ᠰᠢᠨ᠎ᠡ ᠬᠤᠲᠠ ᠲᠣᠭᠤᠷᠢᠭ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/1
     3 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠬᠤᠷᠠᠯᠳᠤᠭᠤᠯᠪᠠ᠃ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠧᠢ ᠬᠤᠩ ᠵᠢᠶᠦ᠋ᠨ ᠬᠤᠷᠠᠯ ᠢ ᠡᠷᠬᠢᠯᠡᠵᠦ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠤᠤ ᠴᠢ ᠳ᠋ᠦᠩ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ︽ᠰᠢᠨ᠎ᠡ ᠬᠤᠲᠠ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠭᠠᠵᠠᠷ ᠤᠨ ᠲᠠᠰ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠠᠷᠢᠯᠴᠠᠬᠤ ᠲᠥᠰᠦᠯ︾ ᠢ ᠬᠠᠷᠢᠭᠤ ᠮᠡᠳᠡᠭᠦᠯᠪᠡ᠃ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠲᠣᠰ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠦ ᠵᠣᠣ ᠵᠢᠶᠠᠩ ᠪᠥᠬᠦ ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠢ ᠥᠷᠨᠢᠭᠦᠯᠦᠭᠰᠡᠨ ᠠᠴᠠ ᠨᠠᠰᠢ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠳ ᠦᠳᠲᠡᠷ ᠲᠦᠷᠭᠡᠨ ᠢᠶᠠᠷ ᠬᠥᠳᠡᠯᠦᠯᠴᠡᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠬᠠᠷᠠᠯᠲᠠ ᠡᠭᠦᠷᠭᠡ ᠪᠣᠯᠤᠨ ᠶᠡᠷᠦᠩᠬᠡᠶ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠢᠶᠠᠷ ᠠᠬᠢᠭᠤᠯᠵᠤ᠂ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠠᠶ᠃ ᠡᠯ᠎ᠡ ᠬᠠᠮᠢᠶ᠎ᠠ ᠪᠥᠬᠦᠶ ᠨᠢᠭᠡᠴᠡ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠠᠳᠬᠤᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠡᠭᠦᠷᠭᠡᠯᠡᠬᠦ ᠬᠡᠷᠡᠭᠲᠡᠶ᠃ ᠲᠤᠭᠤᠷᠢᠭ ᠤᠨ ᠱᠠᠲᠤᠨ ᠤ ᠤᠳᠤᠷᠢᠳᠤᠯᠭ᠎ᠠ ᠪᠡᠶ᠎ᠡ ᠪᠠᠷ ᠢᠶᠠᠨ ᠥᠯᠢᠭᠡᠷ ᠳᠠᠭᠤᠷᠢᠶᠠᠯ ᠦᠵᠡᠭᠦᠯᠵᠦ᠂ ᠳᠠᠭᠠᠭᠠᠴᠢᠯᠠᠨ ᠬᠠᠷᠢᠯᠴᠠᠬᠤ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠂ ᠤᠳᠤᠷᠢᠳᠤᠯᠭ᠎ᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠬᠥᠮᠦᠵᠢᠯ ᠴᠡᠭᠴᠡᠯᠡᠯᠲᠡ ᠶᠢ ᠬᠦᠴᠦᠲᠡᠶ ᠳᠥᠯᠭᠢᠨ ᠠᠬᠢᠭᠤᠯᠵᠤ᠂ ᠠᠯᠬᠤᠮ ᠠᠯᠬᠤᠮ ᠢᠶᠠᠷ ᠭᠦᠨᠵᠡᠭᠡᠶᠢᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠰᠠᠶᠢᠲᠤᠷ ᠥᠷᠨᠢᠭᠦᠯᠬᠦ ᠪᠣᠯ ᠨᠢᠭᠡᠨ ᠪᠡᠷᠬᠡ ᠬᠠᠲᠠᠭᠤᠵᠢᠯᠲᠠᠢ ᠤᠯᠤᠰ ᠲᠦᠷᠦ ᠶᠢᠨ ᠡᠭᠦᠷᠭᠡ ᠮᠥᠨ᠃ ᠪᠠᠶᠢᠪᠠᠰᠤ ᠵᠣᠬᠢᠬᠤ ᠤᠯᠤᠰ ᠲᠦᠷᠦ ᠶᠢᠨ ᠡᠭᠦᠷᠭᠡᠯᠡᠯ ᠪᠠ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠬᠤ ᠣᠪᠣᠷ ᠢ ᠠᠪᠴᠤ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ︽ᠢᠲᠡᠭᠡᠯ ᠪᠢᠰᠢᠷᠡᠯ ᠲᠠᠢ᠂ ᠤᠯᠤᠰ ᠲᠥᠷᠥ ᠶᠢᠨ ᠵᠣᠭᠰᠣᠴᠠ ᠲᠠᠢ᠂ ᠬᠠᠷᠢᠭᠤᠴᠠᠯᠭᠠᠲᠤ ᠣᠪᠣᠷ ᠲᠠᠢ᠂  ᠴᠢᠳᠠᠪᠤᠷᠢ ᠲᠠᠢ᠂ ᠴᠢᠬᠡᠴᠢ ᠰᠤᠷᠲᠠᠯ ᠲᠠᠢ︾ ᠰᠢᠨ᠎ᠡ ᠴᠠᠭ ᠦᠶ᠎ᠡ ᠶᠢᠨ ᠰᠢᠨ᠎ᠡ ᠬᠤᠳᠠ ᠶᠢᠨ ᠤᠯᠤᠰ ᠲᠦᠷᠦ ᠬᠠᠤᠯᠢ ᠴᠠᠭᠠᠵᠠ ᠲᠡᠮᠤᠷ ᠵᠠᠮ ᠤᠨ ᠴᠡᠷᠢᠭ ᠢ ᠳᠠᠪᠲᠠᠨ ᠪᠣᠯᠪᠠᠰᠤᠷᠠᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠬᠤ ᠬᠡᠷᠡᠭᠲᠡᠢ ᠭᠡᠪᠡ᠃
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ