︵ᠰᠤᠷᠪᠤᠯᠵᠢᠯᠠᠭᠴᠢ ᠯᠢᠶᠠᠩ ᠵᠢᠩ ᠱᠤ᠋︶ 3 ᠳ᠋ᠤᠭᠠᠷ ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ︽ᠳᠥᠷᠪᠡᠨ ᠦᠭᠡᠢ ᠬᠤᠶᠠᠷ ᠰᠢᠭᠤᠳ︾ | ᠮᠠᠶ᠋ᠢᠭ ᠢᠶᠠᠷ ᠬᠤᠲᠣᠩ ᠠᠷᠠᠳ ᠤᠨ ᠲᠣᠭᠤᠷᠢᠭ᠂ ᠢᠦᠢ ᠴᠢᠦᠸᠠᠨ ᠲᠣᠭᠤᠷᠢᠭ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠲᠦᠮᠡᠳ ᠵᠡᠭᠦᠨ ᠬᠤᠰᠢᠭᠤ ᠪᠠᠷ ᠬᠦᠷᠴᠦ᠂ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠢᠮᠳᠠᠭᠤᠯᠤᠨ ᠵᠢᠯᠣᠭᠤᠳᠪᠠ᠃ ᠲᠡᠷᠡ | ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ᠂ ᠵᠣᠷᠢᠭ ᠰᠢᠭᠤᠳᠴᠤ᠂ ᠬᠠᠷᠠᠯᠲᠠ ᠪᠠᠨ | ᠲᠣᠳᠣᠷᠬᠠᠶᠢᠯᠠᠵᠤ᠂ ᠠᠰᠠᠭᠤᠳᠠᠯ ᠢ ᠴᠢᠩᠭ᠎ᠠ ᠠᠩᠬᠠᠷᠴᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ | ᠭᠤᠣᠯᠳᠠᠯᠭ᠎ᠠ ᠶᠢᠨ ᠲᠤᠭᠤᠷᠢᠨ ᠳᠤ ᠠᠷᠭ᠎ᠠ ᠬᠡᠮᠵᠢᠶ᠎ᠡ ᠪᠠᠨ ᠴᠢᠩᠭᠠᠳᠬᠠᠨ᠂ ᠬᠤᠲᠠ ᠶᠢᠨ ᠢᠷᠭᠡᠳ ᠢ ᠴᠡᠪᠡᠷ ᠰᠠᠶᠢᠬᠠᠨ | ᠣᠷᠴᠢᠨ ᠲᠣᠭᠤᠷᠢᠨ ᠳᠤ ᠵᠣᠯ ᠵᠢᠷᠭᠠᠯ ᠲᠠᠢ ᠠᠮᠢᠳᠤᠷᠠᠭᠤᠯᠬᠤ ᠬᠡᠷᠡᠭᠲᠡᠢ ᠭᠡᠵᠡᠢ᠃ | ᠾᠧ ᠬᠠᠢ ᠳ᠋ᠦᠩ ᠨᠠᠷ ᠤᠷᠢᠳ ᠬᠤᠵᠢᠳ ᠶᠢᠨ ᠰᠠᠨ ᠵᠢᠶᠥᠥ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠤᠨ ᠡᠷᠭᠢᠨ ᠲᠣᠭᠤᠷᠢᠨ᠂ ᠵᠢᠨᠴᠦᠸᠠᠨ ᠤ ᠯᠠᠨ ᠱᠠᠨ ᠭᠡᠷ ᠤᠨ ᠡᠳ᠋ᠯᠡᠯ ᠬᠡᠷᠡᠭᠰᠡᠯ ᠤᠨ ᠬᠤᠳᠠᠯᠳᠤᠭᠠᠨ ᠤ | ᠬᠤᠲᠠ ᠶᠢᠨ ᠡᠷᠭᠢᠨ ᠲᠣᠭᠤᠷᠢᠨ ᠵᠢᠴᠢ ᠰᠢᠨᠬᠤᠸᠠ ᠪᠠᠷᠠᠭᠤᠨ ᠵᠡᠭᠡᠯᠢ ᠳᠠᠭᠠᠤ ᠭᠠᠵᠠᠷ ᠢᠶᠠᠷ ᠬᠦᠷᠴᠦ ᠪᠠᠶᠢᠴᠠᠭᠠᠨ | ᠰᠢᠮᠳᠠᠭᠤᠯᠤᠨ ᠵᠢᠯᠣᠭᠤᠳᠴᠤ᠂ ᠨᠢᠭᠡ ᠭᠠᠵᠠᠷ ᠬᠦᠷᠬᠦ ᠪᠦᠷᠢ ᠣᠷᠴᠢᠨ ᠲᠣᠭᠤᠷᠢᠨ ᠤ ᠠᠷᠢᠭᠤᠨ ᠴᠡᠪᠡᠷ ᠵᠢᠴᠢ | ᠳᠤᠷ᠎ᠠ ᠪᠠᠷ ᠣᠪᠣᠭᠠᠯᠠᠵᠤ ᠳᠤᠷ᠎ᠠ ᠪᠠᠷ ᠲᠠᠯᠪᠢᠬᠤ᠂ ᠳᠦᠷᠢᠮ ᠠᠴᠠ ᠵᠥᠷᠢᠴᠡᠨ ᠲᠡᠷᠭᠡ ᠵᠣᠭᠰᠣᠭᠠᠬᠤ᠂ ᠵᠠᠮ ᠢ ᠡᠵᠡᠯᠡᠨ | ᠬᠤᠳᠠᠯᠳᠤᠭ᠎ᠠ ᠡᠵᠡᠩᠨᠡᠬᠦ ᠵᠡᠷᠭᠡ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠣᠷᠣᠰᠢᠵᠤ ᠪᠠᠶᠢᠭ᠎ᠠ | ᠳᠣᠪᠣᠶᠢᠮ᠎ᠠ ᠠᠰᠠᠭᠤᠳᠠᠯ ᠳᠤ ᠬᠠᠨᠳᠤᠭᠤᠯᠤᠨ᠂ ᠶᠡᠷᠦᠩᠬᠡᠶᠢᠯᠡᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠠᠬᠤᠢ | ᠲᠠᠯᠠᠪᠠᠢ ᠳᠤᠨᠢ ᠰᠤᠳᠤᠯᠵᠤ᠂ ᠨᠠᠷᠢᠯᠢᠭ ᠬᠢᠨᠠᠮᠠᠭᠠᠢ ᠰᠢᠭᠰᠢᠨ ᠪᠠᠶᠢᠴᠠᠭᠠᠵᠤ᠂ ᠨᠡᠩ ᠬᠦᠴᠦᠲᠡᠢ ᠨᠡᠩ ᠪᠦᠲᠦᠮᠵᠢᠲᠡᠢ | ᠠᠷᠭ᠎ᠠ ᠬᠡᠮᠵᠢᠶ᠎ᠡ ᠪᠠᠷ ᠬᠤᠲᠠ ᠶᠢᠨ ᠳᠤᠮᠳᠠᠬᠢ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ | ᠲᠥᠪᠯᠡᠷᠡᠭᠦᠯᠦᠨ ᠴᠡᠭᠴᠡᠯᠡᠨ ᠵᠠᠰᠠᠵᠤ᠂ ᠬᠤᠲᠠ ᠶᠢᠨ ᠥᠩᠭᠡ ᠲᠥᠷᠬᠦ ᠪᠠ ᠴᠢᠨᠠᠷ ᠴᠢᠨᠰᠠᠭ᠎ᠠ ᠶᠢ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠳᠠᠷᠠᠭ᠎ᠠ ᠪᠠᠷ ᠨᠢ ᠬᠤᠷᠠᠯᠳᠤᠭᠤᠯᠤᠭᠰᠠᠨ ᠰᠠᠭᠤᠳᠠᠯ ᠤᠨ ᠬᠤᠷᠠᠯ ᠳᠡᠭᠡᠷ᠎ᠡ ᠾᠧ ᠬᠠᠢ ᠳ᠋ᠦᠩ | ᠴᠢᠬᠤᠯᠠᠴᠢᠯᠠᠭᠰᠠᠨ ᠨᠢ᠂ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠣᠯ ᠬᠤᠲᠠ ᠶᠢᠨ | ᠬᠠᠮᠢᠶᠠᠷᠤᠯᠲᠠ ᠶᠢᠨ ᠴᠢᠬᠤᠯᠠ ᠠᠭᠤᠯᠭ᠎ᠠ ᠮᠥᠨ᠂ ᠠᠷᠠᠳ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ | ᠬᠦᠰᠡᠯ ᠮᠥᠷᠥᠭᠡᠳᠦᠯ ᠢ ᠬᠠᠩᠭᠠᠬᠤ ᠪᠣᠳᠠᠲᠠᠢ ᠠᠷᠭ᠎ᠠ ᠬᠡᠮᠵᠢᠶ᠎ᠡ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠵᠣᠷᠢᠭ ᠰᠢᠭᠤᠳᠤᠨ᠂ ᠬᠠᠷᠠᠯᠲᠠ ᠪᠠᠨ ᠲᠣᠳᠣᠷᠬᠠᠶᠢᠯᠠᠵᠤ᠂ ᠵᠣᠷᠢᠭᠲᠠᠢ ᠡᠭᠦᠷᠭᠡᠯᠡᠨ᠂ ᠬᠠᠷᠢᠭᠤᠴᠠᠯᠭ᠎ᠠ ᠪᠠᠨ | ᠳᠠᠷᠤᠰᠢᠭᠤᠯᠵᠤ᠂ ᠦᠨᠡᠨ ᠠᠳᠬᠤᠵᠤ ᠪᠣᠳᠠᠲᠠᠢ ᠬᠢᠵᠦ᠂ ᠨᠢᠭᠡ ᠨᠢᠭᠡ ᠠᠵᠢᠯ ᠢᠶᠠᠷ ᠴᠢᠩᠭ᠎ᠠ ᠠᠳᠬᠤᠨ ᠤᠷᠤᠭᠰᠢ | ᠠᠬᠢᠭᠤᠯᠵᠤ᠂ ᠨᠢᠭᠡ ᠨᠢᠭᠡ ᠠᠰᠠᠭᠤᠳᠠᠯ ᠢᠶᠠᠷ ᠠᠩᠬᠠᠷᠤᠨ ᠰᠢᠢᠳᠪᠦᠷᠢᠯᠡᠵᠦ᠂ ᠣᠷᠴᠢᠨ ᠲᠣᠭᠤᠷᠢᠨ ᠤ ᠶᠠᠰᠤ ᠴᠢᠨᠠᠷ ᠢ | ᠨᠢᠭᠡ ᠨᠢᠭᠡ ᠠᠯᠬᠤᠮ ᠢᠶᠠᠷ ᠰᠠᠶᠢᠵᠢᠷᠠᠭᠤᠯᠵᠤ᠂ ᠠᠷᠠᠳ ᠲᠦᠮᠡᠨ ᠳᠤ ᠭᠤᠶᠣ ᠰᠠᠶᠢᠬᠠᠨ ᠠᠮᠢ ᠠᠬᠤᠢ ᠶᠢᠨ ᠣᠷᠴᠢᠨ | ᠲᠣᠭᠤᠷᠢᠨ ᠢ ᠪᠤᠢ ᠪᠣᠯᠭᠠᠨ ᠥᠭᠬᠦ ᠬᠡᠷᠡᠭᠲᠡᠢ︔ ᠤᠷᠢᠳᠴᠢᠯᠠᠨ ᠲᠥᠯᠥᠪᠵᠢᠭᠦᠯᠵᠦ᠂ ᠨᠢᠭᠡᠳᠦᠯᠲᠡᠢ ᠲᠥᠯᠥᠪᠯᠡᠨ | ᠲᠣᠬᠢᠷᠠᠭᠤᠯᠵᠤ᠂ ᠭᠤᠣᠯᠳᠠᠯᠭ᠎ᠠ ᠶᠢ ᠳᠣᠪᠣᠶᠢᠯᠭᠠᠵᠤ᠂ ᠣᠨᠴᠠᠯᠢᠭ ᠢ ᠬᠠᠷᠠᠭᠤᠯᠵᠤ᠂ ︽ᠬᠤᠲᠠ ᠶᠢᠨ ᠲᠡᠰ ᠠᠴᠠ | ᠨᠢᠭᠡᠳᠦᠯᠲᠡᠢ ᠲᠥᠯᠥᠪᠵᠢᠭᠦᠯᠵᠦ᠂ ᠭᠠᠵᠠᠷ ᠣᠷᠣᠨ ᠠᠴᠠ ᠭᠤᠣᠯ ᠬᠠᠷᠢᠭᠤᠴᠠᠬᠤ︾ ᠵᠠᠷᠴᠢᠮ ᠶᠣᠰᠣᠭᠠᠷ᠂ ᠴᠡᠭᠴᠡᠯᠡᠨ | ᠵᠠᠰᠠᠬᠤ ᠲᠥᠰᠥᠯ ᠢ ᠶᠡᠷᠦᠩᠬᠡᠢ ᠲᠥᠯᠥᠪᠯᠡᠵᠦ᠂ ᠴᠡᠭᠴᠡᠯᠡᠨ ᠵᠠᠰᠠᠬᠤ ᠠᠵᠢᠯ ᠢ ᠡᠷᠴᠢᠮ ᠲᠠᠢ ᠲᠡᠰ ᠳᠠᠷᠠᠭ᠎ᠠ ᠲᠠᠢ | ᠲᠦᠯᠬᠢᠨ ᠠᠬᠢᠭᠤᠯᠬᠤ ᠬᠡᠷᠡᠭᠲᠡᠢ︔ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠶᠢᠩᠭᠤ ᠶᠢᠨ ᠲᠣᠭᠲᠠᠴᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠤᠭᠰᠠᠨ᠂ ᠬᠦᠴᠦ ᠪᠠᠨ | ᠨᠢᠭᠡᠳᠬᠡᠨ ᠲᠦᠯᠬᠢᠨ ᠠᠬᠢᠭᠤᠯᠤᠭᠰᠠᠨ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠵᠦ᠂ ᠠᠰᠠᠭᠤᠳᠠᠯ ᠢ | ᠰᠢᠢᠳᠪᠦᠷᠢᠯᠡᠬᠦ ᠳᠤ ᠥᠩᠭᠡᠨ ᠲᠠᠯ᠎ᠠ ᠤᠭ ᠦᠨᠳᠦᠰᠦ ᠶᠢ ᠨᠢ ᠵᠡᠷᠭᠡ ᠪᠠᠷ ᠵᠠᠰᠠᠵᠤ᠂ ᠣᠷᠴᠢᠨ ᠲᠣᠭᠤᠷᠢᠨ ᠢ | ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ︔ ᠣᠯᠠᠨ ᠲᠦᠮᠡᠨ ᠤ ᠭᠤᠣᠯ ᠴᠣᠭᠴᠠ ᠶᠢᠨ ᠦᠢᠯᠡᠳᠦᠯ ᠢ | ᠭᠦᠢᠴᠡᠳ ᠪᠠᠳᠠᠷᠠᠭᠤᠯᠤᠨ᠂ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠭᠰᠠᠨ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ︔ ᠣᠷᠣᠰᠢᠨ ᠰᠠᠭᠤᠬᠤ ᠣᠷᠴᠢᠨ ᠨᠥᠬᠦᠴᠡᠯ ᠢ | ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠬᠤ ᠶᠢᠨ ᠬᠠᠮᠲᠤ᠂ ᠨᠡᠶᠢᠭᠡᠮ ᠤᠨ ᠵᠠᠰᠠᠯᠲᠠ ᠪᠠ ᠬᠠᠮᠢᠶᠠᠷᠤᠯᠲᠠ ᠶᠢ | ᠪᠦᠬᠦ ᠲᠠᠯ᠎ᠠ ᠪᠠᠷ ᠴᠢᠩᠭᠠᠳᠬᠠᠵᠤ᠂ ᠴᠡᠪ ᠴᠡᠪᠡᠷᠬᠡᠨ ᠢᠶᠠᠷ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ | ᠤᠭᠲᠤᠬᠤ ᠬᠡᠷᠡᠭᠲᠡᠢ ᠭᠡᠵᠡᠢ᠃ | ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ | ᠣᠷᠣᠯᠴᠠᠵᠠᠢ᠃ |