ᠰᠢᠨ᠎ᠡ ᠬᠤᠲᠠ ᠲᠣᠭᠤᠷᠢᠭ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/9
     3 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠣᠰᠣᠭᠠᠷ᠂ ᠰᠢᠨ᠎ᠡ ᠬᠤᠳᠠ ᠶᠢᠨ ᠲᠤᠭᠤᠷᠢᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠳᠤ ᠪᠦᠬᠦ ᠲᠠᠯ᠎ᠠ ᠶᠢᠨ ᠲᠠᠶᠢᠴᠢᠯᠠᠯᠳᠠ ᠪᠠᠶᠢᠷᠢᠯᠠᠭᠤᠯᠤᠯᠲᠠ ᠬᠢᠵᠡᠢ᠃ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠸᠧᠶ ᠬᠤᠩ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠦ ᠵᠣᠣ ᠵᠢᠶᠠᠩ ᠬᠤᠷᠠᠯ ᠡᠷᠭᠢᠯᠡᠪᠡ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠨᠢ ᠬᠤᠪᠢᠰᠬᠠᠯᠲᠤ ᠤᠳᠤᠮᠰᠢᠯ ᠢ ᠵᠠᠯᠭᠠᠮᠵᠢᠯᠠᠬᠤ ᠴᠢᠬᠤᠯᠠ ᠠᠴᠢᠶᠠᠯᠠᠪᠤᠷᠢ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠵᠣᠷᠢᠭ ᠰᠠᠨᠠᠭᠠᠨ ᠤ ᠪᠣᠯᠪᠠᠰᠤᠷᠠᠯ᠂ ᠠᠵᠢᠯ ᠤᠨ ᠰᠤᠷᠲᠠᠯ ᠢᠶᠠᠨ ᠬᠤᠪᠢᠷᠠᠭᠤᠯᠬᠤ ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠮᠥᠨ ᠭᠡᠳᠡᠭ ᠢ ᠭᠦᠨᠵᠡᠭᠡᠢ ᠲᠠᠨᠢᠬᠤ ᠬᠡᠷᠡᠭᠲᠡᠢ︔ ᠰᠤᠷᠤᠯᠴᠠᠯᠭ᠎ᠠ ᠶᠢᠨ ᠭᠤᠣᠯᠳᠠᠯᠭ᠎ᠠ ᠳᠤ ᠪᠠᠨ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠲᠡᠦᠬᠡ ᠶᠢᠨ ᠬᠥᠭᠵᠢᠯᠲᠡ ᠶᠢᠨ ᠭᠤᠤᠯ ᠰᠡᠳᠦᠪ ᠭᠤᠤᠯ ᠱᠤᠭᠤᠮ ᠢ ᠪᠠᠲᠤ ᠡᠵᠡᠮᠳᠡᠵᠦ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ ᠴᠢᠨᠠᠷ ᠰᠠᠶᠢᠲᠠᠢ ᠠᠬᠢᠭᠤᠯᠬᠤ ᠬᠡᠷᠡᠭᠲᠡᠢ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠬᠤ ᠬᠡᠷᠡᠭᠲᠡᠢ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠶ ᠠᠵᠢᠯ ᠤᠨ ᠪᠠᠶᠢᠷᠢ ᠶᠢᠨ ᠠᠵᠢᠯ ᠲᠠᠢ ᠪᠠᠨ ᠰᠠᠶᠢᠲᠤᠷ ᠤᠶᠠᠯᠳᠤᠭᠤᠯᠬᠤ ᠬᠡᠷᠡᠭᠲᠡᠶ᠃ ᠪᠦᠬᠦ ᠲᠤᠭᠤᠷᠢᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ︽ᠴᠠᠭ ᠲᠠᠭᠠᠨ ᠲᠠᠭᠠᠷᠠᠵᠤ᠂ ᠮᠠᠰᠢ ᠴᠢᠬᠤᠯᠠ ᠲᠠᠢ︾ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠲᠤᠰᠬᠠᠶ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠨᠳᠦᠰᠦᠨ ᠡᠭᠦᠷᠭᠡ᠂ ᠶᠡᠷᠦᠩᠬᠡᠶ ᠱᠠᠭᠠᠷᠳᠠᠯᠭ᠎ᠠ᠂ ᠪᠣᠳᠠᠲᠠᠶ ᠬᠠᠷᠠᠯᠲᠠ᠂ ᠭᠤᠣᠯ ᠠᠭᠤᠯᠭ᠎ᠠ ᠶᠢ ᠲᠣᠳᠣᠷᠬᠠᠶ ᠣᠶᠢᠯᠠᠭᠠᠵᠤ᠂ ᠦᠵᠡᠯ ᠰᠠᠨᠠᠭ᠎ᠠ ᠲᠠᠨᠢᠯᠲᠠ ᠪᠣᠯᠤᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠡᠨᠬᠦ ᠤᠯᠤᠰ ᠲᠦᠷᠦ ᠶᠢ ᠡᠷᠬᠢᠮᠯᠡᠬᠦ᠂ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠬᠦ ᠦᠨᠳᠦᠷᠴᠡ ᠠᠴᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠪᠣᠳᠠᠲᠠᠢ ᠦᠢᠯᠡᠳᠦᠯᠭᠡ ᠪᠣᠯᠭᠠᠵᠤ᠂ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠵᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠬᠤᠪᠢᠰᠬᠠᠯᠴᠢᠳ ᠤᠨ ᠡᠷᠡᠮᠡᠬᠡᠢ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠰᠢᠨ᠎ᠡ ᠠᠶᠠᠨ ᠵᠠᠮ ᠳᠤ ᠰᠢᠯᠵᠢᠨ ᠣᠷᠣᠬᠤ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠴᠤᠭ ᠰᠦᠯᠳᠡ ᠪᠠᠨ ᠪᠠᠳᠠᠷᠠᠭᠤᠯᠬᠤ ᠬᠡᠷᠡᠭᠲᠡᠢ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号