| | | | | 3 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠯᠤᠰ | ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ | ᠠᠩᠬᠠᠳᠤᠭᠠᠷ ᠬᠤᠷᠠᠯ ᠬᠤᠷᠠᠯᠳᠤᠭᠤᠯᠪᠠ᠃ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠧᠢ | ᠬᠤᠩ ᠵᠢᠶᠦ᠋ᠨ ᠬᠤᠷᠠᠯ ᠢ ᠡᠷᠬᠢᠯᠡᠵᠦ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠤᠤ ᠴᠢ ᠳ᠋ᠦᠩ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ︽ᠰᠢᠨ᠎ᠡ ᠬᠤᠲᠠ ᠲᠣᠭᠤᠷᠢᠭ ᠤᠨ ᠤᠯᠤᠰ ᠲᠥᠷᠥ ᠬᠠᠤᠯᠢ | ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠭᠠᠵᠠᠷ ᠤᠨ ᠲᠠᠰ ᠤᠨ ᠤᠳᠤᠷᠢᠳᠤᠯᠭ᠎ᠠ ᠶᠢᠨ | ᠳᠠᠭᠠᠭᠠᠴᠢᠯᠠᠨ ᠬᠠᠷᠢᠯᠴᠠᠬᠤ ᠲᠥᠰᠦᠯ︾ ᠢ ᠬᠠᠷᠢᠭᠤ ᠮᠡᠳᠡᠭᠦᠯᠪᠡ᠃ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ | ᠬᠤᠪᠢᠶᠠᠷᠢ ᠲᠣᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠶᠢᠨ | ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠲᠣᠰ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ | ᠴᠡᠭᠴᠡᠯᠡᠯᠲᠡ ᠶᠢᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠲᠤᠭᠤᠷᠢᠭ ᠤᠨ ᠨᠠᠮ ᠤᠨ ᠬᠤᠷᠢᠶ᠎ᠠ ᠶᠢᠨ | ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠦ ᠵᠣᠣ ᠵᠢᠶᠠᠩ ᠪᠥᠬᠦ | ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠤᠨ | ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ | ᠴᠡᠭᠴᠡᠯᠡᠯᠲᠡ ᠶᠢᠨ ᠠᠵᠢᠯ ᠢ ᠥᠷᠨᠢᠭᠦᠯᠦᠭᠰᠡᠨ ᠠᠴᠠ ᠨᠠᠰᠢ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶ᠎ᠠ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠳ ᠦᠳᠲᠡᠷ | ᠲᠦᠷᠭᠡᠨ ᠢᠶᠠᠷ ᠬᠥᠳᠡᠯᠦᠯᠴᠡᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ | ᠬᠠᠷᠠᠯᠲᠠ ᠡᠭᠦᠷᠭᠡ ᠪᠣᠯᠤᠨ ᠶᠡᠷᠦᠩᠬᠡᠶ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠡᠯ᠎ᠡ ᠵᠦᠢᠯ ᠤᠨ ᠭᠤᠣᠯᠳᠠᠯᠭ᠎ᠠ ᠲᠠᠢ | ᠠᠵᠢᠯ ᠢ ᠯᠠᠪᠳᠠᠭᠤᠨ ᠢᠶᠠᠷ ᠠᠬᠢᠭᠤᠯᠵᠤ᠂ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠠᠶ᠃ ᠡᠯ᠎ᠡ ᠬᠠᠮᠢᠶ᠎ᠠ ᠪᠥᠬᠦᠶ | ᠨᠢᠭᠡᠴᠡ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠠᠳᠬᠤᠬᠤ ᠭᠤᠤᠯ | ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠡᠭᠦᠷᠭᠡᠯᠡᠬᠦ ᠬᠡᠷᠡᠭᠲᠡᠶ᠃ ᠲᠤᠭᠤᠷᠢᠭ ᠤᠨ ᠱᠠᠲᠤᠨ ᠤ | ᠤᠳᠤᠷᠢᠳᠤᠯᠭ᠎ᠠ ᠪᠡᠶ᠎ᠡ ᠪᠠᠷ ᠢᠶᠠᠨ ᠥᠯᠢᠭᠡᠷ ᠳᠠᠭᠤᠷᠢᠶᠠᠯ ᠦᠵᠡᠭᠦᠯᠵᠦ᠂ ᠳᠠᠭᠠᠭᠠᠴᠢᠯᠠᠨ ᠬᠠᠷᠢᠯᠴᠠᠬᠤ ᠲᠦᠷᠢᠮ ᠢ | ᠬᠢᠨᠠᠮᠠᠭᠠᠶ ᠨᠠᠶᠢᠳᠠᠪᠤᠷᠢᠵᠢᠭᠤᠯᠤᠨ᠂ ᠤᠳᠤᠷᠢᠳᠤᠯᠭ᠎ᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠬᠥᠮᠦᠵᠢᠯ | ᠴᠡᠭᠴᠡᠯᠡᠯᠲᠡ ᠶᠢ ᠬᠦᠴᠦᠲᠡᠶ ᠳᠥᠯᠭᠢᠨ ᠠᠬᠢᠭᠤᠯᠵᠤ᠂ ᠠᠯᠬᠤᠮ ᠠᠯᠬᠤᠮ ᠢᠶᠠᠷ ᠭᠦᠨᠵᠡᠭᠡᠶᠢᠷᠡᠭᠦᠯᠬᠦ ᠶᠢ ᠦᠨᠡᠨ ᠬᠦ | ᠪᠠᠲᠤᠯᠠᠬᠤ ᠬᠡᠷᠡᠭᠲᠡᠶ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ | ᠴᠡᠭᠴᠡᠯᠡᠯᠲᠡ ᠶᠢ ᠰᠠᠶᠢᠲᠤᠷ ᠥᠷᠨᠢᠭᠦᠯᠬᠦ ᠪᠣᠯ ᠨᠢᠭᠡᠨ ᠪᠡᠷᠬᠡ ᠬᠠᠲᠠᠭᠤᠵᠢᠯᠲᠠᠢ ᠤᠯᠤᠰ ᠲᠦᠷᠦ ᠶᠢᠨ ᠡᠭᠦᠷᠭᠡ ᠮᠥᠨ᠃ | ᠪᠠᠶᠢᠪᠠᠰᠤ ᠵᠣᠬᠢᠬᠤ ᠤᠯᠤᠰ ᠲᠦᠷᠦ ᠶᠢᠨ ᠡᠭᠦᠷᠭᠡᠯᠡᠯ ᠪᠠ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠬᠤ ᠣᠪᠣᠷ ᠢ | ᠠᠪᠴᠤ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ︽ᠢᠲᠡᠭᠡᠯ ᠪᠢᠰᠢᠷᠡᠯ ᠲᠠᠢ᠂ ᠤᠯᠤᠰ | ᠲᠥᠷᠥ ᠶᠢᠨ ᠵᠣᠭᠰᠣᠴᠠ ᠲᠠᠢ᠂ ᠬᠠᠷᠢᠭᠤᠴᠠᠯᠭᠠᠲᠤ ᠣᠪᠣᠷ ᠲᠠᠢ᠂ ᠴᠢᠳᠠᠪᠤᠷᠢ ᠲᠠᠢ᠂ ᠴᠢᠬᠡᠴᠢ ᠰᠤᠷᠲᠠᠯ ᠲᠠᠢ︾ | ᠰᠢᠨ᠎ᠡ ᠴᠠᠭ ᠦᠶ᠎ᠡ ᠶᠢᠨ ᠰᠢᠨ᠎ᠡ ᠬᠤᠳᠠ ᠶᠢᠨ ᠤᠯᠤᠰ ᠲᠦᠷᠦ ᠬᠠᠤᠯᠢ ᠴᠠᠭᠠᠵᠠ ᠲᠡᠮᠤᠷ ᠵᠠᠮ ᠤᠨ ᠴᠡᠷᠢᠭ ᠢ ᠳᠠᠪᠲᠠᠨ | ᠪᠣᠯᠪᠠᠰᠤᠷᠠᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠬᠤ | ᠬᠡᠷᠡᠭᠲᠡᠢ ᠭᠡᠪᠡ᠃ |