ᠾᠧ ᠬᠠᠢ ᠳ᠋ᠦᠩ ᠰᠠᠶᠢᠬᠠᠨ ᠲᠣᠭᠤᠷᠢᠭ ᠤᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠵᠢᠴᠢ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠦᠵᠦ ᠲᠥᠯᠥᠪᠯᠡᠭᠡ ᠶᠢ ᠰᠠᠶᠢᠨ ᠬᠢᠵᠦ ᠦᠨᠡᠨ ᠪᠣᠳᠠᠲᠠᠢ ᠴᠡᠭᠴᠡᠯᠡᠨ ᠵᠠᠰᠠᠬᠤ ᠦᠷ᠎ᠡ ᠪᠦᠲᠦᠮᠵᠢ ᠪᠠᠷ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2021/3/5
      ︵ᠰᠤᠷᠪᠤᠯᠵᠢᠯᠠᠭᠴᠢ ᠠᠷᠢᠭᠤᠨ᠎ᠠ︶ 3 ᠳ᠋ᠤᠭᠠᠷ ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠰᠠᠶᠢᠬᠠᠨ ᠲᠣᠭᠤᠷᠢᠭ ᠲᠤ ᠬᠦᠷᠴᠦ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠵᠢᠴᠢ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠰᠠᠶᠢᠬᠠᠨ ᠲᠣᠭᠤᠷᠢᠭ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠵᠦ ᠲᠥᠯᠥᠪᠯᠡᠭᠡ ᠶᠢ ᠰᠠᠶᠢᠨ ᠬᠢᠵᠦ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠵᠢᠴᠢ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠵᠡᠷᠭᠡ᠂ ᠨᠢᠰᠬᠡᠯ ᠤᠨ ᠪᠠᠭᠤᠳᠠᠯ ᠤᠨ ᠡᠮᠦᠨ᠎ᠡ ᠬᠡᠰᠡᠭ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠬᠤᠷᠳᠤᠴᠠ ᠪᠠᠨ ᠲᠦᠷᠭᠡᠳᠬᠡᠨ᠂ ᠮᠠᠨ ᠤ ᠬᠤᠲᠠ ᠶᠢᠨ ᠠᠭᠠᠷ ᠮᠠᠨᠳᠠᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠦᠨᠡᠨ ᠪᠣᠳᠠᠲᠠᠢ ᠴᠡᠭᠴᠡᠯᠡᠨ ᠵᠠᠰᠠᠬᠤ ᠦᠷ᠎ᠡ ᠪᠦᠲᠦᠮᠵᠢ ᠪᠠᠷ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ ᠭᠡᠵᠡᠢ᠃      ᠲᠤᠰ ᠡᠳᠦᠷ ᠲᠤ᠂ ᠾᠧ ᠬᠠᠢ ᠳ᠋ᠦᠩ ᠨᠠᠷ ᠤᠷᠢᠳ ᠬᠤᠵᠢᠳ ᠰᠠᠶᠢᠬᠠᠨ ᠲᠣᠭᠤᠷᠢᠭ ᠤᠨ ᠡᠮᠦᠨ᠎ᠡ ᠪᠤᠲᠠᠴᠢ ᠲᠣᠰᠬᠤᠨ᠂ ᠰᠢᠯᠠᠷᠳᠠᠢ ᠲᠣᠰᠬᠤᠨ᠂ ᠭᠤᠣᠯ ᠤᠨ ᠪᠠᠶᠢᠰᠢᠩ ᠲᠣᠰᠬᠤᠨ᠂ ᠬᠤᠷᠢᠨᠭᠡᠷ ᠲᠣᠰᠬᠤᠨ ᠳᠤ ᠬᠦᠷᠴᠦ ᠪᠠᠶᠢᠴᠠᠭᠠᠨ ᠰᠤᠳᠤᠯᠵᠤ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠵᠢᠴᠢ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠭᠰᠠᠨ ᠪᠠᠶᠢᠳᠠᠯ ᠢ ᠨᠠᠷᠢᠨ ᠣᠶᠢᠯᠭᠠᠪᠠ᠃ ᠾᠧ ᠬᠠᠢ ᠳ᠋ᠦᠩ ᠨᠢᠭᠡ ᠭᠠᠵᠠᠷ ᠬᠦᠷᠬᠦ ᠪᠦᠷᠢ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠭᠰᠠᠨ ᠪᠠᠶᠢᠳᠠᠯ᠂ ᠨᠡᠭᠦᠷᠡᠰᠦ ᠶᠢ ᠴᠠᠬᠢᠯᠭᠠᠨ ᠢᠶᠠᠷ ᠥᠭᠡᠷᠡᠴᠢᠯᠡᠭᠰᠡᠨ ᠪᠠᠶᠢᠳᠠᠯ᠂ ᠲᠥᠪᠯᠡᠷᠡᠭᠦᠯᠦᠭᠰᠡᠨ ᠳᠤᠯᠠᠭᠠᠯᠠᠭ᠎ᠠ ᠶᠢ ᠠᠬᠢᠭᠤᠯᠵᠤ ᠪᠠᠶᠢᠭ᠎ᠠ ᠡᠷᠴᠢᠮ ᠵᠢᠴᠢ ᠬᠦᠴᠢᠷᠳᠡᠯ ᠲᠠᠢ ᠠᠰᠠᠭᠤᠳᠠᠯ ᠵᠡᠷᠭᠡ ᠶᠢ ᠨᠠᠷᠢᠨ ᠬᠢᠨᠠᠮᠠᠭᠠᠢ ᠯᠠᠪᠯᠠᠨ ᠠᠰᠠᠭᠤᠵᠤ᠂ ᠬᠤᠯᠪᠣᠭᠳᠠᠯ ᠪᠦᠬᠦᠢ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃      ᠾᠧ ᠬᠠᠢ ᠳ᠋ᠦᠩ ᠵᠢᠭᠠᠬᠤ ᠳᠠᠭᠠᠨ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠪᠣᠯ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠢᠯᠠᠯᠲᠠ ᠣᠯᠬᠤ ᠶᠢᠨ ᠪᠦᠲᠦᠮᠵᠢᠲᠡᠢ ᠠᠷᠭ᠎ᠠ ᠬᠡᠮᠵᠢᠶ᠎ᠡ ᠮᠥᠨ᠂ ᠰᠠᠶᠢᠬᠠᠨ ᠲᠣᠭᠤᠷᠢᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠳᠠᠷᠤᠰᠢᠭᠤᠯᠤᠨ᠂ ᠭᠠᠵᠠᠷ ᠣᠷᠣᠨ ᠳᠤᠨᠢ ᠵᠣᠬᠢᠴᠠᠭᠤᠯᠤᠨ᠂ ᠣᠯᠠᠨ ᠠᠷᠭ᠎ᠠ ᠬᠡᠮᠵᠢᠶ᠎ᠡ ᠶᠢ ᠵᠡᠷᠭᠡ ᠬᠡᠷᠡᠭᠯᠡᠵᠦ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠢ᠃ ᠪᠠᠭ᠎ᠠ ᠤᠴᠢᠷ ᠠᠴᠠ ᠡᠬᠢᠯᠡᠨ ᠭᠠᠷᠳᠠᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠶᠡᠭᠡ ᠬᠦᠴᠦ ᠣᠷᠣᠭᠤᠯᠤᠨ ᠥᠭᠡᠷᠡᠴᠢᠯᠡᠨ ᠰᠠᠶᠢᠵᠢᠷᠠᠭᠤᠯᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠦᠨᠡᠨᠬᠦ ᠢᠯᠠᠯᠲᠠ ᠣᠯᠬᠤ ᠬᠡᠷᠡᠭᠲᠡᠢ ᠭᠡᠵᠡᠢ᠃      ᠰᠠᠭᠤᠳᠠᠯ ᠤᠨ ᠬᠤᠷᠠᠯ ᠳᠡᠭᠡᠷ᠎ᠡ᠂ ᠾᠧ ᠬᠠᠢ ᠳ᠋ᠦᠩ  ᠰᠠᠶᠢᠬᠠᠨ ᠲᠣᠭᠤᠷᠢᠭ ᠤᠨ ᠨᠢᠰᠬᠡᠯ ᠤᠨ ᠪᠠᠭᠤᠳᠠᠯ ᠤᠨ ᠡᠮᠦᠨ᠎ᠡ ᠬᠡᠰᠡᠭ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠠᠵᠢᠯ ᠤᠨ ᠮᠡᠳᠡᠭᠦᠯᠦᠯᠲᠡ᠂ ᠨᠢᠰᠬᠡᠯ ᠤᠨ ᠪᠠᠭᠤᠳᠠᠯ ᠤᠨ ᠡᠮᠦᠨ᠎ᠡ ᠬᠡᠰᠡᠭ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠶᠢ ᠰᠣᠨᠣᠰᠪᠠ᠃ ᠲᠡᠷᠡ ᠴᠢᠬᠤᠯᠠᠴᠢᠯᠠᠬᠤ ᠳᠠᠭᠠᠨ᠂ ᠰᠠᠶᠢᠬᠠᠨ ᠲᠣᠭᠤᠷᠢᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠵᠢᠴᠢ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠲᠦᠷᠭᠡᠨ ᠥᠷᠨᠢᠭᠦᠯᠵᠦ᠂ ᠶᠡᠬᠡᠪᠡᠷ ᠨᠤᠷᠠᠭᠠᠵᠤ ᠶᠡᠬᠡᠪᠡᠷ ᠪᠠᠷᠢᠬᠤ ᠶᠢ ᠡᠷᠡᠰ ᠲᠡᠪᠴᠢᠨ᠂ ᠲᠣᠰᠬᠤᠨ ᠤ ᠤᠤᠯ ᠤᠨ ᠰᠠᠭᠤᠷᠢᠰᠢᠯ ᠢ ᠬᠠᠳᠠᠭᠠᠯᠠᠭᠰᠠᠨ ᠤ ᠰᠠᠭᠤᠷᠢᠨ ᠳᠡᠭᠡᠷ᠎ᠡ᠂ ᠡᠮᠬᠢᠯᠡᠬᠦ ᠮᠠᠶ᠋ᠢᠭ ᠢᠶᠠᠷ ᠥᠭᠡᠷᠡᠴᠢᠯᠡᠬᠦ ᠶᠢᠨ ᠬᠠᠮᠲᠤ᠂ ᠬᠥᠳᠡᠭᠡ ᠲᠣᠰᠬᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠭᠤᠣᠯᠳᠠᠯᠭ᠎ᠠ ᠶᠢ ᠳᠣᠪᠣᠶᠢᠯᠠᠭᠠᠨ᠂ ᠣᠨᠣᠪᠴᠢᠲᠠᠢ ᠬᠦᠴᠦᠯᠡᠵᠦ᠂ ᠬᠥᠳᠡᠭᠡ ᠲᠣᠰᠬᠤᠨ ᠤ ᠵᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠮᠠᠨᠳᠤᠨ ᠬᠥᠭᠵᠢᠬᠦ ᠳᠤ ᠬᠦᠴᠦᠨ ᠨᠡᠮᠡᠬᠦ ᠬᠡᠷᠡᠭᠲᠡᠢ᠃ ᠭᠤᠣᠯᠳᠠᠯᠭ᠎ᠠ ᠶᠢ ᠠᠳᠬᠤᠨ ᠳᠤᠲᠠᠭᠤ ᠪᠠᠨ ᠨᠥᠬᠦᠪᠦᠷᠢᠯᠡᠨ ᠪᠠᠭᠤᠷᠠᠢ ᠪᠠᠨ ᠬᠦᠴᠦᠷᠬᠡᠭᠵᠢᠭᠦᠯᠵᠦ᠂ ᠬᠥᠳᠡᠭᠡ ᠲᠣᠰᠬᠤᠨ ᠤ ︽ᠵᠣᠷᠯᠣᠩ ᠤᠨ ᠬᠤᠪᠢᠰᠬᠠᠯ︾᠂ ᠠᠮᠢᠳᠤᠷᠠᠯ ᠤᠨ ᠪᠣᠬᠢᠷ ᠤᠰᠤ ᠶᠢ ᠵᠠᠰᠠᠬᠤ᠂ ᠠᠮᠢᠳᠤᠷᠠᠯ ᠤᠨ ᠬᠤᠭ ᠨᠣᠪᠰᠢ ᠶᠢ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠢᠶᠠᠷᠤᠯᠲᠠ ᠪᠠ ᠵᠠᠰᠠᠯᠲᠠ ᠶᠢ ᠵᠡᠷᠭᠡ ᠬᠡᠷᠡᠭᠵᠢᠭᠦᠯᠬᠦ ᠬᠡᠷᠡᠭᠲᠡᠢ᠃ ᠣᠷᠣᠰᠢᠨ ᠰᠠᠭᠤᠬᠤ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠪᠡᠯᠡ ᠮᠥᠩᠭᠦ ᠶᠢᠨ ᠣᠷᠣᠭᠤᠯᠤᠯᠲᠠ ᠶᠢ ᠪᠠᠲᠤᠯᠠᠬᠤ ᠶᠢᠨ ᠬᠠᠮᠲᠤ᠂ ᠪᠡᠯᠡ ᠮᠥᠩᠭᠦ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭᠠᠳᠬᠠᠵᠤ᠂ ᠪᠡᠯᠡ ᠮᠥᠩᠭᠦ ᠶᠢᠨ ᠠᠰᠢᠭᠯᠠᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠤᠭᠤᠷᠣᠨᠳᠤ ᠪᠠᠨ ᠬᠠᠷᠢᠯᠴᠠᠭ᠎ᠠ ᠬᠤᠯᠪᠣᠭ᠎ᠠ ᠪᠠᠨ ᠴᠢᠩᠭᠠᠳᠬᠠᠵᠤ᠂ ᠥᠨᠳᠥᠷ ᠪᠦᠲᠦᠮᠵᠢᠲᠡᠢ ᠵᠣᠬᠢᠴᠠᠯᠳᠤᠨ᠂ ᠨᠢᠭᠲᠠ ᠬᠠᠮᠵᠢᠯᠴᠠᠵᠤ᠂ ᠠᠵᠢᠯ ᠤᠨ ᠳᠤᠮᠳᠠ ᠣᠷᠣᠰᠢᠭᠰᠠᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠴᠡᠭᠴᠡᠯᠡᠨ ᠥᠭᠡᠷᠡᠴᠢᠯᠡᠬᠦ ᠡᠭᠦᠷᠭᠡ ᠶᠢ ᠲᠣᠭᠲᠠᠭᠰᠠᠨ ᠴᠠᠭ ᠤᠨ ᠶᠣᠰᠣᠭᠠᠷ ᠲᠤᠭ᠎ᠠ ᠴᠢᠨᠠᠷ ᠢ ᠪᠠᠲᠤᠯᠠᠨ ᠪᠡᠶᠡᠯᠡᠭᠦᠯᠬᠦ ᠬᠡᠷᠡᠭᠲᠡᠢ ᠭᠡᠵᠡᠢ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠧᠩ ᠮᠢᠨ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠬᠤ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号