2021 ᠣᠨ ᠤ ᠪᠦᠬᠦ ᠬᠤᠲᠠ ᠶᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/8
      3 ᠳ᠋ᠤᠭᠠᠷ ᠰᠠᠷ᠎ᠠ ᠶᠢᠨ 6 ᠤ ᠡᠳᠦᠷ᠂ 2021 ᠣᠨ ᠤ ᠪᠦᠬᠦ ᠬᠤᠲᠠ ᠶᠢᠨ ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠬᠤᠷᠠᠯ ᠬᠤᠷᠠᠯᠳᠤᠪᠠ᠃      ᠬᠤᠲᠠ ᠶᠢᠨ ᠳᠡᠳ᠋ ᠳᠠᠷᠤᠭ᠎ᠠ ᠶᠦᠨ ᠰᠢᠨ ᠮᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠪᠦᠬᠦ ᠬᠤᠲᠠ ᠶᠢᠨ ᠬᠠᠪᠤᠷ ᠤᠨ ᠲᠠᠷᠢᠶᠠᠯᠠᠭ᠎ᠠ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠬᠤᠲᠠ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ᠂ ᠴᠠᠭ ᠠᠭᠤᠷ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠲᠦᠮᠡᠳ ᠵᠡᠭᠦᠨ ᠬᠤᠰᠢᠭᠤ᠂ ᠬᠤᠷᠢᠨᠭᠡᠷ ᠰᠢᠶᠠᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠭᠠᠵᠠᠷ ᠣᠷᠣᠨ ᠬᠤᠷᠠᠯ ᠳᠡᠭᠡᠷ᠎ᠡ ᠲᠤᠰᠪᠦᠷᠢ ᠰᠠᠨᠠᠯ ᠰᠣᠯᠢᠯᠴᠠᠬᠤ ᠶᠠᠷᠢᠶ᠎ᠠ ᠲᠠᠯᠪᠢᠪᠠ᠃      ᠶᠦᠨ ᠰᠢᠨ ᠮᠢᠩ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯᠲᠡ ᠲᠠᠨᠢᠯᠲᠠ ᠪᠠᠨ ᠨᠢᠭᠡᠳᠬᠡᠵᠦ᠂ ᠬᠠᠪᠤᠷ ᠤᠨ ᠲᠠᠷᠢᠶᠠᠯᠠᠭ᠎ᠠ ᠶᠢᠨ ᠠᠵᠢᠯ ᠳᠠᠬᠢ ᠬᠠᠷᠢᠭᠤᠴᠠᠯᠭᠠᠲᠤ ᠣᠪᠣᠷ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠴᠠᠭ ᠢ ᠠᠮᠵᠢᠨ ᠬᠤᠷᠳᠤᠨ ᠬᠥᠳᠡᠯᠦᠯᠴᠡᠵᠦ᠂ ᠡᠭᠦᠷᠭᠡ ᠪᠠᠨ ᠲᠣᠳᠣᠷᠬᠠᠶᠢᠯᠠᠨ ᠬᠠᠷᠢᠭᠤᠴᠠᠯᠭ᠎ᠠ ᠪᠠᠨ ᠳᠠᠷᠤᠰᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠤᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠨ ᠬᠢᠵᠦ᠂ ᠲᠠᠷᠢᠶᠠᠯᠠᠩ  ᠦᠢᠯᠡᠳᠪᠦᠷᠢᠯᠡᠯ ᠤᠨ ᠭᠤᠣᠯᠳᠠᠯᠭ᠎ᠠ ᠲᠠᠢ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠰᠦᠩ ᠬᠠᠯᠢᠶ᠎ᠠ  ᠪᠠ ᠭᠠᠯ ᠢ ᠰᠡᠷᠭᠡᠶᠢᠯᠡᠬᠦ ᠠᠵᠢᠯ ᠢ ᠰᠠᠶᠢᠨ ᠬᠢᠵᠦ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠦᠨ᠂ ᠪᠦᠬᠦ ᠬᠦᠴᠦᠨ ᠢᠶᠠᠷ ᠴᠢᠷᠮᠠᠶᠢᠵᠤ ᠂ ᠪᠣᠳᠠᠲᠠᠢ ᠠᠵᠢᠯ ᠤᠨ ᠬᠢᠷᠢ ᠪᠦᠲᠦᠮᠵᠢ ᠪᠠᠷ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠲᠥᠪ ᠬᠤᠲᠠ ᠶᠢᠨ ᠦᠵᠡᠭᠦᠯᠪᠡᠰᠦ ᠵᠣᠬᠢᠬᠤ ᠬᠤᠪᠢ ᠨᠡᠮᠡᠷᠢ ᠶᠢ ᠦᠵᠡᠭᠦᠯᠬᠦ ᠬᠡᠷᠡᠭᠲᠡᠢ ᠭᠡᠵᠡᠢ᠃ ︵ᠰᠦᠨ ᠶᠤᠸᠡᠢ ᠯᠦᠩ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ