷᠢᠭ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠡᠵᠡᠩᠨᠡᠯᠲᠡ ᠶᠢᠨ ᠴᠢᠨᠠᠷᠲᠠᠶ ᠲᠥᠷᠥᠯ ᠵᠦᠢᠯ ᠯᠦᠭᠡ ᠨᠢᠭᠡ ᠴᠣᠭᠴᠠᠵᠢᠭᠤᠯᠤᠨ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠵᠦ᠂ ᠡᠵᠡᠩᠨᠡᠯᠲᠡ ᠶᠢᠨ ᠠᠰᠢᠭ ᠣᠯᠵᠠᠪᠤᠷᠢ ᠶᠢ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠭᠡᠷᠡᠭᠯᠡᠨ᠎ᠡ᠃ ᠵᠠᠰᠠᠮᠠᠯ ᠵᠠᠮ ᠤᠨ ᠨᠡᠷ᠎ᠡ ᠬᠠᠳᠠᠬᠤ ᠡᠷᠬᠡ᠂ ᠵᠠᠷ ᠮᠡᠳᠡᠭᠡ ᠶᠢᠨ ᠡᠷᠬᠡ ᠶᠢ ᠬᠤᠳᠠᠯᠳᠤᠬᠤ᠂ ᠠᠵᠤ ᠠᠬᠤᠶᠢᠯᠠᠯ ᠪᠣᠯᠤᠨ ᠨᠡᠶᠢᠭᠡᠮ ᠤᠨ ᠡᠳ᠋ ᠮᠦᠩᠬᠦ ᠪᠠᠷ ᠲᠤᠰᠠᠯᠠᠬᠤ ᠵᠡᠷᠭᠡ ᠠᠷᠭ᠎ᠠ ᠮᠠᠶ᠋ᠢᠭ ᠢ ᠠᠪᠴᠤ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠡᠯᠡ ᠮᠥᠩᠭᠦ ᠴᠤᠭᠯᠠᠭᠤᠯᠬᠤ ᠶᠢ ᠵᠣᠷᠢᠭᠵᠢᠭᠤᠯᠤᠨ᠎ᠠ᠃ ᠳᠠᠭᠠᠳᠬᠠᠯ ᠤᠨ ᠪᠡᠯᠡ ᠮᠥᠩᠭᠦ ᠶᠢᠨ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠵᠢᠯᠲᠡ ᠳᠤ ᠬᠠᠤᠯᠢ ᠴᠠᠭᠠᠵᠠ ᠳᠦᠷᠢᠮ ᠲᠣᠭᠲᠠᠭᠠᠯ ᠶᠣᠰᠤᠭᠠᠷ  ᠤᠷᠤᠯᠴᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠭᠠᠮᠰᠢᠭ ᠲᠤ ᠰᠦᠢᠳᠬᠦ ᠳᠠᠭᠠᠳᠬᠠᠯ ᠢ ᠰᠦᠪᠡᠭᠴᠢᠯᠡᠨ  ᠦᠷᠨᠢᠭᠦᠯᠬᠦ ᠶᠢ ᠵᠣᠷᠢᠭᠵᠢᠭᠤᠯᠤᠨ᠎ᠠ᠃      ᠲᠠᠪᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ      ︵ᠨᠢᠭᠡ︶ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢ ᠵᠠᠬ᠎ᠠ ᠳᠡᠯᠭᠡᠭᠦᠷᠴᠢᠯᠡᠨ  ᠦᠭᠡᠷᠡᠴᠢᠯᠡᠬᠦ ᠶᠢ ᠡᠮᠬᠢ ᠵᠢᠷᠤᠮ ᠲᠠᠢ ᠲᠦᠯᠬᠢᠨ ᠠᠬᠢᠭᠤᠯᠤᠨ᠎ᠠ᠃ ᠲᠤᠰᠬᠠᠢ ᠪᠠᠶᠢᠭᠤᠯᠭ᠎ᠠ ᠶᠢᠨ ᠠᠵᠢᠯ ᠢ ᠤᠯᠠᠨ ᠲᠦᠮᠡᠨᠴᠢ ᠱᠤᠭᠤᠮ ᠲᠠᠢ ᠤᠶᠠᠯᠳᠤᠭᠤᠯᠤᠭᠰᠠᠨ ᠠᠷᠠᠴᠢᠯᠠᠨ ᠬᠠᠮᠠᠭᠠᠯᠠᠬᠤ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢ ᠵᠠᠬ᠎ᠠ ᠳᠡᠯᠭᠡᠭᠦᠷᠴᠢᠯᠡᠨ ᠦᠭᠡᠷᠡᠴᠢᠯᠡᠬᠦ ᠶᠢ ᠲᠥᠷᠥᠯ ᠬᠤᠪᠢᠶᠠᠨ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠵᠦᠢ ᠵᠣᠬᠢᠰᠲᠠᠶ ᠠᠵᠢᠯ ᠬᠤᠪᠢᠶᠠᠷᠢᠯᠠᠭᠰᠠᠨ ᠠᠷᠠᠴᠢᠯᠠᠨ ᠬᠠᠮᠠᠭᠠᠯᠠᠬᠤ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ᠂ ᠤᠨᠴᠠᠭᠠᠶᠢᠯᠠᠨ ᠵᠠᠷᠢᠮ ᠲᠤᠰᠬᠠᠶ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ᠂ ᠮᠡᠷᠭᠡᠵᠢᠯ ᠨᠢ ᠪᠤᠳᠤᠯᠢᠶᠠᠨᠲᠠᠶ ᠲᠤᠰᠬᠠᠶ ᠵᠦᠢᠯ ᠤᠨ ᠢᠨᠵᠧᠨᠧᠷᠢᠩ ᠢ ᠪᠣᠯ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠠᠷᠠᠴᠢᠯᠠᠨ ᠬᠠᠮᠠᠭᠠᠯᠠᠬᠤ ᠬᠢᠷᠢ ᠬᠡᠮ ᠲᠠᠢ ᠠᠷᠠᠴᠢᠯᠠᠨ ᠬᠠᠮᠠᠭᠠᠯᠠᠬᠤ ᠦᠢᠯᠡᠳᠪᠦᠷᠢᠯᠡᠯ ᠤᠨ ᠠᠵᠤ ᠠᠬᠤᠶᠢᠯᠠᠯ ᠢ ᠰᠣᠩᠭᠤᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠭ᠎ᠠ ᠬᠡᠮᠵᠢᠯᠲᠡ ᠪᠠᠷ ᠲᠦᠯᠦᠬᠦ᠂ ᠭᠡᠷ᠎ᠡ ᠪᠠᠷ ᠬᠠᠮᠢᠶᠠᠷᠬᠤ ᠶᠢ ᠬᠡᠷᠡᠭᠵᠢᠭᠦᠯᠵᠦ ᠪᠣᠯᠤᠨ᠎ᠠ᠃ ᠰᠢᠶᠠᠩ ᠤᠨ ᠵᠠᠮ ᠵᠢᠴᠢ ᠲᠣᠰᠬᠤᠨ ᠤ ᠵᠠᠮ ᠤᠨ ᠡᠳᠦᠷ ᠲᠤᠲᠤᠮ ᠤᠨ ᠠᠷᠢᠭᠤᠨ ᠴᠡᠪᠡᠷ ᠢ ᠵᠠᠮ ᠳᠠᠭᠠᠤ ᠶᠢᠨ ᠣᠯᠠᠨ ᠲᠦᠮᠡᠨ ᠳᠠᠭᠠᠭᠠᠴᠢᠯᠠᠨ ᠠᠷᠠᠴᠢᠯᠠᠵᠤ ᠬᠠᠮᠠᠭᠠᠯᠠᠬᠤ᠂ ︽ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ + ᠤᠨᠤᠴᠠᠳᠠᠢ ᠪᠠᠷ ᠶᠠᠳᠠᠭᠤ ᠶᠢ ᠲᠡᠳᠬᠦᠬᠦ︾ ᠠᠷᠠᠴᠢᠯᠠᠨ ᠬᠠᠮᠠᠭᠠᠯᠠᠬᠤ ᠵᠠᠭᠪᠤᠷ ᠢᠶᠠᠷ ᠳᠠᠮᠵᠢᠭᠤᠯᠤᠨ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠪᠠᠷ ᠭᠤᠣᠯ ᠴᠣᠭᠴᠠ ᠪᠣᠯᠭᠠᠵᠤ᠂ ᠵᠠᠰᠠᠮᠠᠯ ᠵᠠᠮ ᠳᠠᠭᠠᠤ ᠶᠢᠨ ᠲᠠᠷᠢᠶᠠᠴᠢᠳ ᠲᠤ ᠲᠤᠰᠢᠶᠠᠨ ᠬᠠᠷᠢᠭᠤᠴᠠᠭᠤᠯᠵᠤ᠂ ᠬᠤᠪᠢ ᠬᠥᠮᠦᠨ᠂ ᠭᠡᠷ ᠪᠦᠯᠢ ᠪᠠᠷ ᠬᠡᠰᠡᠭ ᠬᠤᠪᠢᠶᠠᠨ ᠳᠠᠭᠠᠭᠠᠴᠢᠯᠠᠭᠤᠯᠬᠤ ᠵᠡᠷᠭᠡ ᠠᠷᠭ᠎ᠠ ᠮᠠᠶ᠋ᠢᠭ ᠠᠪᠴᠤ ᠬᠡᠷᠡᠭᠵᠢᠭᠦᠯᠬᠦ ᠶᠢᠨ ᠬᠠᠮᠲᠤ ᠰᠢᠯᠢᠳᠡᠭ ᠨᠢ ᠢᠯᠠᠵᠤ ᠰᠢᠭᠠᠷᠤ ᠨᠢ ᠰᠢᠭᠰᠢᠭᠳᠡᠬᠦ ᠵᠠᠷᠴᠢᠮ ᠶᠣᠰᠣᠭᠠᠷ᠂ ᠬᠠᠷᠢᠴᠠᠩᠭᠤᠶ ᠲᠣᠭᠲᠠᠭᠤᠨ ᠣᠯᠠᠨ ᠲᠦᠮᠡᠨᠴᠢ ᠴᠢᠨᠠᠷᠲᠠᠶ ᠠᠷᠠᠴᠢᠯᠠᠨ ᠬᠠᠮᠠᠭᠠᠯᠠᠬᠤ ᠡᠩᠨᠡᠭᠡ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠵᠠᠮ ᠨᠢ ᠨᠡᠯᠢᠶᠡᠳ ᠤᠷᠲᠤ᠂ ᠵᠠᠮ ᠳᠠᠭᠠᠤ ᠶᠢᠨ ᠰᠠᠭᠤᠭᠠᠯᠢ ᠠᠷᠠᠳ ᠨᠡᠯᠢᠶᠡᠳ ᠴᠥᠭᠡᠨ ᠪᠠᠶᠢᠭ᠎ᠠ ᠬᠦᠳᠡᠭᠡ ᠲᠤᠰᠬᠤᠨ ᠤ ᠬᠠᠶᠢᠷ ᠴᠢᠯᠠᠭᠤᠨ  ᠵᠠᠮ ᠳᠤ᠂ ᠰᠢᠶᠠᠩ ᠪᠠᠯᠭᠠᠰᠤ ᠪᠣᠯᠤᠨ ᠲᠣᠰᠬᠤᠨ ᠬᠠᠪᠤᠷ ᠨᠠᠮᠤᠷ ᠬᠤᠶᠠᠷ ᠤᠯᠠᠷᠢᠯ ᠳᠤ ᠣᠶᠢᠷ᠎ᠠ ᠬᠠᠪᠢ ᠶᠢᠨ ᠣᠯᠠᠨ ᠲᠦᠮᠡᠨ ᠢ ᠵᠣᠬᠢᠶᠠᠨ ᠪᠠᠶᠢᠭᠤᠯᠤᠨ ᠬᠦᠴᠦ ᠬᠥᠳᠡᠯᠮᠦᠷᠢ ᠵᠠᠷᠤᠴᠠᠭᠤᠯᠵᠤ ᠲᠥᠪᠯᠡᠷᠡᠭᠦᠯᠦᠨ ᠠᠷᠠᠴᠢᠯᠠᠨ ᠬᠠᠮᠠᠭᠠᠯᠠᠨ᠎ᠠ᠃ ᠵᠠᠬ᠎ᠠ ᠳᠡᠯᠭᠡᠭᠦᠷ ᠤᠨ ᠰᠢᠨᠵᠢ ᠴᠢᠨᠠᠷ ᠲᠤ ᠨᠡᠶᠢᠴᠡᠬᠦ ᠠᠵᠢᠯ ᠦᠢᠯᠡᠰ ᠤᠨ ᠨᠢᠭᠡᠴᠡ ᠶᠢ ᠪᠠᠶᠢᠭᠤᠯᠤᠯ ᠢᠶᠠᠨ ᠬᠤᠪᠢᠷᠠᠭᠤᠯᠤᠨ ᠣᠳᠣ ᠦᠶ᠎ᠡ ᠶᠢᠨ ᠠᠵᠤ ᠠᠬᠤᠶᠢᠯᠠᠯ ᠪᠣᠯᠬᠤ ᠶᠢ ᠬᠥᠲᠥᠯᠥᠨ ᠵᠢᠯᠣᠭᠤᠳᠴᠤ᠂ ᠭᠤᠣᠯ ᠱᠤᠭᠤᠮ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠵᠤ ᠠᠷᠠᠴᠢᠯᠠᠨ ᠬᠠᠮᠠᠭᠠᠯᠠᠬᠤ ᠶᠢ ᠬᠥᠳᠡᠭᠡ ᠲᠣᠰᠬᠤᠨ ᠤ ᠵᠠᠰᠠᠮᠠᠯ ᠵᠠᠮ ᠯᠤᠭ᠎ᠠ ᠨᠡᠶᠢᠯᠡᠭᠦᠯᠦᠨ ᠳᠠᠭᠠᠭᠠᠴᠢᠯᠠᠯᠲᠠ ᠵᠠᠷᠯᠠᠬᠤ ᠶᠢ ᠵᠣᠷᠢᠭᠵᠢᠭᠤᠯᠵᠤ᠂ ᠠᠷᠠᠴᠢᠯᠠᠨ ᠬᠠᠮᠠᠭᠠᠯᠠᠬᠤ ᠠᠵᠤ ᠠᠬᠤᠶᠢᠯᠠᠯ ᠤᠨ ᠣᠷᠣᠨ ᠪᠦᠰᠡ ᠠᠯᠤᠰᠯᠠᠨ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠣᠷᠣᠯᠴᠠᠬᠤ ᠶᠢ ᠳᠡᠮᠵᠢᠨ᠎ᠡ᠃ ᠤᠷᠲᠤ ᠬᠤᠭᠤᠴᠠᠭᠠᠨ ᠤ ᠠᠷᠠᠴᠢᠯᠠᠨ ᠬᠠᠮᠠᠭᠠᠯᠠᠬᠤ ᠭᠡᠷ᠎ᠡ ᠲᠣᠭᠲᠠᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠡᠯᠡᠯᠴᠡᠭᠡᠷ ᠲᠣᠭᠲᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰᠬᠠᠶ ᠠᠷᠠᠴᠢᠯᠠᠨ ᠬᠠᠮᠠᠭᠠᠯᠠᠬᠤ ᠠᠵᠤ ᠠᠬᠤᠶᠢᠯᠠᠯ ᠤᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠬᠦᠲᠦᠯᠦᠨ ᠵᠢᠯᠤᠭᠤᠳᠴᠣ᠂ ᠠᠷᠠᠴᠢᠯᠠᠨ ᠬᠠᠮᠠᠭᠠᠯᠠᠬᠤ ᠶᠢᠨ ᠮᠠᠰᠢᠨᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠶᠡᠷᠦᠩᠬᠡᠶᠢᠯᠡᠨ ᠨᠡᠶᠢᠯᠡᠭᠦᠯᠵᠦ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠰᠦᠪᠡᠭᠴᠢᠯᠡᠬᠦ ᠪᠠᠷ ᠳᠠᠮᠵᠢᠭᠤᠯᠤᠨ᠂ ᠨᠡᠯᠢᠶᠡᠳ ᠴᠢᠩᠭ᠎ᠠ ᠶᠡᠷᠦᠩᠬᠡᠶᠢᠯᠡᠭᠰᠡᠨ ᠪᠣᠳᠠᠲᠤ ᠬᠦᠴᠦᠨ ᠲᠠᠢ ᠠᠷᠠᠴᠢᠯᠠᠨ ᠬᠠᠮᠠᠭᠠᠯᠠᠬᠤ ᠵᠦᠪᠯᠡᠯᠭᠡ ᠂ ᠪᠠᠷᠢᠯᠭ᠎ᠠ ᠶᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠢ ᠰᠣᠩᠭᠤᠵᠤ᠂ ᠵᠠᠮ ᠤᠨ ᠪᠠᠶᠢᠳᠠᠯ ᠢ ᠪᠠᠶᠢᠴᠠᠭᠠᠨ ᠰᠢᠨᠵᠢᠬᠦ᠂ ᠠᠷᠠᠴᠢᠯᠠᠨ ᠬᠠᠮᠠᠭᠠᠯᠠᠬᠤ ᠲᠦᠯᠦᠪᠵᠢᠭᠦᠯᠭᠡ᠂ ᠵᠢᠷᠣᠵᠤ ᠲᠥᠯᠥᠪᠯᠡᠬᠦ᠂ ᠪᠠᠷᠢᠯᠭ᠎ᠠ ᠪᠠᠷᠢᠬᠤ ᠵᠡᠷᠭᠡ ᠪᠥᠬᠦ ᠬᠡᠯᠬᠢᠶ᠎ᠡ ᠶᠢᠨ ᠦᠢᠯᠡᠴᠢᠯᠡᠭᠡ ᠬᠠᠩᠭᠠᠵᠤ᠂ ᠵᠠᠰᠠᠮᠠᠯ ᠵᠠᠮ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠠᠷᠠᠴᠢᠯᠠᠨ ᠬᠠᠮᠠᠭᠠᠯᠠᠬᠤ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠦᠨ᠎ᠡ᠃       ︵ᠬᠤᠶᠠᠷ︶ ᠠᠶᠤᠯᠭᠦᠢ ᠪᠠ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠮᠠᠯ ᠵᠠᠮ ᠤᠨ ᠠᠶᠤᠯᠭᠦᠢ ᠶᠢᠨ ᠪᠡᠯᠡᠳᠬᠡᠮᠵᠢ ᠶᠢ ᠭᠤᠣᠯ ᠴᠣᠭᠴᠠ ᠶᠢᠨ ᠪᠠᠷᠢᠯᠭ᠎ᠠ ᠯᠤᠭ᠎ᠠ ᠬᠠᠮᠲᠤ ᠳᠤᠨᠢ ᠵᠢᠷᠤᠵᠤ ᠲᠥᠯᠥᠪᠯᠡᠵᠦ᠂ ᠬᠠᠮᠲᠤ ᠳᠤᠨᠢ ᠪᠠᠷᠢᠵᠤ᠂ ᠬᠠᠮᠲᠤ ᠳᠤᠨᠢ ᠠᠰᠢᠭᠯᠠᠯᠲᠠ ᠳᠤ ᠣᠷᠣᠭᠤᠯᠤᠨ ᠬᠡᠷᠡᠭᠯᠡᠵᠦ᠂ ᠡᠯ᠎ᠡ ᠭᠠᠵᠠᠷ ᠣᠷᠣᠨ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠠᠵᠢᠯ ᠳᠠᠭᠤᠰᠤᠭᠰᠠᠨ ︵ᠲᠤᠰᠢᠶᠠᠭᠰᠠᠨ︶ ᠢ ᠰᠢᠯᠭᠠᠨ ᠠᠪᠬᠤ ᠳᠤ ᠤᠷᠤᠯᠴᠠᠭᠤᠯᠤᠨ᠎ᠠ᠃ ᠨᠢᠭᠡᠨᠲᠡ ᠪᠠᠶᠢᠭᠤᠯᠤᠭᠰᠠᠨ ᠪᠣᠯᠪᠠᠴᠤ ᠠᠶᠤᠯᠭᠦᠢ ᠶᠢᠨ ᠪᠡᠯᠡᠳᠬᠡᠮᠵᠢ ᠶᠢ ᠢᠵᠢ ᠪᠦᠷᠢᠳᠦᠭᠦᠯᠦᠭᠡᠳᠦᠶ ᠬᠥᠳᠡᠭᠡ ᠲᠣᠰᠬᠤᠨ ᠤ ᠵᠠᠰᠠᠮᠠᠯ ᠵᠠᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠵᠠᠬ᠎ᠠ ᠳᠡᠯᠭᠡᠭᠦᠷ ᠲᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠰᠤ ᠴᠢᠨᠠᠷ ᠢᠶᠠᠷ ᠭᠤᠤᠯ ᠪᠣᠯᠭᠠᠭᠰᠠᠨ ᠢᠲᠡᠭᠡᠮᠵᠢ ᠶᠢᠨ ᠦᠨᠡᠯᠡᠬᠦ ᠲᠣᠭᠲᠠᠴᠠ ᠶᠢ ᠬᠦᠴᠦᠯᠡᠨ ᠪᠠᠶᠢᠭᠤᠯᠵᠤ᠂ ᠢᠲᠡᠭᠡᠮᠵᠢ ᠲᠠᠢ ᠶᠢ ᠬᠤᠯᠪᠣᠭᠠᠯᠠᠨ ᠤᠷᠮᠠᠰᠢᠭᠤᠯᠬᠤ ᠪᠠ ᠢᠲᠡᠭᠡᠮᠵᠢ ᠪᠠᠨ ᠠᠯᠳᠠᠭᠰᠠᠨ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠬᠡᠷᠡᠭᠵᠢᠭᠦᠯᠦᠨ᠎ᠡ᠃      ︵ᠭᠤᠷᠪᠠ︶ ᠬᠠᠤᠯᠢ ᠳᠦᠷᠢᠮ ᠲᠥᠷᠥ ᠶᠢᠨ ᠪᠤᠳᠤᠯᠭ᠎ᠠ ᠪᠠ ᠡᠩᠨᠡᠭᠡᠨ ᠤ ᠪᠠᠶᠢᠭᠤᠯᠤᠯᠲᠠ ᠪᠠᠨ  ᠴᠢᠩᠭᠠᠳᠬᠠᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠬᠢᠮᠳᠠ ᠬᠡᠷᠡᠭᠴᠡᠭᠡ ᠲᠠᠢ᠂ ᠪᠣᠬᠢᠷᠲᠤᠯ ᠥᠬᠡᠶ ᠣᠨᠣᠯᠵᠢᠬᠤᠨ ᠢ ᠪᠠᠷᠢᠮᠲᠠᠯᠠᠵᠤ᠂ ᠭᠠᠵᠠᠷ ᠣᠷᠣᠨ ᠤ ᠠᠳᠠᠯᠢ ᠪᠤᠰᠤ ᠤᠨᠴᠠᠯᠢᠭ ᠢ ᠦᠨᠳᠦᠰᠦᠯᠡᠵᠦ᠂ ︽ᠦᠵᠡᠰᠬᠦᠯᠡᠩᠲᠦ ᠰᠠᠶᠢᠬᠠᠨ ᠵᠠᠰᠠᠮᠠᠯ ᠵᠠᠮ︾ ᠢ ᠡᠭᠦᠳᠦᠨ ᠪᠠᠶᠢᠭᠤᠯᠬᠤ ᠠᠵᠢᠯ ᠢ ᠲᠥᠷᠥᠯ ᠬᠤᠪᠢᠶᠠᠨ ᠠᠬᠢᠭᠤᠯᠤᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠤᠯᠪᠣᠭᠳᠠᠯ ᠪᠦᠬᠦᠢ ᠮᠡᠷᠭᠡᠵᠢᠯ ᠤᠨ ᠵᠢᠷᠤᠮᠵᠢᠯ᠂ ᠬᠠᠮᠢᠶᠠᠷᠤᠯᠲᠠ ᠶᠢᠨ ᠠᠷᠭ᠎ᠠ ᠶᠢ ᠨᠠᠶᠢᠳᠠᠪᠤᠷᠢᠵᠢᠭᠤᠯᠵᠤ᠂ ᠠᠷᠠᠴᠢᠯᠠᠨ ᠬᠠᠮᠠᠭᠠᠯᠠᠬᠤ ᠶᠢ ᠵᠢᠷᠤᠮᠵᠢᠭᠤᠯᠤᠨ᠂ ᠪᠠᠷᠢᠮᠵᠢᠶᠠᠵᠢᠭᠤᠯᠤᠨ ᠬᠦᠭᠵᠢᠭᠦᠯᠦᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠮ ᠤᠨ ᠶᠠᠪᠤᠳᠠᠯ ᠤᠨ ᠬᠠᠮᠢᠶᠠᠷᠤᠯᠲᠠ ᠶᠢ ᠨᠡᠶᠢᠳᠡᠮ ᠪᠦᠷᠬᠦᠭᠦᠯᠦᠨ᠎ᠡ᠃ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠪᠣᠯ ᠬᠥᠳᠡᠭᠡ ᠲᠣᠰᠬᠤᠨ ᠤ ᠵᠠᠰᠠᠮᠠᠯ ᠵᠠᠮ ᠤᠨ ᠠᠵᠢᠯ ᠢ ᠬᠠᠷᠢᠭᠤᠴᠠᠬᠤ ᠭᠤᠣᠯ ᠴᠣᠭᠴᠠ ᠪᠠᠶᠢᠵᠤ᠂ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠴᠢᠩᠭᠠᠳᠬᠠᠵᠤ᠂ ︽ᠬᠥᠨᠳᠡᠯᠡᠨ ᠢᠶᠠᠷ ᠬᠥᠪᠡᠭᠡ ᠳᠤᠨᠢ ᠬᠦᠷᠬᠦ᠂ ᠭᠤᠯᠳᠤ ᠪᠠᠷ ᠦᠵᠦᠭᠦᠷ ᠲᠤᠨᠢ ᠲᠤᠯᠬᠤ ︾ ᠲᠤᠤᠷᠴᠢᠯᠠᠭᠰᠠᠨ ᠬᠠᠮᠢᠶᠠᠷᠤᠯᠲᠠ ᠶᠢᠨ ᠪᠠᠶᠢᠷᠢᠰᠢᠯ ᠢ ᠪᠠᠶᠢᠭᠤᠯᠤᠨ᠎ᠠ᠃ ᠵᠠᠮ ᠤᠨ ᠳᠠᠷᠤᠭ᠎ᠠ ᠶᠢᠨ ᠳᠦᠷᠢᠮ ᠵᠢᠴᠢ ᠰᠢᠶᠠᠩ ᠲᠣᠰᠬᠤᠨ ᠤ ᠵᠠᠮ ᠤᠨ ᠲᠤᠰᠬᠠᠶ ᠬᠠᠮᠢᠶᠠᠷᠤᠭᠴᠢ ᠶᠢᠨ ᠳᠦᠷᠢᠮ ᠲᠠᠢ ᠤᠶᠠᠯᠳᠤᠭᠤᠯᠤᠨ᠂ ᠰᠢᠶᠠᠩ ᠪᠠᠯᠭᠠᠰᠤ ︵ᠬᠦᠳᠡᠭᠡ ᠲᠤᠰᠬᠤᠨ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠰᠬᠤᠨ ᠵᠢᠴᠢ ᠣᠯᠠᠨ ᠲᠦᠮᠡᠨ ᠤ ᠢᠳᠡᠪᠬᠢᠵᠢᠯ ᠢ ᠭᠦᠢᠴᠡᠳ ᠪᠠᠳᠠᠷᠠᠭᠤᠯᠵᠤ᠂ ᠰᠢᠶᠠᠨ ᠳᠤ ᠵᠠᠮ ᠤᠨ ᠶᠠᠪᠤᠳᠠᠯ ᠤᠨ ᠠᠩᠭᠢ ᠲᠠᠢ᠂ ᠰᠢᠶᠠᠩ ᠳᠤ ᠬᠢᠨᠠᠨ ᠬᠠᠮᠢᠶᠠᠷᠤᠭᠴᠢ ᠲᠠᠢ᠂ ᠲᠣᠰᠬᠤᠨ ᠳᠤ ᠵᠠᠮ ᠬᠠᠮᠠᠭᠠᠯᠠᠭᠴᠢ ᠲᠠᠢ ᠵᠠᠮ ᠤᠨ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠤᠨ ᠡᠩᠨᠡᠭᠡ ᠶᠢ ᠪᠠᠶᠢᠭᠤᠯᠬᠤ ᠬᠡᠷᠡᠭᠲᠡᠢ᠃      ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠴᠢᠩᠭᠠᠳᠬᠠᠨ᠎ᠠ      ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ  ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠶᠢᠨ ᠴᠢᠬᠤᠯᠠ ᠭᠠᠷᠲᠠᠴᠠ ᠪᠣᠯᠭᠠᠵᠤ᠂ ᠲᠣᠰ ᠭᠠᠵᠠᠷ ᠣᠷᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠤᠨ ᠵᠠᠩᠭᠢᠯᠠᠭ᠎ᠠ ᠶᠢ ᠨᠠᠷᠢᠯᠢᠬᠵᠢᠭᠤᠯᠤᠨ᠂ ᠰᠢᠶᠠᠩ ᠪᠠᠯᠭᠠᠰᠤ ︵ᠬᠦᠳᠡᠭᠡ ᠲᠤᠰᠬᠤᠨ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠰᠬᠤᠨ ᠢ ᠰᠢᠮᠳᠠᠭᠤᠯᠤᠨ ᠡᠯ᠎ᠡ ᠵᠣᠶᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠦᠷᠭᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠤᠲᠠ ᠶᠢᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠨᠢᠭᠲᠠ ᠬᠠᠮᠵᠢᠯᠴᠠᠨ᠂ ᠨᠢᠭᠡᠳᠦᠯᠲᠡᠢ ᠲᠦᠯᠦᠪᠯᠡᠨ ᠵᠣᠬᠢᠴᠠᠭᠤᠯᠵᠤ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠᠨ ᠰᠠᠶᠢᠲᠤᠷ ᠬᠢᠬᠦ ᠬᠡᠷᠡᠭᠲᠡᠢ᠃ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠵᠢᠯ ᠤᠨ ᠵᠢᠯᠣᠭᠤᠳᠤᠯᠭ᠎ᠠ ᠪᠠ ᠰᠢᠮᠳᠠᠭᠤᠯᠤᠨ ᠪᠠᠶᠢᠴᠠᠭᠠᠯᠲᠠ ᠪᠠᠨ ᠴᠢᠩᠭᠠᠳᠬᠠᠵᠤ ᠂ ᠬᠤᠲᠠ ᠶᠢᠨ ᠵᠠᠰᠠᠭ ᠤᠨ ᠣᠷᠳᠣᠨ ᠳᠤ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠢ᠃       ︵ᠬᠤᠶᠠᠷ︶ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠨ᠎ᠠ᠃ ᠬᠤᠲᠠ ᠶᠢᠨ ᠵᠠᠰᠠᠭ ᠤᠨ ᠣᠷᠳᠣᠨ ᠠᠴᠠ ᠡᠯ᠎ᠡ ᠭᠠᠵᠠᠷ ᠣᠷᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠠᠵᠢᠯ ᠳᠤ ᠵᠢᠯ ᠤᠨ ᠡᠴᠦᠰ ᠤᠨ ᠦᠨᠡᠯᠡᠯᠲᠡ ᠬᠢᠵᠦ᠂ ᠡᠯ᠎ᠡ ᠭᠠᠵᠠᠷ ᠣᠷᠣᠨ ᠠᠴᠠ ᠡᠯ᠎ᠡ ᠰᠢᠶᠠᠩ ᠪᠠᠯᠭᠠᠰᠤᠨ ᠳᠤ ᠵᠢᠯ ᠤᠨ ᠡᠴᠦᠰ ᠤᠨ ᠦᠨᠡᠯᠡᠯᠲᠡ ᠬᠢᠵᠦ᠂ ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠨ ᠬᠠᠮᠢᠶᠠᠷᠴᠣ ᠰᠠᠶᠢᠨ ᠬᠠᠮᠠᠭᠠᠯᠠᠬᠤ ᠡᠭᠦᠷᠭᠡ ᠬᠠᠷᠠᠯᠲᠠ ᠶᠣᠰᠣᠭᠠᠷ᠂ ᠬᠠᠷᠢᠭᠤᠴᠠᠯᠭ᠎ᠠ ᠪᠠᠨ ᠨᠠᠶᠢᠲᠠᠪᠤᠷᠢᠵᠢᠭᠤᠯᠤᠭᠰᠠᠨ᠂ ᠠᠵᠢᠯ ᠤᠨ ᠠᠬᠢᠴᠠ᠂ ᠪᠡᠯᠡ ᠮᠥᠩᠭᠦ ᠶᠢ ᠪᠤᠲᠠᠲᠠᠶᠢᠵᠢᠭᠤᠯᠤᠭᠰᠠᠨ ᠵᠡᠷᠭᠡ ᠪᠠᠶᠢᠳᠠᠯ ᠳᠤ ᠦᠨᠡᠯᠡᠯᠲᠡ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠰᠢᠢᠳᠪᠦᠷᠢᠯᠡᠨ᠎ᠡ᠃      ︵ᠭᠤᠷᠪᠠ︶ ᠳᠦᠷᠢᠮ ᠤᠨ ᠪᠠᠲᠤᠯᠠᠭ᠎ᠠ ᠶᠢ ᠪᠦᠷᠢᠨᠰᠢᠭᠦᠯᠦᠨ᠎ᠡ᠃ ᠡᠯ᠎ᠡ ᠭᠠᠵᠠᠷ ᠣᠷᠣᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠳᠦᠷᠢᠮ ᠪᠣᠯᠤᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠰᠢᠶᠠᠩ ᠪᠠᠯᠭᠠᠰᠤ ︵ᠬᠦᠳᠡᠭᠡ ᠲᠤᠰᠬᠤᠨ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠰᠬᠤᠨ ᠢ ᠵᠢᠯᠣᠭᠤᠳᠤᠨ ᠬᠥᠳᠡᠭᠡ ᠲᠣᠰᠬᠤᠨ ᠤ ᠬᠠᠮᠢᠶᠠᠷᠤᠯᠲᠠ ᠠᠷᠠᠴᠢᠯᠠᠯᠲᠠ ᠶᠢᠨ ᠬᠠᠮᠠᠭᠠᠯᠠᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠬᠤᠲᠠ ᠶᠢᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠤᠲᠠ ᠶᠢᠨ ᠱᠠᠲᠤᠨ ᠤ ᠲᠥᠷᠥ ᠶᠢᠨ ᠪᠤᠳᠣᠯᠭ᠎ᠠ ᠶᠢᠨ ᠵᠢᠯᠤᠭᠤᠳᠤᠯᠭ᠎ᠠ ᠪᠠᠨ ᠴᠢᠩᠭᠠᠳᠬᠠᠵᠤ᠂ ᠳᠦᠷᠢᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃       ︵ᠳᠥᠷᠪᠡ︶ ᠣᠬᠠᠭᠤᠯᠣᠨ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠥᠷᠭᠡᠨ ᠣᠯᠠᠨ ᠠᠷᠠᠳ ᠲᠦᠮᠡᠨ ᠳᠤ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠲᠣᠰᠬᠤᠨ ᠤ ᠳᠦᠷᠢᠮ ᠠᠷᠠᠳ ᠤᠨ ᠭᠡᠷ᠎ᠡ ᠶᠢᠨ ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ ᠳᠤ ᠦᠵᠡᠭᠦᠯᠬᠦ ᠢᠳᠡᠪᠬᠢ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠠᠷᠠᠳ ᠣᠯᠠᠨ ᠤ ᠵᠠᠮ ᠢ ᠬᠠᠮᠠᠭᠠᠯᠠᠬᠤ ᠬᠠᠷᠢᠭᠤᠴᠠᠯᠭᠠᠲᠤ ᠤᠬᠠᠮᠰᠠᠷ ᠢ ᠨᠡᠮᠡᠭᠳᠡᠭᠦᠯᠵᠦ᠂ ᠠᠷᠠᠳ ᠣᠯᠠᠨ ᠢ ᠬᠥᠲᠥᠯᠥᠨ ᠵᠢᠯᠣᠭᠤᠳᠴᠤ ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ ᠠᠵᠢᠯ ᠳᠤ ᠣᠷᠣᠯᠴᠠᠭᠤᠯᠤᠨ᠂ ᠪᠦᠬᠦ ᠨᠡᠶᠢᠭᠡᠮ ᠢᠶᠠᠷ ᠢᠶᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠠᠵᠢᠯ ᠢ ᠥᠷᠭᠡᠨ ᠢᠶᠠᠷ ᠬᠠᠯᠠᠮᠵᠢᠯᠠᠨ ᠳᠡᠮᠵᠢᠭᠰᠡᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ