3 ᠳ᠋ᠤᠭᠠᠷ ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠰᠢᠨ᠎ᠡ ᠬᠤᠲᠠ ᠲᠣᠭᠤᠷᠢᠭ ᠤᠨ 2021 | ᠣᠨ ᠤ ᠠᠩᠬᠠᠳᠤᠭᠠᠷ ᠤᠳᠠᠭᠠᠨ ᠤ ᠵᠠᠰᠠᠭ ᠤᠨ ᠣᠷᠳᠣᠨ ᠤ ᠪᠥᠬᠦᠳᠡ ᠬᠤᠷᠠᠯ ᠵᠢᠴᠢ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ᠃ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠹᠠᠨ ᡁᠢ ᠵᠥᠩ ᠬᠤᠷᠠᠯ ᠳᠤ ᠣᠷᠣᠯᠴᠠᠪᠠ᠃ | ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ | ᠳᠠᠷᠤᠭ᠎ᠠ ᠰᠢᠤᠢ ᠰᠢᠶᠠᠩ ᠵᠢᠶᠦ᠋ᠨ ᠬᠤᠷᠠᠯ ᠡᠷᠭᠢᠯᠡᠪᠡ᠃ | | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ | ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ ᠶᠡᠷᠦᠩᠬᠡᠶ ᠱᠦᠵᠢ | ᠰᠢ ᠶᠢᠨ ᠫᠢᠩ ᠤᠨ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ | ᠳ᠋ᠦᠩᠨᠡᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ | ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠪᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠤᠯᠠᠮᠵᠢᠯᠠᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠬᠦᠷᠢᠶᠡᠨ ᠳᠠᠬᠢ ᠰᠠᠬᠢᠯᠭ᠎ᠠ ᠪᠠᠲᠤ ᠶᠢ | ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ᠃ | ᠬᠤᠷᠠᠯ ᠠᠴᠠ ᠵᠢᠭᠠᠵᠣ ᠭᠠᠷᠭᠠᠭᠰᠠᠨ ᠨᠢ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠡᠬᠢᠯᠡᠯᠲᠡ ᠶᠢᠨ ᠵᠢᠯ ᠪᠣᠯᠤᠨ᠎ᠠ᠂ ᠮᠥᠨᠴᠦ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 | ᠵᠢᠯ ᠤᠨ ᠤᠢ ᠪᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠨ ᠤ ᠠᠩᠬᠠᠨ ᠤ ᠵᠢᠯ ᠪᠣᠯᠤᠨ᠎ᠠ᠂ ᠪᠦᠬᠦ | ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠭᠦᠷᠭᠡ ᠪᠡᠷᠬᠡ ᠬᠠᠲᠠᠭᠤᠵᠢᠯᠲᠠᠶ ᠮᠦᠷᠳᠡᠭᠡᠨ ᠬᠦᠨᠳᠦ | ᠨᠦᠰᠡᠷ ᠪᠠᠶᠢᠨ᠎ᠠ᠂ ᠡᠯ᠎ᠡ ᠰᠠᠯᠠᠭ᠎ᠠ ᠮᠥᠴᠢᠷ ᠨᠢᠭᠡᠴᠡ ᠡᠷᠬᠡᠪᠰᠢ ᠭᠤᠣᠯᠳᠠᠯᠭ᠎ᠠ ᠶᠢ ᠲᠤᠪᠤᠶᠢᠯᠭᠠᠵᠦ᠂ ᠵᠠᠩᠭᠢᠯᠠᠭ᠎ᠠ ᠶᠢ | ᠠᠳᠬᠤᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠦᠴᠢᠷ ᠪᠡᠷᠬᠡ ᠶᠢ ᠢᠯᠠᠨ᠂ ᠭᠤᠣᠯᠳᠠᠯᠭ᠎ᠠ ᠲᠠᠢ ᠡᠭᠦᠷᠭᠡ ᠶᠢᠨ | ᠰᠢᠪᠲᠤᠯᠤᠯᠲᠠ ᠪᠠᠷ ᠪᠦᠬᠦ᠋ᠢᠯᠡ ᠠᠵᠢᠯ ᠤᠨ ᠨᠠᠶᠢᠳᠠᠪᠤᠷᠢᠵᠢᠭᠤᠯᠤᠯᠲᠠ ᠶᠢ ᠳᠠᠶᠢᠴᠢᠯᠠᠬᠤ ᠬᠡᠷᠡᠭᠲᠡᠢ᠃ ᠪᠥᠬᠦ | ᠲᠤᠭᠤᠷᠢᠭ ᠤᠨ ᠳᠡᠭᠡᠳᠦ ᠳᠣᠤᠷᠠᠳᠤ ᠱᠠᠲᠤ ᠵᠠᠪᠠᠯ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ | ᠣᠷᠳᠣᠨ ᠤ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠪᠥᠬᠦ ᠬᠦᠴᠦᠨ ᠢᠶᠠᠷ ᠢᠶᠠᠨ | ᠰᠢᠪᠲᠤᠯᠤᠯᠲᠠ ᠭᠠᠷᠭᠠᠵᠤ᠂ ᠪᠥᠬᠦ ᠵᠢᠯ ᠤᠨ ᠡᠯ᠎ᠡ ᠵᠣᠶᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠨ᠎ᠡ ᠬᠡᠪ ᠰᠤᠷᠲᠠᠯ ᠢᠶᠠᠷ ᠰᠢᠨ᠎ᠡ ᠵᠢᠳᠬᠦᠯ ᠴᠢᠷᠮᠠᠶᠢᠯᠭ᠎ᠠ ᠶᠢ | ᠬᠦᠳᠦᠯᠥᠨ ᠳᠠᠭᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠡᠯᠡᠬᠦ ᠬᠡᠷᠡᠭᠲᠡᠢ ᠭᠡᠪᠡ᠃ | | | | | ᠬᠤᠷᠠᠯ ᠠᠴᠠ ᠴᠢᠬᠤᠯᠠᠴᠢᠯᠠᠭᠰᠠᠨ ᠨᠢ᠄ ᠰᠢ ᠶᠢᠨ ᠫᠢᠩ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠵᠢᠴᠢ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ | ᠦᠨᠡᠨᠬᠦ ᠠᠳᠬᠤᠨ ᠪᠣᠳᠠᠲᠠᠢ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯᠯᠠᠭ᠎ᠠ ᠪᠠᠷ ᠢᠶᠠᠨ | ᠠᠮᠠᠯᠠᠯᠲᠠ ᠪᠠᠨ ᠭᠦᠢᠴᠡᠳᠬᠡᠵᠦ᠂ ᠡᠬᠢᠯᠡᠯᠲᠡ ᠠᠴᠠ ᠨᠢ ᠬᠦᠴᠦᠯᠡᠨ ᠰᠢᠪᠲᠤᠯᠤᠯᠲᠠ ᠬᠢᠬᠦ ᠣᠪᠣᠷ ᠪᠠᠶᠢᠳᠠᠯ ᠢᠶᠠᠷ ᠪᠦᠬᠦ | ᠵᠢᠯ ᠤᠨ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠴᠠᠭ ᠦᠶ᠎ᠡ ᠳᠤ ᠣᠰᠣᠯᠳᠠᠬᠤ | ᠦᠭᠡᠢ᠂ ᠠᠷᠠᠳ ᠲᠦᠮᠡᠨ ᠳᠤ ᠣᠰᠣᠯᠳᠠᠬᠤ ᠦᠭᠡᠢ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ | ᠲᠤᠰᠢᠶᠠᠬᠤ ᠬᠡᠷᠡᠭᠲᠡᠢ᠃ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠰᠢᠯᠢᠳᠡᠭ ᠠᠮᠵᠢᠯᠲᠠ ᠪᠠᠷ ᠢᠶᠠᠨ | ᠪᠡᠯᠭᠡᠯᠡᠶ᠎ᠡ ᠭᠡᠪᠡ᠃ | | | | | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠳᠡᠳ᠋ ᠭᠠᠵᠠᠷ ᠤᠨ ᠲᠠᠰ ᠤᠨ ᠺᠠᠳ᠋ᠷ᠂ ᠲᠣᠭᠤᠷᠢᠭ ᠤᠨ ᠵᠠᠰᠠᠭ ᠤᠨ ᠣᠷᠳᠣᠨ ᠤ ᠪᠦᠷᠢᠯᠳᠦᠬᠦᠨ | ᠰᠠᠯᠠᠭ᠎ᠠ ᠮᠥᠴᠢᠷ᠂ ᠬᠤᠲᠠ ᠶᠢᠨ ᠰᠢᠭᠤᠳ ᠬᠠᠷᠢᠶ᠎ᠠ ᠨᠢᠭᠡᠴᠡ᠂ ᠲᠣᠭᠤᠷᠢᠭ ᠤᠨ ᠵᠠᠰᠠᠭ ᠤᠨ ᠣᠷᠳᠣᠨ ᠤ ᠰᠢᠭᠤᠳ | ᠬᠠᠷᠢᠶ᠎ᠠ ᠣᠨᠴᠠᠭᠠᠶ ᠪᠠᠶᠢᠭᠤᠯᠤᠮᠵᠢ᠂ ᠪᠤᠷᠤᠬᠤᠰᠢᠭᠤ ᠪᠠᠯᠭᠠᠰᠤ᠂ ᠬᠤᠩ ᠱᠧᠩ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠢᠨ ᠴᠧᠩ ᠺᠣᠮᠫᠠᠨᠢ᠂ | ᠰᠢᠨ ᠲᠦᠤ ᠺᠣᠮᠫᠠᠨᠢ᠂ ᠬᠤᠩ ᠱᠧᠩ ᠺᠣᠮᠫᠠᠨᠢ᠂ ᠢ ᠯᠧ ᠨᠠᠰᠤᠵᠢᠯ ᠤᠨ ᠠᠰᠠᠷᠠᠮᠵᠢ ᠶᠢᠨ ᠺᠣᠮᠫᠠᠨᠢ ᠵᠡᠷᠭᠡ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | |