ᠪᠦᠬᠦ ᠬᠤᠲᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠠᠵᠢᠯᠲᠠᠳ ᠤᠨ ᠪᠣᠯᠪᠠᠰᠤᠷᠠᠭᠤᠯᠤᠯ ᠤᠨ ᠠᠩᠭᠢ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2021/3/9
      ︵ᠰᠤᠷᠪᠤᠯᠵᠢᠯᠠᠭᠴᠢ ᠠᠷᠢᠭᠤᠨ᠎ᠠ︶ 3 ᠳ᠋ᠤᠭᠠᠷ ᠰᠠᠷ᠎ᠠ ᠶᠢᠨ 8 ᠤ ᠡᠳᠦᠷ᠂ ᠪᠦᠬᠦ ᠬᠤᠲᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠠᠵᠢᠯᠲᠠᠳ ᠤᠨ ᠪᠣᠯᠪᠠᠰᠤᠷᠠᠭᠤᠯᠤᠯ ᠤᠨ ᠠᠩᠭᠢ ᠰᠤᠷᠤᠯᠭ᠎ᠠ ᠡᠬᠢᠯᠡᠪᠡ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ  ᠶᠢᠨ ᠫᠢᠩ ᠣᠷᠣᠯᠴᠠᠵᠤ ᠶᠠᠷᠢᠶ᠎ᠠ ᠲᠠᠯᠪᠢᠪᠠ᠃      ᠵᠠᠩ ᠶᠢᠨ ᠫᠢᠩ ᠱᠠᠭᠠᠷᠳᠠᠬᠤ ᠳᠠᠭᠠᠨ᠂ ᠪᠣᠯᠪᠠᠰᠤᠷᠠᠭᠤᠯᠤᠯ ᠳᠤ ᠣᠷᠣᠯᠴᠠᠭᠰᠠᠨ ᠬᠥᠮᠥᠨ ᠪᠦᠬᠦᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠢ ᠥᠷᠨᠢᠭᠦᠯᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ  ᠣᠶᠢᠯᠠᠭᠠᠨ ᠲᠠᠨᠢᠵᠤ ᠡᠷᠡᠰ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ ᠲᠠᠨᠢᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠢ ᠥᠷᠨᠢᠭᠦᠯᠬᠦ ᠬᠠᠷᠠᠯᠲᠠ ᠱᠠᠭᠠᠷᠳᠠᠯᠭ᠎ᠠ ᠶᠢ ᠵᠥᠪ ᠣᠨᠣᠪᠴᠢᠲᠠᠢ ᠡᠵᠡᠮᠰᠢᠵᠦ᠂ ᠪᠣᠳᠠᠲᠠᠢ ᠲᠠᠢ ᠪᠠᠨ ᠤᠶᠠᠯᠳᠤᠭᠤᠯᠤᠨ ᠰᠤᠷᠤᠯᠴᠠᠯᠭ᠎ᠠ ᠬᠥᠮᠥᠵᠢᠯ ᠤᠨ ᠡᠯ᠎ᠡ ᠵᠦᠢᠯ ᠤᠨ ᠡᠭᠦᠷᠭᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠬᠤ ᠬᠡᠷᠡᠭᠲᠡᠢ︔ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠦᠨᠡᠨᠬᠦ ᠡᠮᠦᠨ᠎ᠡ ᠡᠩᠨᠡᠭᠡᠨ ᠳᠤ ᠰᠤᠷᠤᠯᠴᠠᠵᠤ ᠭᠦᠨ ᠣᠶᠢᠯᠭᠠᠬᠤ ᠳᠡᠭᠡᠷ᠎ᠡ ᠳᠠᠭᠤᠷᠢᠶᠠᠯ ᠪᠣᠯᠵᠤ᠂ ︽ᠵᠢᠷᠭᠤᠭᠠᠨ ᠭᠤᠣᠯ ᠰᠤᠷᠤᠯᠴᠠᠬᠤ ᠠᠭᠤᠯᠭ᠎ᠠ︾ ᠶᠢ ᠴᠢᠩᠭ᠎ᠠ ᠠᠳᠬᠤᠵᠤ᠂ ︽ᠵᠢᠷᠭᠤᠭᠠᠨ ᠴᠢᠬᠤᠯᠠ ᠶᠡᠭᠡ ᠱᠠᠭᠠᠷᠳᠠᠯᠭ᠎ᠠ︾ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠬᠡᠷᠡᠭᠲᠡᠢ︔ ᠤᠯᠤᠰ ᠲᠥᠷᠥ ᠶᠢᠨ ᠵᠢᠯᠣᠭᠤᠳᠤᠮᠵᠢ ᠪᠠᠨ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠪᠦᠬᠦ ᠬᠤᠲᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠬᠦᠴᠦᠷᠬᠡᠭ ᠶᠡᠭᠡ ᠨᠡᠶᠢᠯᠡᠯ ᠬᠦᠴᠦᠨ ᠢ ᠪᠤᠢ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠲᠠᠢ ᠴᠢᠨᠠᠷ ᠰᠠᠶᠢᠲᠠᠢ ᠨᠠᠶᠢᠳᠠᠪᠤᠷᠢᠵᠢᠭᠤᠯᠤᠨ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ ᠭᠡᠵᠡᠢ᠃      ᠪᠣᠯᠪᠠᠰᠤᠷᠠᠭᠤᠯᠤᠯ ᠨᠢ ᠨᠢᠭᠡ ᠡᠳᠦᠷ ᠤᠨ ᠬᠤᠭᠤᠴᠠᠭ᠎ᠠ  ᠲᠠᠢ ᠶᠠᠪᠤᠭᠳᠠᠪᠠ᠃ ᠦᠳᠡ ᠶᠢᠨ ᠡᠮᠦᠨ᠎ᠡ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠬᠠᠭᠤᠯᠭ᠎ᠠ ᠶᠢᠨ ᠬᠡᠯᠲᠡᠰ ᠤᠨ ᠳᠠᠷᠤᠭ᠎ᠠ᠂ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠵᠠᠬᠢᠷᠤᠯ᠂ ᠫᠷᠣᠹᠧᠰᠰᠣᠷ ᠯᠢ ᠴᠦᠨ ᠬᠤᠢ ᠶᠢ ᠤᠷᠢᠨ ︽ᠨᠠᠮ ᠤᠨ ᠲᠡᠦᠬᠡ ᠶᠢ ᠰᠤᠷᠤᠯᠴᠠᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠶ᠎ᠠ︾ ᠲᠤᠰᠬᠠᠢ ᠰᠡᠳᠦᠪᠲᠤ ᠵᠢᠯᠣᠭᠤᠳᠤᠮᠵᠢ ᠬᠢᠯᠭᠡᠪᠡ︔ ᠦᠳᠡ ᠶᠢᠨ ᠬᠤᠶᠢᠨ᠎ᠠ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠤᠯᠲᠠ ᠶᠢᠨ ᠭᠠᠵᠠᠷ ᠤᠨ ᠫᠷᠣᠹᠧᠰᠰᠣᠷ᠂ ᠥᠪᠥᠷ ᠮᠣᠩᠭᠤᠯ ᠤᠨ ᠨᠠᠮ ᠤᠨ ᠲᠡᠦᠬᠡ ᠶᠢᠨ ᠨᠡᠶᠢᠭᠡᠮᠯᠢᠭ ᠤᠨ ᠪᠠᠶᠢᠩᠭᠤ ᠶᠢᠨ ᠬᠡᠷᠡᠭ ᠮᠡᠳᠡᠭᠴᠢ ᠢᠦᠢ ᠯᠢᠶᠠᠨ ᠷᠦᠢ ᠶᠢ ᠤᠷᠢᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠵᠢᠴᠢ ᠦᠨᠳᠦᠰᠦᠨ ᠲᠤᠷᠰᠢᠯᠭ᠎ᠠ︾ ᠲᠤᠰᠬᠠᠢ ᠰᠡᠳᠦᠪᠲᠤ ᠵᠢᠯᠣᠭᠤᠳᠤᠮᠵᠢ ᠬᠢᠯᠭᠡᠪᠡ᠃      ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠯ᠎ᠡ ᠠᠵᠢᠯ ᠤᠨ ᠳᠤᠭᠤᠶᠢᠯᠠᠩ ᠤᠨ ᠪᠦᠬᠦ ᠭᠡᠰᠢᠭᠦᠳ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠲᠣᠭᠤᠷᠢᠨ ᠵᠢᠯᠣᠭᠤᠳᠬᠤ ᠳᠤᠭᠤᠶᠢᠯᠠᠩ ᠤᠨ ᠪᠦᠬᠦ ᠭᠡᠰᠢᠭᠦᠳ᠂ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠣᠨᠣᠯ ᠤᠨ ᠠᠵᠢᠯ ᠢ ᠬᠤᠪᠢᠶᠠᠨ ᠬᠠᠮᠢᠶᠠᠷᠴᠤ ᠪᠠᠶᠢᠭ᠎ᠠ ᠳᠡᠳ᠋ ᠳᠠᠷᠤᠭ᠎ᠠ᠂ ᠣᠨᠣᠯ ᠤᠨ ᠲᠠᠰᠤᠭ ᠤᠨ ᠬᠠᠷᠢᠭᠤᠴᠠᠯᠭᠠᠲᠠᠨ᠂ ᠪᠠᠭᠰᠢᠯᠠᠬᠤ ᠪᠦᠯᠬᠦᠮ ᠤᠨ ᠬᠠᠷᠢᠭᠤᠴᠠᠯᠭᠠᠲᠠᠨ ᠪᠣᠯᠪᠠᠰᠤᠷᠠᠭᠤᠯᠤᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号