ᠵᠠᠩ ᠶᠦᠩ ᠸᠧᠨ ᠲᠣᠬᠢᠷᠠᠭᠤᠯᠣᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/5
     3 ᠳ᠋ᠤᠭᠠᠷ ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠣᠬᠢᠷᠠᠭᠤᠯᠣᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠧᠩ ᠨᠢᠦ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠬᠤ ᠠᠵᠢᠯ ᠢ ᠤᠯᠠᠮ ᠨᠢᠭᠡ ᠠᠯᠬᠤᠮ ᠲᠣᠬᠢᠷᠠᠭᠤᠯᠤᠨ ᠪᠠᠶᠢᠷᠢᠯᠠᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠲᠠᠯ᠎ᠠ ᠪᠠ ᠪᠠᠶᠢᠯᠳᠤᠬᠤ ᠪᠣᠳᠣᠯᠭ᠎ᠠ ᠶᠢᠨ ᠳᠡᠭᠡᠳᠦ ᠬᠡᠮᠵᠢᠶᠡᠨ ᠠᠴᠠ ᠮᠧᠩ ᠨᠢᠦ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠦᠬᠦ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ᠂ ᠴᠢᠨᠠᠷ ᠰᠠᠶᠢᠲᠠᠶ ᠠᠮᠢᠳᠤᠷᠠᠯ ᠢ ᠡᠭᠦᠳᠦᠨ ᠪᠦᠲᠦᠭᠡᠬᠦ ᠴᠢᠬᠤᠯᠠ ᠠᠴᠢᠶᠠᠯᠠᠪᠤᠷᠢ ᠪᠣᠯᠭᠠᠵᠤ᠂ ᠲᠥᠯᠥᠪᠵᠢᠭᠦᠯᠭᠡ ᠶᠢ ᠲᠡᠭᠦᠯᠳᠡᠷᠵᠢᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠬᠦᠴᠦ ᠣᠷᠣᠭᠤᠯᠵᠤ᠂ ᠲᠣᠭᠠᠴᠢᠯᠠᠬᠤ᠂ ᠤᠶᠤᠨᠴᠢᠯᠠᠬᠤ᠂ ᠤᠬᠠᠭᠠᠨᠴᠢᠯᠠᠭᠰᠠᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠬᠠᠮᠲᠤᠪᠠᠷ ᠵᠥᠪᠳᠡᠯᠴᠡᠬᠦ ᠬᠠᠮᠲᠤᠪᠠᠷ ᠪᠠᠶᠢᠭᠤᠯᠬᠤ ᠬᠠᠮᠲᠤᠪᠠᠷ ᠡᠳ᠋ᠯᠡᠬᠦ ᠪᠦᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠨ ᠪᠥᠭᠡᠳ ᠥᠨᠳᠥᠷ ᠪᠦᠲᠦᠮᠵᠢᠲᠡᠢ᠂ ᠯᠠᠪᠳᠠᠭᠤᠨ ᠪᠠᠲᠤᠲᠠᠢ ᠬᠦᠴᠦᠲᠡᠢ ᠠᠬᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃      ᠬᠤᠷᠠᠯ ᠠᠴᠠ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠬᠤᠷᠠᠯ ᠳᠤ ᠣᠷᠣᠯᠴᠠᠭᠰᠠᠳ ᠬᠦᠴᠢᠷ ᠠᠰᠠᠭᠤᠳᠠᠯ ᠢ ᠨᠢᠭᠡᠳ ᠨᠢᠭᠡ ᠪᠠᠷ ᠰᠤᠳᠤᠯᠤᠨ ᠭᠦᠢᠴᠡᠳ ᠶᠠᠷᠢᠯᠴᠠᠪᠠ᠃      ᠵᠠᠩ ᠶᠦᠩ ᠸᠧᠨ᠂ ᠠᠵᠤ ᠦᠢᠯᠡᠰ ᠤᠨ ᠬᠦᠷᠢᠶᠡᠯᠡᠩ ᠤᠨ ᠬᠠᠮᠵᠢᠯᠴᠠᠬᠤ ᠲᠥᠯᠥᠪᠵᠢᠭᠦᠯᠭᠡ᠂ ᠠᠵᠤ ᠦᠢᠯᠡᠰ ᠤᠨ ᠲᠥᠯᠥᠪᠵᠢᠭᠦᠯᠭᠡ᠂ ᠭᠠᠵᠠᠷ ᠬᠡᠷᠡᠭᠯᠡᠬᠦ ᠲᠥᠯᠥᠪᠵᠢᠭᠦᠯᠭᠡ ᠶᠢ ᠴᠢᠩᠭᠠᠳᠬᠠᠵᠤ᠂ ᠠᠵᠤ ᠦᠢᠯᠡᠰ ᠤᠨ ᠬᠦᠷᠢᠶᠡᠯᠡᠩ ᠤᠨ ᠠᠵᠤ ᠦᠢᠯᠡᠰ᠂ ᠡᠮ ᠡᠮᠨᠡᠯᠭᠡ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ ᠵᠡᠷᠭᠡ ᠶᠢᠨ ᠵᠦᠢ ᠵᠣᠬᠢᠰᠲᠠᠢ ᠪᠠᠶᠢᠷᠢᠰᠢᠭᠤᠯᠤᠯᠲᠠ ᠶᠢ ᠶᠡᠷᠦᠩᠬᠡᠶᠢᠯᠡᠨ ᠪᠣᠳᠣᠯᠬᠢᠯᠠᠵᠤ᠂ ᠠᠵᠤ ᠦᠢᠯᠡᠰ ᠤᠨ ᠬᠦᠷᠢᠶᠡᠯᠡᠩ ᠤᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠬᠦᠴᠦᠯᠡᠨ ᠴᠢᠩᠭᠠᠳᠬᠠᠬᠤ ᠬᠡᠷᠡᠭᠲᠡᠢ᠃ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠠᠬᠢᠴᠠ ᠪᠠᠨ ᠲᠦᠷᠭᠡᠳᠬᠡᠨ᠂ ᠴᠠᠭ ᠬᠤᠭᠤᠴᠠᠭ᠎ᠠ ᠶᠢ ᠠᠮᠵᠢᠨ᠂ ᠡᠬᠢ ᠪᠠᠶᠠᠯᠢᠭ ᠪᠣᠯᠤᠨ ᠬᠦᠴᠦᠨ ᠴᠢᠳᠠᠯ ᠢᠶᠠᠨ ᠡᠮᠬᠢᠯᠡᠨ ᠨᠡᠶᠢᠯᠡᠭᠦᠯᠵᠦ᠂ ᠲᠤᠰᠬᠠᠶ ᠠᠩᠬᠢ ᠪᠠᠶᠢᠭᠤᠯᠵᠤ᠂ ᠵᠢᠷᠤᠭ ᠡᠯᠭᠦᠵᠦ ᠪᠠᠶᠢᠯᠳᠤᠭᠠᠨ ᠬᠢᠵᠦ᠂ ᠪᠢᠲᠡᠭᠦᠦ ᠴᠠᠭᠠᠷᠢᠭ ᠢ ᠪᠤᠢ ᠪᠣᠯᠭᠠᠨ᠂ ᠡᠳᠦᠷ ᠪᠦᠷᠢ ᠠᠬᠢᠴᠠ ᠲᠠᠢ᠂ ᠡᠳᠦᠷ ᠪᠦᠷᠢ ᠪᠣᠳᠠᠲᠤ ᠦᠷ᠎ᠡ ᠪᠦᠲᠦᠮᠵᠢ ᠲᠠᠢ ᠪᠣᠯᠬᠤ ᠶᠢ ᠦᠨᠡᠨ ᠬᠦ ᠪᠠᠲᠤᠯᠠᠵᠤ᠂ ᠯᠠᠪᠳᠠᠭᠤᠨ ᠪᠠᠲᠤᠲᠠᠶ ᠠᠵᠢᠯ ᠤᠨ ᠦᠷ᠎ᠡ ᠪᠦᠲᠦᠮᠵᠢ ᠪᠠᠷ ᠢᠶᠠᠨ ᠰᠦ ᠶᠢᠨ ᠦᠢᠯᠡᠰ ᠤᠨ ᠠᠵᠤ ᠦᠢᠯᠡᠰ ᠢ ᠲᠥᠪᠯᠡᠷᠡᠭᠦᠯᠵᠦ ᠡᠷᠴᠢᠮᠵᠢᠭᠦᠯᠦᠨ ᠬᠥᠭᠵᠢᠭᠦᠯᠬᠦ ᠶᠢ ᠪᠡᠶᠡᠯᠡᠭᠦᠯᠬᠦ ᠬᠡᠷᠡᠭᠲᠡᠶ᠃ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠬᠦᠴᠦ ᠲᠠᠯᠪᠢᠵᠤ᠂ ᠦᠢᠯᠡᠳᠦᠯᠭᠡ ᠶᠢᠨ ᠳᠤᠮᠳᠠ ᠲᠠᠰᠤᠷᠠᠯᠲᠠ ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠪᠠᠲᠤᠯᠠᠵᠤ ᠂ ᠣᠶᠤᠨᠴᠢ ᠦᠢᠯᠡᠳᠬᠦ ᠲᠣᠭᠤᠷᠢᠭ ᠪᠠ ᠪᠠᠶᠢᠯᠳᠤᠬᠤ ᠪᠤᠳᠤᠯᠭ᠎ᠠ ᠶᠢᠨ ᠰᠢᠨ᠎ᠡ ᠶᠢ ᠡᠭᠦᠳᠬᠦ ᠲᠣᠭᠤᠷᠢᠭ ᠤᠨ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠬᠦ ᠶᠢ ᠪᠠᠲᠤᠯᠠᠬᠤ ᠬᠡᠷᠡᠭᠲᠡᠢ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠯᠢᠦ ᠰᠢᠶᠤᠤ ᠬᠠᠮᠢᠶ᠎ᠠ ᠪᠥᠬᠦᠶ ᠠᠵᠢᠯ ᠤᠨ ᠲᠠᠯ᠎ᠠ ᠪᠠᠷ ᠪᠠᠶᠢᠷᠢᠯᠠᠭᠤᠯᠤᠯᠲᠠ ᠬᠢᠭᠰᠡᠨ ᠪᠥᠭᠡᠳ ᠪᠣᠳᠠᠲᠠᠶ ᠱᠠᠭᠠᠷᠳᠠᠯᠭ᠎ᠠ ᠳᠤᠷᠠᠳᠴᠠᠶ᠃      ᠰᠢᠶᠠᠨ ᠤ ᠤᠳᠤᠷᠢᠳᠤᠯᠭ᠎ᠠ ᠾᠧ ᠹᠧᠩ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠨ ᡁᠢ ᠶᠦᠩ᠂ ᠮᠧᠩ ᠨᠢᠦ ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号