3 ᠳ᠋ᠤᠭᠠᠷ ᠰᠠᠷ᠎ᠠ ᠶᠢᠨ 30 ᠤ ᠡᠳᠦᠷ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠹᠠᠨ ᡁᠢ ᠵᠥᠩ ᠰᠢᠨ᠎ᠡ ᠬᠤᠲᠠ ᠲᠣᠭᠤᠷᠢᠭ ᠤᠨ | ᠠᠷᠠᠳ ᠤᠨ ᠰᠢᠭᠦᠬᠦ ᠬᠤᠷᠢᠶ᠎ᠠ ᠳᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ | ᠴᠡᠭᠴᠡᠯᠡᠯᠲᠡ ᠶᠢᠨ ᠠᠵᠢᠯ ᠳᠤ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠵᠦ ᠰᠢᠮᠳᠠᠭᠤᠯᠤᠨ | ᠵᠢᠯᠣᠭᠤᠳᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠨ᠎ᠡ ᠬᠤᠳᠠ ᠲᠣᠭᠤᠷᠢᠭ ᠤᠨ ᠠᠷᠠᠳ ᠤᠨ ᠰᠢᠭᠦᠬᠦ | ᠬᠤᠷᠢᠶ᠎ᠠ ᠶᠢᠨ ᠦᠨᠳᠦᠰᠦᠨ ᠪᠠᠶᠢᠳᠠᠯ ᠢ ᠨᠠᠷᠢᠨ ᠣᠶᠢᠯᠠᠭᠠᠵᠤ᠂ ᠬᠥᠮᠦᠵᠢᠯ ᠴᠡᠭᠴᠡᠯᠡᠯᠲᠡ ᠶᠢᠨ ᠨᠢᠭᠡᠳᠦᠭᠡᠷ | ᠭᠤᠭᠴᠤᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠤᠯᠪᠣᠭᠳᠠᠯ ᠪᠦᠬᠦᠢ ᠬᠠᠷᠢᠭᠤ ᠮᠡᠳᠡᠭᠦᠯᠦᠯᠲᠡ ᠶᠢ | ᠰᠣᠨᠣᠰᠴᠤ᠂ ᠠᠵᠢᠯ ᠢ ᠥᠷᠨᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠭᠤᠣᠯᠳᠠᠯᠭ᠎ᠠ ᠲᠠᠢ ᠯᠠᠪᠯᠠᠨ | ᠠᠰᠠᠭᠤᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃ ᠪᠠᠰᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ | ᠶᠢᠨ ᠬᠥᠮᠦᠵᠢᠯ ᠴᠡᠭᠴᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠬᠦᠷᠴᠦ | ᠬᠤᠯᠪᠣᠭᠳᠠᠯ ᠪᠦᠬᠦᠢ ᠮᠠᠲ᠋ᠧᠷᠢᠶᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠪᠡ᠃ | | | | | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠰᠤᠷᠤᠯᠴᠠᠯᠭ᠎ᠠ ᠬᠥᠮᠦᠵᠢᠯ ᠪᠣᠯ | ᠬᠥᠮᠦᠵᠢᠯ ᠴᠡᠭᠴᠡᠯᠡᠯᠲᠡ ᠶᠢᠨ ᠠᠵᠢᠯ ᠤᠨ ᠴᠢᠬᠤᠯᠠ ᠵᠠᠩᠭᠢᠯᠠᠭ᠎ᠠ ᠶᠢᠨ ᠨᠢᠭᠡ ᠮᠥᠨ᠂ ᠪᠦᠬᠦ ᠲᠠᠯ᠎ᠠ ᠪᠠᠷ | ᠰᠢᠰᠲ᠋ᠧᠮ ᠲᠠᠢ ᠰᠤᠷᠤᠯᠴᠠᠵᠤ᠂ ᠰᠣᠷᠣᠭᠰᠠᠨ ᠮᠡᠳᠡᠯᠭᠡ ᠪᠠᠨ ᠨᠡᠪᠲᠡᠷᠡᠲᠡᠯ᠎ᠡ ᠣᠶᠢᠯᠠᠭᠠᠵᠤ᠂ ᠪᠣᠳᠠᠲᠠᠶ ᠠᠵᠢᠯ ᠢ | ᠵᠢᠯᠣᠭᠤᠳᠬᠤ ᠬᠡᠷᠡᠭᠲᠡᠶ︔ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠭᠦᠨᠵᠡᠭᠡᠢ ᠦᠢᠯᠡᠳᠦᠯᠭᠡᠵᠢᠭᠦᠯᠵᠦ᠂ ᠤᠯᠠᠨ ᠲᠦᠮᠡᠨ ᠤ ᠬᠠᠮᠤᠭ ᠠᠴᠠ ᠬᠦᠰᠡᠨ ᠬᠦᠯᠢᠶᠡᠵᠦ ᠪᠠᠶᠢᠭ᠎ᠠ ᠶᠠᠪᠤᠳᠠᠯ ᠠᠴᠠ | ᠡᠬᠢᠯᠡᠨ ᠬᠢᠵᠦ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ | ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠵᠢᠴᠢ ᠬᠠᠷᠢᠶ᠎ᠠ ᠲᠤᠭᠤᠷᠢᠭ ᠤᠨ ᠳᠣᠲᠣᠷᠠᠬᠢ ᠭᠡᠷ ᠭᠠᠵᠠᠷ ᠤᠨ ᠬᠦᠷᠦᠩᠭᠡ ᠶᠢᠨ | ᠦᠯᠡᠳᠡᠭᠳᠡᠯ ᠠᠰᠠᠭᠤᠳᠠᠯ ᠵᠡᠷᠭᠡ ᠥᠷᠭᠡᠨ ᠤᠯᠠᠨ ᠲᠦᠮᠡᠨ ᠤ ᠲᠤᠯᠭᠠᠮᠳᠠᠵᠤ ᠵᠣᠪᠠᠵᠤ ᠬᠦᠴᠢᠷᠳᠡᠵᠦ ᠬᠦᠰᠡᠵᠦ | ᠰᠠᠨᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠦᠵᠢᠯ ᠴᠡᠭᠴᠡᠯᠡᠯᠲᠡ ᠪᠠᠷ ᠳᠠᠮᠵᠢᠨ ᠣᠯᠠᠨ | ᠲᠦᠮᠡᠨ ᠳᠤ ᠦᠨᠡᠨ ᠬᠦ ᠪᠤᠳᠠᠳᠠᠢ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ ᠥᠭᠬᠦ ᠬᠡᠷᠡᠭᠲᠡᠶ︔ ᠨᠠᠷᠢᠨ ᠨᠢᠮᠪᠠᠢ | ᠰᠣᠩᠭᠤᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠬᠡᠪᠡᠷ ᠤᠬᠠᠭᠤᠯᠵᠤ᠂ ᠠᠵᠢᠯ ᠤᠨ ᠳᠤᠮᠳᠠᠬᠢ ᠰᠠᠶᠢᠨ | ᠲᠤᠷᠰᠢᠯᠭ᠎ᠠ ᠰᠠᠶᠢᠨ ᠠᠷᠭ᠎ᠠ ᠶᠢ ᠨᠠᠷᠢᠨ ᠬᠢᠨᠠᠮᠠᠭᠠᠢ ᠳ᠋ᠦᠩᠨᠡᠵᠦ᠂ ᠠᠷᠠᠳ ᠲᠦᠮᠡᠨ ᠳᠤ ᠲᠥᠪ ᠭᠤᠣᠯᠴᠢ ᠰᠢᠳᠤᠷᠭᠤ | ᠶᠣᠰᠣ ᠶᠢ ᠦᠨᠡᠨᠬᠦ ᠮᠡᠳᠡᠷᠡᠭᠦᠯᠵᠦ᠂ ᠬᠠᠤᠯᠢᠵᠢᠯ ᠤᠨ ᠢᠲᠡᠭᠡᠯ ᠪᠢᠰᠢᠷᠡᠯ ᠢ ᠨᠢ ᠪᠠᠲᠤᠳᠬᠠᠬᠤ ᠬᠡᠷᠡᠭᠲᠡᠢ ᠭᠡᠪᠡ᠃ |