ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 2021 ᠣᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠯᠪᠠᠨ ᠵᠠᠷᠤᠳᠠᠯ ᠤᠨ ᠨᠥᠬᠦᠪᠦᠷᠢ ᠶᠢᠨ ᠲᠥᠰᠥᠪ 2475 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2021/3/5
      ︵ᠰᠤᠷᠪᠤᠯᠵᠢᠯᠠᠭᠴᠢ ᠰᠦᠩ ᠰᠢᠶᠠᠩ ᠬᠤᠸᠠ︶ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠶᠡᠷᠦᠩᠬᠡᠢ ᠪᠣᠳᠠᠲᠤ ᠬᠦᠴᠦᠨ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ︽2021 ᠣᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠯᠪᠠᠨ ᠵᠠᠷᠤᠳᠠᠯ ᠤᠨ ᠨᠥᠬᠦᠪᠦᠷᠢ ᠶᠢᠨ ᠲᠥᠰᠥᠪ ᠢ ᠪᠠᠭᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠥᠮᠥᠵᠢᠯ ᠤᠨ ᠲᠢᠩᠬᠢᠮ ᠤᠨ ᠮᠡᠳᠡᠭᠳᠡᠯ︾ ᠪᠠ ᠬᠤᠲᠠ ᠶᠢᠨ ᠰᠤᠷᠭᠠᠨ ᠬᠥᠮᠥᠵᠢᠯ ᠤᠨ ᠬᠤᠪᠢᠶᠠᠬᠤ ᠰᠠᠨᠠᠯ ᠢ ᠦᠨᠳᠦᠰᠦᠯᠡᠨ᠂ ᠬᠤᠲᠠ ᠶᠢᠨ ᠡᠳ᠋ ‍ᠦᠨ‌ᠵᠠᠰᠠᠭ ᠤᠨ ᠲᠣᠪᠴᠢᠶ᠎ᠠ ᠠᠴᠠ ᠣᠷᠴᠢᠮ 2021 ᠣᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠯᠪᠠᠨ ᠵᠠᠷᠤᠳᠠᠯ ᠤᠨ ᠨᠥᠬᠦᠪᠦᠷᠢ ᠶᠢᠨ ᠲᠥᠰᠥᠪ 2475 ᠲᠦᠮᠡᠨ ᠲᠥᠭᠦᠷᠢᠭ ᠪᠠᠭᠤᠯᠭᠠᠪᠠ᠃ 2021 ᠣᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠳᠤᠮᠳᠠᠴᠢ ᠶᠢᠨ ᠠᠯᠪᠠᠨ ᠵᠠᠷᠤᠳᠠᠯ ᠤᠨ ᠰᠠᠭᠤᠷᠢ ᠪᠠᠷᠢᠮᠵᠢᠶ᠎ᠠ ᠲᠤᠭ᠎ᠠ ᠨᠢ ᠰᠤᠷᠤᠭᠴᠢ ᠪᠦᠷᠢ ᠵᠢᠯ ᠪᠦᠷᠢ 1000 ᠲᠥᠭᠦᠷᠢᠭ᠃ ᠲᠤᠰ ᠤᠳᠠᠭᠠᠨ ᠤ ᠪᠡᠯᠡ ᠮᠥᠩᠭᠦ ᠶᠢ ᠪᠠᠭᠤᠯᠭᠠᠭᠰᠠᠨ ᠨᠢ᠂ ᠮᠠᠨ ᠤ ᠬᠤᠲᠠ ᠶᠢᠨ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠨᠳᠦᠰᠦᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠪᠠᠲᠤᠯᠠᠭ᠎ᠠ ᠶᠢᠨ ᠦᠢᠯᠡᠳᠦᠯ ᠦᠵᠡᠭᠦᠯᠬᠦ ᠪᠣᠯᠣᠨ᠎ᠠ᠃      ᠡᠭᠦᠨ ᠠᠴᠠ ᠭᠠᠳᠠᠨ᠎ᠠ᠂ ᠮᠠᠨ ᠤ ᠬᠤᠲᠠ ᠶᠢᠨ ᠰᠤᠷᠭᠠᠨ ᠬᠥᠮᠥᠵᠢᠯ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠠᠭᠰᠢ ᠶᠢᠨ ᠡᠩᠨᠡᠭᠡ ᠶᠢᠨ ᠶᠡᠷᠦᠩᠬᠡᠢ ᠬᠡᠪ ᠪᠣᠯᠪᠠᠰᠤᠷᠠᠯ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠣᠷᠴᠢᠮᠬᠠᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ 2021 ᠣᠨ ᠤ ᠪᠠᠭᠰᠢ ᠶᠢᠨ ᠪᠣᠯᠪᠠᠰᠤᠷᠠᠭᠤᠯᠤᠯ ᠤᠨ ᠲᠤᠰᠬᠠᠢ ᠪᠡᠯᠡ ᠮᠥᠩᠭᠦ 223.50 ᠲᠦᠮᠡᠨ ᠲᠥᠭᠦᠷᠢᠭ ᠪᠠᠭᠤᠯᠭᠠᠵᠤ᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠱᠠᠲᠤᠨ ᠤ ᠰᠤᠷᠭᠠᠭᠤᠯᠢ ᠶᠢᠨ ᠵᠠᠬᠢᠷᠤᠯ ᠤᠨ ᠰᠡᠭᠦᠳᠡᠷ ᠪᠣᠯᠪᠠᠰᠤᠷᠠᠭᠤᠯᠤᠯ ᠤᠨ ᠠᠩᠭᠢ᠂ ᠳᠤᠮᠳᠠᠳᠤ ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠪᠣᠯᠪᠠᠰᠤᠷᠠᠭᠤᠯᠤᠯ ᠵᠡᠷᠭᠡ ᠲᠠᠯ᠎ᠠ ᠶᠢᠨ ᠵᠠᠷᠤᠳᠠᠯ ᠳᠤ ᠲᠤᠰᠬᠠᠢ ᠬᠡᠷᠡᠭᠯᠡᠨ᠎ᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号