ᠰᠢᠨ᠎ᠡ ᠬᠤᠲᠠ ᠲᠣᠭᠤᠷᠢᠭ ᠤᠨ ᠤᠳᠤᠷᠢᠳᠤᠯᠭ᠎ᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠥᠵᠢᠯ ᠴᠡᠭᠴᠡᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠰᠢᠮᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2021/4/1
     3 ᠳ᠋ᠤᠭᠠᠷ ᠰᠠᠷ᠎ᠠ ᠶᠢᠨ 30 ᠤ ᠡᠳᠦᠷ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠹᠠᠨ ᡁᠢ ᠵᠥᠩ ᠰᠢᠨ᠎ᠡ ᠬᠤᠲᠠ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠳᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠳᠤ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠵᠦ ᠰᠢᠮᠳᠠᠭᠤᠯᠤᠨ ᠵᠢᠯᠣᠭᠤᠳᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠨ᠎ᠡ ᠬᠤᠳᠠ ᠲᠣᠭᠤᠷᠢᠭ ᠤᠨ ᠠᠷᠠᠳ ᠤᠨ ᠰᠢᠭᠦᠬᠦ  ᠬᠤᠷᠢᠶ᠎ᠠ ᠶᠢᠨ ᠦᠨᠳᠦᠰᠦᠨ ᠪᠠᠶᠢᠳᠠᠯ ᠢ ᠨᠠᠷᠢᠨ ᠣᠶᠢᠯᠠᠭᠠᠵᠤ᠂ ᠬᠥᠮᠦᠵᠢᠯ ᠴᠡᠭᠴᠡᠯᠡᠯᠲᠡ ᠶᠢᠨ ᠨᠢᠭᠡᠳᠦᠭᠡᠷ ᠭᠤᠭᠴᠤᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠤᠯᠪᠣᠭᠳᠠᠯ ᠪᠦᠬᠦᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠢ ᠥᠷᠨᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠭᠤᠣᠯᠳᠠᠯᠭ᠎ᠠ ᠲᠠᠢ ᠯᠠᠪᠯᠠᠨ ᠠᠰᠠᠭᠤᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃ ᠪᠠᠰᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠬᠦᠷᠴᠦ ᠬᠤᠯᠪᠣᠭᠳᠠᠯ ᠪᠦᠬᠦᠢ ᠮᠠᠲ᠋ᠧᠷᠢᠶᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠪᠡ᠃
     ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠰᠤᠷᠤᠯᠴᠠᠯᠭ᠎ᠠ ᠬᠥᠮᠦᠵᠢᠯ ᠪᠣᠯ ᠬᠥᠮᠦᠵᠢᠯ ᠴᠡᠭᠴᠡᠯᠡᠯᠲᠡ ᠶᠢᠨ ᠠᠵᠢᠯ ᠤᠨ ᠴᠢᠬᠤᠯᠠ ᠵᠠᠩᠭᠢᠯᠠᠭ᠎ᠠ ᠶᠢᠨ ᠨᠢᠭᠡ ᠮᠥᠨ᠂ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠰᠣᠷᠣᠭᠰᠠᠨ ᠮᠡᠳᠡᠯᠭᠡ ᠪᠠᠨ ᠨᠡᠪᠲᠡᠷᠡᠲᠡᠯ᠎ᠡ ᠣᠶᠢᠯᠠᠭᠠᠵᠤ᠂ ᠪᠣᠳᠠᠲᠠᠶ ᠠᠵᠢᠯ ᠢ ᠵᠢᠯᠣᠭᠤᠳᠬᠤ ᠬᠡᠷᠡᠭᠲᠡᠶ︔ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠤᠯᠠᠨ ᠲᠦᠮᠡᠨ ᠤ ᠬᠠᠮᠤᠭ ᠠᠴᠠ ᠬᠦᠰᠡᠨ ᠬᠦᠯᠢᠶᠡᠵᠦ ᠪᠠᠶᠢᠭ᠎ᠠ ᠶᠠᠪᠤᠳᠠᠯ ᠠᠴᠠ ᠡᠬᠢᠯᠡᠨ ᠬᠢᠵᠦ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠵᠢᠴᠢ ᠬᠠᠷᠢᠶ᠎ᠠ ᠲᠤᠭᠤᠷᠢᠭ ᠤᠨ ᠳᠣᠲᠣᠷᠠᠬᠢ ᠭᠡᠷ ᠭᠠᠵᠠᠷ ᠤᠨ ᠬᠦᠷᠦᠩᠭᠡ ᠶᠢᠨ ᠦᠯᠡᠳᠡᠭᠳᠡᠯ ᠠᠰᠠᠭᠤᠳᠠᠯ ᠵᠡᠷᠭᠡ ᠥᠷᠭᠡᠨ ᠤᠯᠠᠨ ᠲᠦᠮᠡᠨ ᠤ ᠲᠤᠯᠭᠠᠮᠳᠠᠵᠤ ᠵᠣᠪᠠᠵᠤ ᠬᠦᠴᠢᠷᠳᠡᠵᠦ ᠬᠦᠰᠡᠵᠦ ᠰᠠᠨᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠦᠵᠢᠯ ᠴᠡᠭᠴᠡᠯᠡᠯᠲᠡ ᠪᠠᠷ ᠳᠠᠮᠵᠢᠨ ᠣᠯᠠᠨ ᠲᠦᠮᠡᠨ ᠳᠤ ᠦᠨᠡᠨ ᠬᠦ  ᠪᠤᠳᠠᠳᠠᠢ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ ᠥᠭᠬᠦ ᠬᠡᠷᠡᠭᠲᠡᠶ︔ ᠨᠠᠷᠢᠨ ᠨᠢᠮᠪᠠᠢ ᠰᠣᠩᠭᠤᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠬᠡᠪᠡᠷ ᠤᠬᠠᠭᠤᠯᠵᠤ᠂ ᠠᠵᠢᠯ ᠤᠨ ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠨᠠᠷᠢᠨ ᠬᠢᠨᠠᠮᠠᠭᠠᠢ ᠳ᠋ᠦᠩᠨᠡᠵᠦ᠂ ᠠᠷᠠᠳ ᠲᠦᠮᠡᠨ ᠳᠤ ᠲᠥᠪ ᠭᠤᠣᠯᠴᠢ ᠰᠢᠳᠤᠷᠭᠤ ᠶᠣᠰᠣ ᠶᠢ ᠦᠨᠡᠨᠬᠦ ᠮᠡᠳᠡᠷᠡᠭᠦᠯᠵᠦ᠂ ᠬᠠᠤᠯᠢᠵᠢᠯ ᠤᠨ ᠢᠲᠡᠭᠡᠯ ᠪᠢᠰᠢᠷᠡᠯ ᠢ ᠨᠢ ᠪᠠᠲᠤᠳᠬᠠᠬᠤ ᠬᠡᠷᠡᠭᠲᠡᠢ ᠭᠡᠪᠡ᠃
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ