ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ ᠵᠢᠴᠢ ᠬᠤᠶᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠪᠣᠯᠤᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/5
      2 ᠳ᠋ᠤᠭᠠᠷ ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠯᠢᠦ ᠵᠢᠢ ᠶᠢᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ ᠵᠢᠴᠢ ᠬᠤᠶᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠪᠣᠯᠤᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ  ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠸᠠᠩ ᠯᠢ ᠰᠢᠨ᠂ ᠸᠧᠨ ᠵᠢᠶᠠᠩ ᠬᠠᠢ᠂ ᠱᠢ ᠯᠢ ᠵᠢᠶᠦ᠋ᠨ᠂ ᠯᠢᠦ ᡁᠢ ᠴᠢᠶᠠᠩ᠂ ᠯᠦ ᠢᠦᠢ ᠵᠦᠩ᠂ ᠶᠦᠨ ᠵᠢᠶᠠᠨ ᠵᠦᠩ ᠬᠤᠷᠠᠯ ᠳᠤ ᠣᠷᠣᠯᠴᠠᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠱᠢ ᠲᠠᠢ ᠹᠧᠩ ᠨᠥᠬᠦᠷ  ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠬᠥᠬᠡᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠵᠢᠴᠢ ᠪᠤᠰᠤᠳ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ᠂ ᠨᠠᠮ ᠤᠨ ᠲᠡᠦᠬᠡ ᠶᠢ ᠰᠤᠷᠤᠯᠴᠠᠬᠤ ᠶᠢᠨ ᠴᠢᠬᠤᠯᠠ ᠴᠢᠨᠠᠷ ᠪᠣᠯᠤᠨ ᠵᠠᠶᠢᠯᠠᠰᠢ ᠦᠭᠡᠢ ᠴᠢᠨᠠᠷ  ᠢ ᠭᠦᠨᠵᠡᠭᠡᠢ ᠲᠠᠨᠢᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠪᠠᠲᠤ ᠴᠢᠩᠭ᠎ᠠ ᠲᠡᠦᠬᠡ ᠶᠢᠨ ᠡᠭᠦᠷᠭᠡᠲᠦ ᠪᠤᠳᠤᠯ ᠢᠶᠠᠷ ᠴᠢᠩᠭ᠎ᠠ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠡᠷᠢᠭᠦᠨ ᠤ ᠬᠤᠪᠢ ᠬᠥᠮᠦᠨ ᠪᠠ ᠲᠡᠷᠢᠭᠦᠨ ᠤ ᠬᠠᠮᠲᠤ ᠨᠡᠶᠢᠲᠡ ᠠᠴᠠ ᠰᠤᠷᠤᠯᠴᠠᠬᠤ ᠥᠷᠨᠢᠯᠲᠡ ᠶᠢ ᠦᠳᠲᠡᠷ ᠲᠦᠷᠭᠡᠨ ᠭᠠᠷᠭᠠᠵᠤ᠂ ᠥᠯᠢᠭᠡᠷ ᠳᠠᠭᠤᠷᠢᠶᠠᠯ ᠤᠨ ᠬᠥᠲᠥᠯᠥᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠤᠨ᠂ ᠤᠯᠠᠮ ᠨᠢᠭᠡ ᠠᠯᠬᠤᠮ ᠪᠠᠷᠢᠮᠵᠢᠶᠠᠯᠠᠨ ᠬᠠᠷᠭᠤᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠮᠠᠨ ᠤ ᠰᠢᠶᠠᠨ ᠤ ᠶᠠᠳᠠᠭᠤ  ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢ ᠠᠬᠢᠭᠤᠯᠬᠤ ᠬᠡᠷᠡᠭᠲᠡᠶ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠨ᠎ᠡ ᠬᠥᠭᠵᠢᠯᠲᠡ ᠶᠢᠨ ᠱᠠᠲᠤᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠰᠢᠨ᠎ᠡ ᠱᠠᠭᠠᠷᠳᠠᠯᠭ᠎ᠠ ᠰᠢᠨ᠎ᠡ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠴᠢᠬᠤᠯᠠ ᠠᠴᠠ ᠴᠢᠬᠤᠯᠠ ᠠᠵᠢᠯ ᠪᠣᠯᠭᠠᠵᠤ᠂ ᠮᠠᠨ ᠤ ᠰᠢᠶᠠᠨ ᠤ ᠡᠯ᠎ᠡ ᠵᠦᠢᠯ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠱᠠᠯᠠᠪᠳᠠᠨ ᠰᠤᠳᠤᠯᠤᠨ ᠠᠬᠢᠭᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠵᠦ᠂ ᠪᠦᠬᠦ ᠰᠢᠶᠠᠨ  ᠤ ᠬᠦᠴᠦᠨ ᠢ ᠲᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠢᠯᠠᠭᠠᠵᠤ᠂ ᠨᠡᠪᠲᠡᠷᠡᠲᠡᠯ᠎ᠡ ᠣᠢᠯᠠᠭᠠᠵᠤ᠂ ᠮᠡᠳᠡᠬᠦᠢ ᠬᠢᠬᠦᠢ  ᠪᠠᠨ ᠨᠢᠭᠡᠳᠬᠡᠵᠦ᠂ ᠣᠶᠤᠨ ᠴᠢᠳᠠᠯ ᠢᠶᠠᠨ ᠲᠥᠪᠯᠡᠷᠡᠭᠦᠯᠦᠨ ᠡᠯ᠎ᠡ ᠵᠦᠢᠯ ᠤᠨ ᠠᠵᠢᠯ ᠢ ᠰᠠᠢᠲᠤᠷ ᠠᠳᠬᠤᠵᠤ᠂ ᠪᠦᠬᠦ ᠵᠢᠯ ᠤᠨ ᠠᠵᠤ ᠠᠬᠤᠢ ᠨᠡᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠴᠢᠷᠮᠠᠢᠨᠠᠢ ᠪᠡᠶᠡᠯᠡᠭᠦᠯᠵᠦ᠂ ᠨᠠᠩ ᠥᠨᠳᠥᠷ ᠵᠣᠭᠰᠣᠴᠠ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠪᠦᠬᠦ ᠰᠢᠶᠠᠨ ᠤ ᠴᠢᠨᠠᠷ ᠰᠠᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠠᠭᠠᠨ ᠭᠠᠷᠭᠠᠪᠠ᠃      ᠬᠤᠷᠠᠯ ᠠᠴᠠ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠠᠯᠠᠭ᠎ᠠ ᠮᠥᠴᠢᠷ ᠠᠶᠤᠯᠭᠦᠢ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ᠂ ᠥᠨᠴᠥᠭ ᠪᠤᠯᠤᠩ ᠦᠯᠡᠳᠡᠭᠡᠯ ᠦᠭᠡᠢ ᠵᠢᠭᠰᠠᠭᠠᠨ ᠪᠠᠶᠢᠴᠠᠭᠠᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠡᠷᠡᠰ ᠪᠠᠲᠤᠯᠠᠬᠤ ᠬᠡᠷᠡᠭᠲᠡᠢ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠳᠤ ᠭᠦᠨᠵᠡᠭᠡᠶᠢᠷᠡᠨ ᠦᠢᠯᠡᠴᠢᠯᠡᠭᠡᠨ  ᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠢ ᠬᠠᠪᠰᠤᠷᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ︔ ᠪᠦᠬᠦ ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠢ ᠴᠢᠩᠭ᠎ᠠ ᠠᠩᠬᠠᠷᠴᠤ᠂ ᠢᠨᠵᠧᠨᠧᠷᠢᠩ ᠤᠨ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠨᠢᠮᠪᠠᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ︔ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠰᠡᠷᠭᠡᠭ ᠴᠢᠨᠠᠷ ᠢᠶᠠᠨ ᠪᠠᠲᠤᠯᠠᠵᠤ᠂ ᠠᠵᠢᠯ ᠤᠨ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠬᠢ ᠡᠭᠦᠰᠦᠯ ᠠᠴᠠ ᠨᠢ ᠰᠡᠷᠭᠡᠶᠢᠯᠡᠬᠦ ᠶᠢ ᠴᠢᠩᠭᠠᠳᠬᠠᠵᠤ᠂ ︽ᠬᠤᠶᠠᠷ ᠬᠤᠷᠠᠯ︾  ᠤᠨ ᠬᠤᠭᠤᠴᠠᠭᠠᠨ ᠳᠠᠬᠢ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠪᠠᠶᠢᠩᠭᠤ ᠶᠢᠨ ᠬᠤᠷᠠᠯ ᠠᠴᠠ ᠠᠵᠤ ᠦᠶᠯᠡᠳᠪᠦᠷᠢ ᠶᠢᠨ ᠬᠦᠷᠢᠶᠡᠯᠡᠩ ᠤᠨ ᠰᠢᠨ᠎ᠡ ᠪᠠᠷ ᠪᠠᠶᠢᠭᠤᠯᠤᠭᠰᠠᠨ ᠲᠥᠷᠥᠯ ᠵᠦᠶᠯ ᠤᠨ ︽ᠳᠣᠯᠤᠭ᠎ᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠲᠣᠭᠲᠠᠬᠤ ᠰᠢᠶᠠᠨ ᠤ ᠴᠠᠩ ᠵᠢᠶᠠ ᠶᠢᠩ᠂ ᠯᠢᠦ ᠵᠢᠶᠠ ᠶᠣᠣ ᠶᠢᠨ ᠲᠦᠮᠡᠨ ᠰᠠᠭᠠᠯᠢ ᠶᠢᠨ ᠦᠨᠢᠶ᠎ᠡ ᠲᠡᠵᠢᠭᠡᠬᠦ ᠮᠠᠯᠵᠢᠯ ᠤᠨ ᠲᠠᠯᠠᠪᠠᠶ ᠶᠢᠨ ᠤᠰᠤ ᠬᠠᠩᠭᠠᠬᠤ ᠢᠨᠵᠧᠨᠧᠷᠢᠩ᠂ ᠬᠠᠲᠤᠨ ᠭᠤᠤᠯ ᠳᠠᠭᠠᠤ ᠦᠵᠡᠰᠬᠦᠯᠡᠩᠲᠦ ᠰᠠᠶᠢᠬᠠᠨ ᠬᠠᠲᠤᠨ ᠭᠤᠤᠯ ᠤᠨ ᠠᠮᠢ ᠠᠬᠤᠶ ᠶᠢᠨ ᠵᠢᠷᠤᠭᠲᠤ ᠬᠤᠩᠭᠢᠯ ᠤᠨ ᠲᠥᠷᠥᠯ ᠵᠦᠶᠯ ᠢ ᠪᠥᠲᠥᠭᠡᠨ ᠪᠠᠶᠢᠭᠤᠯᠬᠤ ᠵᠡᠷᠭᠡ ᠶᠠᠪᠤᠳᠠᠯ ᠢ ᠰᠤᠳᠤᠯᠤᠨ ᠶᠠᠷᠢᠯᠴᠠᠪᠠ᠃
 
ᠢᠷᠡᠯᠲᠡ᠄ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号