ᠾᠧ ᠬᠠᠢ ᠳ᠋ᠦᠩ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯᠳᠠᠯᠭ᠎ᠠ ᠲᠠᠢ ᠨᠣᠷᠮᠠᠵᠢᠭᠤᠯᠤᠭᠰᠠᠨ ᠡᠭᠦᠷᠭᠡ ᠬᠠᠷᠠᠯᠲᠠ ᠶᠢᠨ ᠵᠠᠳᠠᠯᠤᠯᠲᠠ ᠵᠡᠷᠭᠡ ᠶᠢ ᠰᠤᠳᠤᠯᠵᠤ ᠵᠠᠷᠴᠢᠮ ᠳᠡᠭᠡᠷ᠎ᠡ ᠪᠠᠨ ᠪᠠᠲᠤᠯᠠᠪᠠ
ᠨᠡᠶᠢᠲᠡᠯᠡᠭᠰᠡᠨ ᠴᠠᠭ᠄
2021/3/8
      3 ᠳ᠋ᠤᠭᠠᠷ ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯᠳᠠᠯᠭ᠎ᠠ ᠲᠠᠢ ᠨᠣᠷᠮᠠᠵᠢᠭᠤᠯᠤᠭᠰᠠᠨ ᠡᠭᠦᠷᠭᠡ ᠬᠠᠷᠠᠯᠲᠠ ᠶᠢᠨ ᠵᠠᠳᠠᠯᠤᠯᠲᠠ ᠵᠡᠷᠭᠡ ᠶᠢ ᠰᠤᠳᠤᠯᠵᠤ ᠵᠠᠷᠴᠢᠮ ᠳᠡᠭᠡᠷ᠎ᠡ ᠪᠠᠨ ᠪᠠᠲᠤᠯᠠᠪᠠ︔ 2020 ᠣᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠵᠢᠴᠢ 2021 ᠣᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ  ᠲᠦᠯᠦᠪᠵᠢᠬᠦᠯᠦᠭᠰᠡᠨ ᠪᠠᠶᠢᠳᠠᠯ ᠢ ᠰᠣᠨᠣᠰᠴᠤ ᠵᠠᠷᠴᠢᠮ ᠳᠡᠭᠡᠷ᠎ᠡ ᠪᠠᠨ ᠪᠠᠲᠤᠯᠠᠪᠠ︔ ︽ᠬᠥᠬᠡᠬᠤᠲᠠ ᠶᠢᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ︵2021 ᠣᠨ ᠤ ᠬᠡᠪ︶︾ ᠵᠡᠷᠭᠡ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯ 2021 ᠣᠨ ᠤ ᠵᠠᠰᠠᠭ ᠤᠨ ᠣᠷᠳᠣᠨ ᠤ ᠭᠤᠣᠯ ᠠᠵᠢᠯ ᠤᠨ ᠡᠭᠦᠷᠭᠡ ᠶᠢ ᠲᠣᠳᠣᠷᠬᠠᠶᠢᠯᠠᠵᠤ᠂ ᠬᠤᠲᠠ ᠶᠢᠨ ᠵᠠᠰᠠᠭ ᠤᠨ ᠣᠷᠳᠣᠨ ᠠᠴᠠ ᠲᠥᠪ ᠬᠤᠲᠠ ᠶᠢᠨ 300 ᠭᠠᠷᠤᠢ ᠲᠦᠮᠡᠨ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠪᠣᠯᠣᠨ᠎ᠠ᠂ ᠬᠠᠷᠢᠭᠤᠴᠠᠯᠭ᠎ᠠ ᠶᠢᠨ ᠪᠢᠴᠢᠭ᠂ ᠠᠮᠠᠯᠠᠯᠲᠠ ᠶᠢᠨ ᠪᠢᠴᠢᠭ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠳᠠᠷᠤᠰᠢᠭᠤᠯᠤᠨ᠂ ᠡᠭᠦᠷᠭᠡ ᠶᠢ ᠤᠯᠠᠮ ᠨᠢᠭᠡ ᠠᠯᠬᠤᠮ ᠨᠠᠷᠢᠯᠢᠭ ᠵᠠᠳᠠᠯᠵᠤ᠂ ᠪᠣᠳᠠᠲᠠᠶᠢᠵᠢᠭᠤᠯᠤᠭᠰᠠᠨ᠂ ᠲᠥᠷᠥᠯ ᠵᠦᠢᠯᠵᠢᠭᠦᠯᠦᠭᠰᠡᠨ ᠬᠡᠷᠡᠭᠵᠢᠭᠦᠯᠬᠦ ᠲᠥᠰᠥᠯ ᠭᠠᠷᠭᠠᠨ᠂ ᠴᠠᠭ ᠤᠨ ᠠᠬᠢᠴᠠ᠂ ᠬᠠᠷᠢᠭᠤᠴᠠᠬᠤ ᠰᠠᠯᠠᠭ᠎ᠠ ᠮᠥᠴᠢᠷ᠂ ᠬᠠᠷᠢᠭᠤᠴᠠᠬᠤ ᠬᠥᠮᠥᠨ ᠲᠣᠭᠲᠠᠭᠠᠨ᠂ ᠵᠢᠷᠤᠭ ᠡᠯᠭᠦᠨ ᠪᠠᠶᠢᠯᠳᠤᠵᠤ᠂ ᠮᠥᠷᠳᠡᠨ ᠪᠠᠶᠢᠴᠠᠭᠠᠵᠤ᠂ ᠮᠥᠷᠳᠡᠨ ᠲᠣᠬᠢᠷᠠᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠲᠤᠭ᠎ᠠ ᠴᠢᠨᠠᠷ ᠢ ᠪᠠᠲᠤᠯᠠᠨ ᠲᠣᠭᠲᠠᠭᠰᠠᠨ ᠴᠠᠭ ᠲᠠᠭᠠᠨ ᠪᠡᠶᠡᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠵᠢᠭᠠᠭᠰᠠᠨ ᠨᠢ᠂ ᠮᠠᠨ ᠤ ᠬᠤᠲᠠ ᠶᠢᠨ 2021 ᠣᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠨᠢ ᠣᠳᠣᠬᠠᠨ ᠤ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠵᠦ᠂ ᠣᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠨᠡᠶᠢᠴᠡᠵᠦ᠂ ᠬᠥᠬᠡᠬᠤᠲᠠ ᠶᠢᠨ ᠣᠳᠣᠬᠠᠨ ᠤ ᠪᠣᠳᠠᠲᠤ ᠪᠠᠶᠢᠳᠠᠯ ᠳᠤ ᠨᠡᠶᠢᠴᠡᠨ᠎ᠡ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠥᠷᠥᠯ ᠵᠦᠢᠯ ᠤᠨ ᠴᠠᠭ ᠬᠤᠭᠤᠴᠠᠭ᠎ᠠ᠂ ᠭᠤᠭᠴᠤᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠢᠨ᠎ᠡ ᠪᠠᠷ ᠪᠠᠶᠢᠭᠤᠯᠬᠤ ᠲᠥᠷᠥᠯ ᠤᠨ ᠡᠮᠦᠨ᠎ᠡ ᠬᠤᠭᠤᠴᠠᠭᠠᠨ ᠤ ᠭᠠᠷ ᠭᠦᠢᠴᠡᠳᠬᠡᠯ ᠢ  ᠱᠠᠯᠠᠪᠳᠠᠨ ᠭᠦᠢᠴᠡᠳᠬᠡᠵᠦ᠂ ᠰᠠᠭᠠᠳ ᠦᠭᠡᠢ ᠵᠠᠮ ᠢ ᠡᠷᠲᠡᠬᠡᠨ ᠪᠠᠶᠢᠭᠤᠯᠵᠤ᠂ ᠲᠥᠷᠥᠯ ᠵᠦᠢᠯ ᠤᠨ ᠠᠬᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ᠂ ᠡᠷᠲᠡᠬᠡᠨ ᠡᠬᠢᠯᠡᠭᠦᠯᠵᠦ ᠡᠷᠲᠡᠬᠡᠨ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠪᠦᠲᠦᠭᠡᠨ ᠪᠠᠶᠢᠭᠤᠯᠬᠤ ᠰᠡᠳᠬᠢᠮᠵᠢ ᠪᠠᠨ ᠬᠤᠪᠢᠷᠠᠭᠤᠯᠵᠤ᠂ ᠦᠨᠡᠨᠬᠦ ᠬᠡᠷᠡᠭᠵᠢᠭᠦᠯᠬᠦ ᠪᠣᠯᠬᠤ ᠰᠠᠶᠢᠨ ᠠᠷᠭ᠎ᠠ᠂ ᠪᠣᠳᠠᠲᠠᠢ ᠠᠷᠭ᠎ᠠ᠂ ᠬᠡᠷᠡᠭ ᠲᠠᠢ ᠠᠷᠭ᠎ᠠ ᠶᠢ ᠢᠯᠡᠭᠦᠬᠡᠨ ᠪᠣᠳᠣᠵᠤ᠂ ᠵᠣᠷᠢᠭ ᠰᠢᠭᠤᠳᠤᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠪᠠᠷᠢᠯᠭ᠎ᠠ ᠶᠢᠨ ᠲᠥᠯᠥᠪᠯᠡᠭᠡ ᠶᠢ ᠨᠢᠭᠡᠳᠦᠯᠲᠡᠢ ᠲᠥᠯᠥᠪᠵᠢᠭᠦᠯᠦᠨ ᠲᠣᠭᠲᠠᠭᠠᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠡᠯ᠎ᠡ ᠵᠦᠢᠯ ᠤᠨ ᠬᠤᠭᠤᠯᠠᠢ ᠲᠣᠣᠷ ᠢ ᠭᠠᠵᠠᠷ ᠪᠤᠯᠠᠬᠤ ᠪᠠᠷᠢᠯᠭ᠎ᠠ ᠶᠢ ᠨᠢᠭᠡᠳᠦᠯᠲᠡᠢ ᠲᠥᠯᠥᠪᠵᠢᠭᠦᠯᠵᠦ᠂ ︽ᠲᠣᠪᠴᠢᠯᠠᠭᠤᠷ︾ ᠮᠠᠶ᠋ᠢᠭ ᠤᠨ ᠵᠠᠮ ᠮᠠᠯᠲᠠᠬᠤ ᠠᠵᠢᠯᠯᠠᠭ᠎ᠠ ᠶᠢ ᠡᠷᠡᠰ ᠲᠡᠪᠴᠢᠬᠦ ᠬᠡᠷᠡᠭᠲᠡᠢ︔ ᠤᠷᠢᠳᠠᠪᠠᠷ ᠵᠠᠷᠯᠠᠵᠤ ᠳᠠᠷᠠᠭ᠎ᠠ ᠨᠢ ᠪᠠᠷᠢᠯᠭ᠎ᠠ ᠪᠠᠨ ᠡᠬᠢᠯᠡᠭᠦᠯᠵᠦ᠂ ᠠᠵᠢᠯ ᠳᠤ ᠭᠠᠷᠴᠤ ᠪᠠᠭᠤᠬᠤ ᠴᠠᠭ ᠠᠴᠠ ᠵᠠᠶᠢᠯᠠᠨ ᠬᠢᠬᠦ᠂ ᠰᠥᠨᠢ ᠣᠷᠣᠢ ᠬᠢᠬᠦ ᠵᠡᠷᠭᠡ ᠠᠷᠭ᠎ᠠ ᠬᠡᠮᠵᠢᠶ᠎ᠡ ᠠᠪᠴᠤ᠂ ᠬᠤᠲᠠ ᠶᠢᠨ ᠢᠷᠭᠡᠳ ᠤᠨ ᠶᠠᠪᠤᠵᠤ ᠰᠠᠭᠤᠬᠤ  ᠳᠤ ᠦᠵᠡᠭᠦᠯᠬᠦ ᠨᠥᠯᠥᠭᠡ ᠶᠢ ᠬᠠᠮᠤᠭ ᠤᠨ ᠳᠣᠣᠷ᠎ᠠ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠨᠢᠭᠡᠨᠲᠡ ᠤᠯᠤᠰ ᠲᠥᠷᠥ ᠶᠢᠨ ᠡᠭᠦᠷᠭᠡ ᠪᠣᠯᠣᠨ ᠳᠡᠪᠰᠢᠪᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠦᠵᠡᠯᠲᠡ ᠲᠠᠨᠢᠯᠲᠠ ᠪᠠ ᠬᠥᠭᠵᠢᠯᠲᠡ ᠶᠢᠨ ᠦᠵᠡᠯᠲᠡ ᠪᠠᠨ ᠦᠨᠡᠨᠬᠦ ᠬᠤᠪᠢᠷᠠᠭᠤᠯᠵᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠬᠡᠪ ᠤᠨ ᠲᠣᠭᠲᠠᠴᠠ ᠪᠣᠯᠭᠠᠨ᠂ ᠣᠨᠣᠪᠴᠢᠲᠠᠢ ᠵᠢᠱᠢᠨ ᠪᠣᠳᠣᠵᠤ᠂ ᠣᠨᠣᠪᠴᠢᠲᠠᠢ ᠬᠠᠮᠢᠶᠠᠷᠴᠤ᠂ ᠣᠨᠣᠪᠴᠢᠲᠠᠢ ᠠᠷᠭ᠎ᠠ ᠪᠣᠳᠣᠯᠭ᠎ᠠ ᠬᠡᠷᠡᠭᠯᠡᠨ᠂ ᠠᠵᠤ ᠠᠬᠤᠶᠢᠯᠠᠯ ᠤᠨ ᠦᠢᠯᠡᠳᠪᠦᠷᠢᠯᠡᠯ᠂ ᠡᠨᠧᠷᠭᠢ ᠶᠢᠨ ᠬᠤᠷᠣᠭᠳᠠᠯ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠨᠡᠶᠢᠭᠡᠮ ᠤᠨ ᠲᠠᠯ᠎ᠠ ᠶᠢᠨ ᠡᠨᠧᠷᠭᠢ ᠶᠢᠨ ᠬᠤᠷᠣᠭᠳᠠᠯ ᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠳᠬᠠᠵᠤ᠂ ᠶᠠᠷᠢᠶ᠎ᠠ ᠬᠡᠯᠡᠯᠴᠡᠭᠡ ᠤᠬᠠᠭᠤᠯᠭ᠎ᠠ ᠪᠠᠨ ᠴᠢᠩᠭᠠᠳᠬᠠᠵᠤ᠂ ᠨᠡᠶᠢᠭᠡᠮ ᠤᠨ ᠬᠠᠮᠲᠤ ᠶᠢᠨ ᠦᠵᠡᠯᠲᠡ ᠶᠢ ᠪᠤᠢ ᠪᠣᠯᠭᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠨᠡᠶᠢᠭᠡᠮ ᠢ ᠤᠷᠢᠶᠠᠯᠠᠨ ᠡᠨᠧᠷᠭᠢ ᠶᠢ ᠠᠷᠪᠢᠯᠠᠵᠤ ᠬᠤᠷᠣᠭᠳᠠᠯ ᠢ ᠪᠠᠭᠠᠰᠬᠠᠬᠤ ᠤᠬᠠᠮᠰᠠᠷ ᠢ ᠪᠤᠢ ᠪᠣᠯᠭᠠᠵᠤ᠂ ᠡᠨᠧᠷᠭᠢ ᠶᠢᠨ ᠬᠤᠷᠣᠭᠳᠠᠯ ᠤᠨ  ᠬᠤᠣᠰ ᠡᠵᠡᠮᠳᠡᠯ ᠤᠨ ᠣᠨ ᠤ ᠡᠭᠦᠷᠭᠡ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ︽ᠬᠤᠲᠠ ᠶᠢᠨ ᠤᠳᠤᠷᠢᠳᠤᠯᠭ᠎ᠠ ᠶᠢᠨ ᠳᠠᠭᠠᠭᠠᠴᠢᠯᠠᠨ ᠬᠠᠷᠢᠯᠴᠠᠬᠤ ᠲᠣᠭᠲᠠᠴᠠ ᠶᠢ ᠪᠠᠶᠢᠭᠤᠯᠵᠤ ᠠᠵᠤ ᠠᠬᠤᠶᠢᠯᠠᠯ ᠤᠨ ᠬᠥᠷᠥᠩᠭᠡ ᠶᠢᠨ ᠵᠠᠬ᠎ᠠ ᠳᠤ ᠭᠠᠷᠬᠤ ᠠᠵᠢᠯ ᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠣᠷᠣᠨ ᠪᠦᠰᠡ ᠶᠢᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠬᠡᠷᠡᠭᠵᠢᠭᠦᠯᠬᠦ ᠲᠥᠰᠥᠯ ︵ᠵᠠᠰᠠᠪᠤᠷᠢ ᠣᠷᠣᠭᠤᠯᠤᠭᠰᠠᠨ ᠨᠣᠣᠷᠠᠭ︶︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号