3 ᠳ᠋ᠤᠭᠠᠷ ᠰᠠᠷ᠎ᠠ ᠶᠢᠨ 6 ᠤ ᠡᠳᠦᠷ᠂ 2021 ᠣᠨ ᠤ ᠪᠦᠬᠦ ᠬᠤᠲᠠ ᠶᠢᠨ ᠬᠠᠪᠤᠷ ᠤᠨ ᠲᠠᠷᠢᠶᠠᠯᠠᠭ᠎ᠠ ᠶᠢᠨ | ᠠᠵᠢᠯ ᠤᠨ ᠬᠤᠷᠠᠯ ᠬᠤᠷᠠᠯᠳᠤᠪᠠ᠃ | ᠬᠤᠲᠠ ᠶᠢᠨ ᠳᠡᠳ᠋ ᠳᠠᠷᠤᠭ᠎ᠠ ᠶᠦᠨ ᠰᠢᠨ ᠮᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠪᠦᠬᠦ ᠬᠤᠲᠠ ᠶᠢᠨ | ᠬᠠᠪᠤᠷ ᠤᠨ ᠲᠠᠷᠢᠶᠠᠯᠠᠭ᠎ᠠ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠬᠤᠲᠠ ᠶᠢᠨ | ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ᠂ ᠴᠠᠭ ᠠᠭᠤᠷ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ | ᠬᠤᠷᠰᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠲᠦᠮᠡᠳ ᠵᠡᠭᠦᠨ ᠬᠤᠰᠢᠭᠤ᠂ | ᠬᠤᠷᠢᠨᠭᠡᠷ ᠰᠢᠶᠠᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠭᠠᠵᠠᠷ ᠣᠷᠣᠨ ᠬᠤᠷᠠᠯ ᠳᠡᠭᠡᠷ᠎ᠡ ᠲᠤᠰᠪᠦᠷᠢ | ᠰᠠᠨᠠᠯ ᠰᠣᠯᠢᠯᠴᠠᠬᠤ ᠶᠠᠷᠢᠶ᠎ᠠ ᠲᠠᠯᠪᠢᠪᠠ᠃ | ᠶᠦᠨ ᠰᠢᠨ ᠮᠢᠩ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯᠲᠡ ᠲᠠᠨᠢᠯᠲᠠ ᠪᠠᠨ ᠨᠢᠭᠡᠳᠬᠡᠵᠦ᠂ ᠬᠠᠪᠤᠷ ᠤᠨ | ᠲᠠᠷᠢᠶᠠᠯᠠᠭ᠎ᠠ ᠶᠢᠨ ᠠᠵᠢᠯ ᠳᠠᠬᠢ ᠬᠠᠷᠢᠭᠤᠴᠠᠯᠭᠠᠲᠤ ᠣᠪᠣᠷ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ | ᠬᠡᠷᠡᠭᠲᠡᠢ᠃ ᠴᠠᠭ ᠢ ᠠᠮᠵᠢᠨ ᠬᠤᠷᠳᠤᠨ ᠬᠥᠳᠡᠯᠦᠯᠴᠡᠵᠦ᠂ ᠡᠭᠦᠷᠭᠡ ᠪᠠᠨ ᠲᠣᠳᠣᠷᠬᠠᠶᠢᠯᠠᠨ ᠬᠠᠷᠢᠭᠤᠴᠠᠯᠭ᠎ᠠ ᠪᠠᠨ | ᠳᠠᠷᠤᠰᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠤᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠨ | ᠬᠢᠵᠦ᠂ ᠲᠠᠷᠢᠶᠠᠯᠠᠩ ᠦᠢᠯᠡᠳᠪᠦᠷᠢᠯᠡᠯ ᠤᠨ ᠭᠤᠣᠯᠳᠠᠯᠭ᠎ᠠ ᠲᠠᠢ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠰᠦᠩ | ᠬᠠᠯᠢᠶ᠎ᠠ ᠪᠠ ᠭᠠᠯ ᠢ ᠰᠡᠷᠭᠡᠶᠢᠯᠡᠬᠦ ᠠᠵᠢᠯ ᠢ ᠰᠠᠶᠢᠨ ᠬᠢᠵᠦ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ | ᠲᠥᠯᠥᠪᠵᠢᠭᠦᠯᠦᠨ᠂ ᠪᠦᠬᠦ ᠬᠦᠴᠦᠨ ᠢᠶᠠᠷ ᠴᠢᠷᠮᠠᠶᠢᠵᠤ ᠂ ᠪᠣᠳᠠᠲᠠᠢ ᠠᠵᠢᠯ ᠤᠨ ᠬᠢᠷᠢ ᠪᠦᠲᠦᠮᠵᠢ ᠪᠠᠷ ᠪᠦᠬᠦ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠲᠥᠪ ᠬᠤᠲᠠ ᠶᠢᠨ | ᠦᠵᠡᠭᠦᠯᠪᠡᠰᠦ ᠵᠣᠬᠢᠬᠤ ᠬᠤᠪᠢ ᠨᠡᠮᠡᠷᠢ ᠶᠢ ᠦᠵᠡᠭᠦᠯᠬᠦ ᠬᠡᠷᠡᠭᠲᠡᠢ ᠭᠡᠵᠡᠢ᠃ ︵ᠰᠦᠨ ᠶᠤᠸᠡᠢ ᠯᠦᠩ︶ |