ᠬᠦᠬᠡᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠢ ᠪᠠᠳᠤᠯᠠᠵᠤ ᠪᠤᠢ
ᠨᠡᠶᠢᠲᠡᠯᠡᠭᠰᠡᠨ ᠴᠠᠭ᠄
2021/4/12
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠬᠠᠶᠢᠷ᠎ᠠ︶ ᠰᠤᠷᠪᠤᠯᠵᠢᠯᠠᠭᠴᠢ ᠬᠦᠬᠡᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2020 ᠣᠨ ᠳᠤ ᠲᠣᠰ ᠲᠣᠪᠴᠢᠶ᠎ᠠ ᠬᠡᠷᠡᠭᠵᠢᠭᠦᠯᠦᠭᠰᠡᠨ ᠬᠤᠲᠠ ᠬᠤᠰᠢᠭᠤ ᠰᠢᠶᠠᠨ ᠭᠤᠷᠪᠠᠨ ᠱᠠᠲᠤᠨ ᠤ ᠬᠤᠯᠪᠣᠭᠠᠯᠠᠨ ᠪᠠᠶᠢᠴᠠᠭᠠᠬᠤ ᠲᠣᠭᠲᠠᠴᠠ ᠢᠯᠡᠳᠲᠡ ᠦᠷ᠎ᠡ ᠪᠦᠲᠦᠮᠵᠢ ᠣᠯᠵᠤ᠂ ᠪᠥᠬᠦ ᠬᠤᠲᠠ ᠳᠤ ᠪᠥᠬᠦ ᠵᠢᠯ ᠳᠤ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠠᠳᠡᠯ ᠨᠢᠭᠡ ᠴᠦ ᠡᠭᠦᠰᠦᠭᠰᠡᠨ ᠦᠭᠡᠢ ᠪᠠᠶᠢᠬᠤ ᠶᠢ ᠪᠠᠳᠤᠯᠠᠵᠤ᠂ ᠡᠨᠡ ᠵᠢᠯ ᠦᠷᠬᠦᠯᠵᠢᠯᠡᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠳᠤ ᠰᠠᠬᠢᠵᠤ᠂ ᠤᠯᠠᠨ ᠠᠷᠭ᠎ᠠ ᠠᠪᠴᠡᠯ ᠢᠶᠠᠷ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠢ ᠴᠢᠨᠠᠭᠰᠢᠳᠠ ᠪᠠᠳᠤᠯᠠᠵᠤ ᠪᠤᠢ᠃      ᠤᠢᠢᠯᠠᠭᠠᠭᠰᠠᠨ ᠢᠶᠠᠷ᠂ ᠡᠨᠡ ᠵᠢᠯ ᠪᠦᠬᠦ ᠬᠤᠳᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠰᠢᠰᠲ᠋ᠧᠮ ᠤᠨ ᠬᠢᠨ ᠲᠦᠭᠰᠢᠭᠦᠷᠢ ᠶᠢ ᠲᠠᠰ ᠬᠤᠪᠢᠶᠠᠵᠤ ᠬᠠᠮᠢᠶᠠᠷᠤᠨ ᠡᠵᠡᠮᠳᠡᠬᠦ ᠪᠠ ᠬᠡᠮ ᠰᠣᠭᠤᠭ ᠢ ᠵᠢᠬᠰᠠᠭᠠᠨ ᠪᠠᠶᠢᠴᠠᠭᠠᠬᠤ ᠳᠠᠪᠬᠤᠷ ᠤᠷᠢᠳᠴᠢᠯᠠᠨ ᠰᠡᠷᠡᠮᠵᠢᠯᠡᠬᠦᠯᠬᠦ ᠲᠣᠭᠲᠠᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠢ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠢ ᠬᠦᠨᠵᠡᠬᠡᠢ ᠥᠷᠨᠢᠭᠦᠯᠦᠨ᠎ᠡ︔ ᠣᠨᠴᠠ ᠲᠥᠷᠥᠯ ᠤᠨ ᠲᠥᠬᠦᠭᠡᠷᠦᠮᠵᠢ ᠦᠢᠯᠡᠳᠪᠦᠷᠢᠯᠡᠬᠦ ᠨᠢᠭᠡᠴᠢ ᠶᠢᠨ ᠵᠥᠪᠰᠢᠶᠡᠷᠡᠯ ᠤᠨ ᠦᠨᠡᠮᠯᠡᠯ ᠣᠯᠤᠭᠰᠠᠨ ᠤ ᠳᠠᠷᠠᠭᠠᠬᠢ ᠬᠢᠨᠠᠯᠲᠠ ᠪᠠᠶᠢᠴᠠᠭᠠᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠣᠨᠴᠠ ᠲᠥᠷᠥᠯ ᠤᠨ ᠲᠥᠬᠦᠭᠡᠷᠦᠮᠵᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠢᠯᠣᠭᠤᠳᠬᠤ ᠪᠠ ᠱᠠᠯᠠᠪᠳᠠᠭᠤᠯᠤᠨ ᠭᠦᠢᠴᠡᠳᠬᠡᠬᠦ ᠡᠷᠴᠢᠮ ᠢ ᠴᠢᠩᠭᠠᠷᠠᠭᠤᠯᠤᠨ᠎ᠠ︔ ᠥᠪᠥᠷ ᠮᠣᠩᠭᠤᠯ ᠤᠨ ᠤᠨᠴᠠ ᠲᠥᠷᠥᠯ ᠤᠨ ᠲᠥᠬᠦᠭᠡᠷᠦᠮᠵᠢ ᠶᠢᠨ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠰᠢᠰᠲ᠋ᠧᠮ ᠤᠨ ᠲᠤᠭ᠎ᠠ ᠪᠠᠷᠢᠮᠲᠠ ᠶᠢ ᠬᠡᠷᠡᠭᠯᠡᠯᠲᠡ ᠶᠢᠨ ᠵᠠᠳᠠᠯᠤᠯᠲᠠ ᠶᠢ ᠴᠢᠩᠭᠠᠤᠨᠬᠠᠵᠤ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠪᠠ ᠤᠨᠴᠠ ᠲᠥᠷᠥᠯ ᠤᠨ ᠲᠥᠬᠦᠭᠡᠷᠦᠮᠵᠢ ᠶᠢᠨ ᠢᠯᠡ ᠨᠡᠶᠢᠲᠡᠯᠡᠬᠦ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ︔ ᠴᠠᠬᠢᠯᠭᠠᠨ ᠱᠠᠲᠤ ᠶᠢ ᠠᠷᠠᠴᠢᠯᠠᠨ ᠬᠠᠮᠠᠭᠠᠯᠠᠬᠤ ᠠᠷᠭ᠎ᠠ ᠮᠠᠶ᠋ᠢᠭ ᠪᠠ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠷᠭ᠎ᠠ ᠮᠠᠶ᠋ᠢᠭ ᠲᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂ 2021 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠪᠥᠬᠦ ᠬᠤᠲᠠ ᠶᠢᠨ ᠴᠠᠬᠢᠯᠭᠠᠨ ᠱᠠᠲᠤ ᠶᠢᠨ ᠥᠭᠡᠷᠡᠴᠢᠯᠡᠯᠲᠡ ᠳᠤ ᠣᠷᠣᠯᠴᠠᠭᠰᠠᠨ ᠲᠤᠭ᠎ᠠ ᠬᠡᠮᠵᠢᠶ᠎ᠡ ᠶᠢ ᠬᠡᠷᠡᠭᠯᠡᠵᠦ ᠪᠠᠶᠢᠭ᠎ᠠ ᠴᠠᠬᠢᠯᠭᠠᠨ ᠱᠠᠲᠤ ᠶᠢᠨ ᠶᠡᠷᠦᠩᠬᠡᠢ ᠬᠡᠮᠵᠢᠶ᠎ᠡ ᠶᠢᠨ 30% ᠵᠢᠴᠢ ᠡᠭᠦᠨ ᠠᠴᠠ ᠳᠡᠭᠡᠭᠰᠢ ᠬᠦᠷᠭᠡᠬᠦ ᠶᠢ ᠪᠡᠶᠡᠯᠡᠭᠦᠯᠦᠨ᠎ᠡ︔ ᠠᠷᠠᠳ ᠤᠨ ᠠᠮᠢᠳᠤᠷᠠᠯ ᠤᠨ ᠴᠢᠬᠤᠯᠠ ᠶᠡᠭᠡ ᠲᠥᠷᠥᠯ ᠵᠦᠢᠯ ᠤᠨ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠢ ᠪᠠᠲᠤᠯᠠᠬᠤ ᠠᠵᠢᠯ ᠢ ᠠᠬᠢᠭᠤᠯᠵᠤ᠂ ᠣᠨᠴᠠ ᠲᠥᠷᠥᠯ ᠤᠨ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠪᠠᠷᠢᠮᠵᠢᠶᠠᠵᠢᠭᠰᠡᠨ ᠬᠢᠨᠠᠯᠲᠠ ᠬᠠᠮᠢᠶᠠᠷᠤᠯᠲᠠ ᠶᠢ ᠠᠬᠢᠭᠤᠯᠤᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ