ᠬᠥᠬᠡᠬᠤᠲᠠ ︵ᠪᠡᠭᠡᠵᠢᠩ︶ ᠶᠢᠨ ᠲᠥᠪ ᠤᠨ ᠠᠵᠤ ᠠᠬᠤᠶᠢᠯᠠᠯ ᠤᠯᠤᠰ ᠤᠨ ᠠᠵᠤ ᠠᠬᠤᠶᠢᠯᠠᠯ ᠢ ᠵᠣᠯᠭᠠᠭᠤᠯᠬᠤ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/12
ᠾᠧ ᠬᠠᠢ ᠳ᠋ᠦᠩ ᠡᠷᠬᠢᠯᠡᠵᠦ ᠶᠠᠷᠢᠶ᠎ᠠ ᠲᠠᠯᠪᠢᠪᠠ      4 ᠳ᠋ᠦ᠋ᠭᠡᠷ ᠰᠠᠷ᠎ᠠ ᠶᠢᠨ 10 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠤᠯᠤᠰ ᠤᠨ ᠬᠤᠷᠠᠯ ᠤᠨ ᠲᠥᠪ ᠲᠤ ᠬᠥᠬᠡᠬᠤᠲᠠ ︵ᠪᠡᠭᠡᠵᠢᠩ︶ ᠶᠢᠨ ᠲᠥᠪ ᠤᠨ ᠠᠵᠤ ᠠᠬᠤᠶᠢᠯᠠᠯ ᠤᠯᠤᠰ ‍ᠤᠨ‌ᠠᠵᠤ ᠠᠬᠤᠶᠢᠯᠠᠯ ᠢ ᠵᠣᠯᠭᠠᠭᠤᠯᠬᠤ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠳᠠᠯᠠᠭᠠᠳ ᠲᠥᠪ ᠤᠨ ᠠᠵᠤ ᠠᠬᠤᠶᠢᠯᠠᠯ᠂ ᠤᠯᠤᠰ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠦᠢᠯᠡᠳᠦᠯᠴᠡᠨ ᠬᠠᠷᠢᠯᠴᠠᠨ᠂ ᠰᠠᠨᠠᠯ ᠪᠣᠳᠣᠯ ᠢᠶᠠᠨ ᠭᠦᠨᠵᠡᠭᠡᠢ ᠰᠣᠯᠢᠯᠴᠠᠵᠤ᠂ ᠨᠡᠩ ᠣᠯᠠᠨ ᠰᠢᠯᠢᠳᠡᠭ ᠰᠠᠶᠢᠨ ᠲᠥᠷᠥᠯ ᠵᠦᠢᠯ ᠬᠥᠬᠡᠬᠤᠲᠠ ᠳᠤ ᠨᠠᠶᠢᠳᠠᠪᠤᠷᠢᠵᠢᠭᠳᠠᠬᠤ ᠶᠢ ᠲᠦᠯᠬᠢᠨ ᠠᠬᠢᠭᠤᠯᠪᠠ᠃      ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠬᠤᠤ ᠯᠧᠢ ᠬᠥᠬᠡᠬᠤᠲᠠ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠣᠯᠠᠨ ᠤᠯᠤᠰ ᠤᠨ ᠯᠢᠦᠢ ᠰᠧ ᠠᠵᠤ ᠠᠬᠤᠢ ᠶᠢᠨ ᠨᠡᠶᠢᠭᠡᠮᠯᠢᠭ ᠤᠨ ᠭᠦᠢᠴᠡᠳᠬᠡᠬᠦ ᠨᠡᠶᠢᠭᠡᠮᠯᠢᠭ ᠤᠨ ᠳᠠᠷᠤᠭ᠎ᠠ ᠳ᠋ᠧᠩ ᠶᠢ ᠬᠠᠢ᠂ ᠳᠤᠮᠳᠠᠳᠤ ᠤᠯᠤᠰ ᠤᠨ ᠨᠡᠭᠦᠷᠡᠰᠦ ᠭᠠᠵᠠᠷ ᠰᠢᠨᠵᠢᠯᠡᠭᠡᠨ ᠤ ᠶᠡᠷᠦᠩᠬᠡᠢ ᠲᠣᠪᠴᠢᠶ᠎ᠠ - ᠵᠦᠩ ᠨᠧᠩ ᠬᠤᠸᠠ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢᠨ ᠪᠦᠯᠦᠭᠯᠡᠯᠲᠦ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢ ᠶᠢᠨ ᠳᠠᠷᠤᠭ᠎ᠠ ᠴᠧᠨ ᠰᠢᠨ ᠬᠤᠸᠠᠢ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠭᠢᠷᠢᠨ ᠤ ᠴᠠᠬᠢᠯᠭᠠᠨ ᠬᠦᠴᠦᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢ ᠶᠢᠨ ᠳᠠᠷᠤᠭ᠎ᠠ ᠼᠠᠢ ᠶᠠᠨ ᠹᠦ᠋᠂ ᠬᠤᠸᠠ ᠨᠧᠩ ᠡᠨᠧᠷᠭᠢ ᠶᠢᠨ ᠵᠠᠮ ᠬᠠᠷᠢᠯᠴᠠᠭᠠᠨ ᠤ ᠠᠵᠤ ᠦᠢᠯᠡᠰ ᠤᠨ ᠬᠤᠪᠢ ᠡᠵᠡᠮᠳᠡᠭᠰᠡᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢ ᠶᠢᠨ ᠳᠠᠷᠤᠭ᠎ᠠ ᠦ᠋ ᠶᠦᠩ ᠭᠠᠩ᠂ ᠪᠡᠭᠡᠵᠢᠩ ᠤᠨ ᠡᠨᠧᠷᠭᠢ ᠶᠢᠨ ᠣᠯᠠᠨ ᠤᠯᠤᠰ ᠤᠨ ᠬᠤᠪᠢ ᠡᠵᠡᠮᠳᠡᠭᠰᠡᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ ᠶᠢᠨ ᠬᠤᠷᠠᠯ ᠤᠨ ᠲᠡᠷᠢᠭᠦᠯᠡᠭᠴᠢ ᠵᠠᠩ ᠫᠢᠩ᠂ ᠵᠦᠩ ᠺᠧ ᠲᠠᠩ ᠰᠢᠨ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ ᠶᠢᠨ ᠳᠠᠷᠤᠭ᠎ᠠ ᠵᠠᠩ ᠶᠦᠩ ᠵᠡᠷᠭᠡ 25 ᠠᠵᠤ ᠠᠬᠤᠶᠢᠯᠠᠯᠲᠠᠨ ᠤ ᠲᠥᠯᠥᠭᠡᠯᠡᠭᠴᠢ ᠥᠪᠡᠷ ᠥᠪᠡᠷ ᠤᠨ ᠠᠵᠤ ᠠᠬᠤᠶᠢᠯᠠᠯ ᠤᠨ ᠦᠨᠳᠦᠰᠦᠨ ᠪᠠᠶᠢᠳᠠᠯ ᠢᠶᠠᠨ ᠲᠠᠨᠢᠯᠴᠠᠭᠤᠯᠤᠨ᠂ ᠠᠵᠤ ᠠᠬᠤᠶᠢᠯᠠᠯ ᠤᠨ ᠳᠠᠪᠠᠭᠤᠯᠢᠭ ᠲᠠᠯ᠎ᠠ ᠠᠴᠠ ᠪᠡᠯᠡ ᠣᠷᠣᠭᠤᠯᠤᠨ ᠬᠠᠮᠲᠤᠷᠠᠯᠴᠠᠬᠤ ᠰᠠᠨᠠᠭ᠎ᠠ ᠪᠠ ᠬᠠᠮᠲᠤᠷᠠᠯᠴᠠᠬᠤ ᠪᠣᠳᠠᠲᠠᠢ ᠶᠢ ᠡᠷᠬᠢᠮᠯᠡᠬᠦ ᠰᠠᠨᠠᠭᠤᠯᠭ᠎ᠠ ᠳᠤᠷᠠᠳᠴᠤ᠂ ᠬᠡᠰᠡᠭ ᠠᠵᠤ ᠠᠬᠤᠶᠢᠯᠠᠯ ᠪᠠᠰᠠ ᠪᠣᠳᠠᠲᠠᠢ ᠲᠥᠷᠥᠯ ᠵᠦᠢᠯ ᠤᠨ ᠲᠤᠬᠠᠢ ᠮᠠᠨ ᠤ ᠬᠤᠲᠠ ᠶᠢᠨ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠲᠠᠢ ᠨᠢᠭᠤᠷ ᠵᠣᠯᠭᠠᠨ ᠶᠠᠷᠢᠯᠴᠠᠪᠠ᠃      ᠰᠠᠭᠤᠳᠠᠯ ᠤᠨ ᠬᠤᠷᠠᠯ ᠳᠤ᠂ ᠾᠧ ᠬᠠᠢ ᠳ᠋ᠦᠩ ᠬᠠᠶᠠ ᠦᠭᠡᠢ ᠠᠵᠤ ᠠᠬᠤᠶᠢᠯᠠᠯᠲᠠᠨ ᠲᠠᠢ ᠶᠠᠷᠢᠯᠴᠠᠵᠤ᠂ ᠬᠠᠮᠲᠤᠷᠠᠯᠴᠠᠬᠤ ᠬᠦᠷᠢᠶ᠎ᠡ ᠴᠠᠷᠠᠭ᠎ᠠ ᠪᠠ ᠬᠠᠮᠲᠤᠷᠠᠯᠴᠠᠬᠤ ᠠᠷᠭ᠎ᠠ ᠬᠡᠯᠪᠡᠷᠢ ᠶᠢ ᠭᠦᠨᠵᠡᠭᠡᠢ ᠵᠥᠪᠳᠡᠵᠦ᠂ ᠪᠣᠳᠠᠲᠠᠢ ᠲᠥᠷᠥᠯ ᠵᠦᠢᠯ ᠢ ᠬᠥᠬᠡᠬᠤᠲᠠ ᠳᠤ ᠬᠡᠷᠬᠢᠨ ᠪᠠᠶᠢᠷᠢᠰᠢᠭᠤᠯᠬᠤ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ᠃      ᠳ᠋ᠦᠩᠨᠡᠯᠲᠡ ᠶᠢᠨ ᠶᠠᠷᠢᠶᠠᠨ ᠳᠠᠭᠠᠨ᠂ ᠾᠧ ᠬᠠᠢ ᠳ᠋ᠦᠩ ᠪᠦᠬᠦ ᠠᠵᠤ ᠠᠬᠤᠶᠢᠯᠠᠯᠲᠠᠳ ᠤᠨ ᠬᠥᠬᠡᠬᠤᠲᠠ ᠳᠤ ᠠᠩᠬᠠᠷᠤᠯ ᠲᠠᠯᠪᠢᠨ ᠳᠡᠮᠵᠢᠵᠦ ᠪᠠᠶᠢᠭ᠎ᠠ ᠳᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠪᠡ᠃ ᠲᠡᠷᠡ ᠬᠡᠯᠡᠬᠦ ᠳᠡᠭᠡᠨ᠂ ᠡᠨᠡ ᠤᠳᠠᠭᠠᠨ ᠤ ᠵᠣᠯᠭᠠᠭᠤᠯᠬᠤ ᠬᠤᠷᠠᠯ ᠳᠤ ᠨᠥᠬᠦᠷᠯᠡᠯ ᠢ ᠣᠯᠵᠤ᠂ ᠣᠶᠢᠯᠠᠭᠠᠯᠲᠠ ᠶᠢ ᠣᠯᠵᠤ᠂ ᠬᠠᠮᠲᠤᠷᠠᠯᠴᠠᠭ᠎ᠠ ᠶᠢ ᠣᠯᠣᠯ᠎ᠠ᠂ ᠪᠦᠬᠦ ᠠᠵᠤ ᠠᠬᠤᠶᠢᠯᠠᠯᠲᠠᠳ ᠢ ᠬᠦᠰᠡᠬᠦ ᠨᠢ ᠬᠥᠬᠡᠬᠤᠲᠠ ᠲᠠᠢ ᠢᠯᠡᠭᠦᠬᠡᠨ ᠶᠠᠪᠤᠯᠴᠠᠵᠤ᠂ ᠳᠠᠩᠳᠠ ᠶᠠᠪᠤᠯᠴᠠᠵᠤ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠨ᠂ ᠬᠠᠮᠲᠤᠷᠠᠯᠴᠠᠬᠤ ᠰᠠᠨᠠᠭ᠎ᠠ ᠪᠠᠨ ᠡᠷᠲᠡ ᠡᠳᠦᠷ ᠨᠠᠶᠢᠳᠠᠪᠤᠷᠢᠵᠢᠭᠤᠯᠬᠤ ᠲᠥᠷᠥᠯ ᠵᠦᠢᠯ ᠪᠣᠯᠭᠠᠨ ᠬᠤᠪᠢᠷᠠᠭᠤᠯᠤᠶ᠎ᠠ︔ ᠳᠠᠩᠳᠠ ᠬᠠᠷᠢᠯᠴᠠᠵᠤ᠂ ᠣᠯᠠᠨᠲᠠ ᠵᠣᠯᠭᠠᠭᠤᠯᠵᠤ᠂ ᠨᠡᠩ ᠥᠷᠭᠡᠨ ᠨᠡᠩ ᠣᠯᠠᠨ ᠨᠡᠩ ᠭᠦᠨ ᠳᠠᠪᠬᠤᠷᠭ᠎ᠠ ᠳᠤ ᠬᠠᠮᠲᠤᠷᠠᠯᠴᠠᠶ᠎ᠠ︔ ᠣᠯᠠᠨ ᠤᠬᠠᠭᠤᠯᠵᠤ᠂ ᠣᠯᠠᠨ ᠲᠠᠨᠢᠯᠴᠠᠭᠤᠯᠵᠤ᠂ ᠬᠥᠬᠡᠬᠤᠲᠠ ᠶᠢᠨ ᠡᠬᠢ ᠪᠠᠶᠠᠯᠢᠭ᠂ ᠲᠥᠷᠥ ᠶᠢᠨ ᠪᠣᠳᠣᠯᠭ᠎ᠠ᠂ ᠳᠠᠪᠠᠭᠤᠯᠢᠭ ᠵᠢᠴᠢ ᠳᠡᠯᠡᠬᠡᠢ ᠳ᠋ᠠᠬᠢᠨ ᠤ ᠨᠠᠶᠢᠵᠠ ᠪᠦᠭᠦᠳᠡ ᠲᠠᠢ ᠰᠠᠶᠢᠨ ᠶᠠᠪᠤᠯᠴᠠᠬᠤ ᠬᠦᠰᠡᠯ ᠰᠠᠨᠠᠯ ᠢ ᠨᠡᠩ ᠣᠯᠠᠨ ᠠᠵᠤ ᠠᠬᠤᠶᠢᠯᠠᠯᠲᠠᠨ ᠳᠤ ᠳᠠᠮᠵᠢᠭᠤᠯᠬᠤ ᠥᠭᠭᠦᠨ᠎ᠡ ᠦᠦ᠃ ᠬᠥᠬᠡᠬᠤᠲᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠶᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠢᠲᠡᠭᠡᠯ ᠢ ᠡᠷᠬᠢᠮᠯᠡᠭᠰᠡᠨ ᠵᠠᠰᠠᠭ ᠤᠨ ᠣᠷᠳᠣᠨ ᠢ ᠪᠠᠶᠢᠭᠤᠯᠤᠨ᠂ ︽ᠨᠢᠭᠡ ᠤᠴᠢᠷ ᠢ ᠨᠢᠭᠡ ᠵᠥᠪᠯᠡᠬᠦ᠂ ᠣᠨᠴᠠᠭᠠᠢ ᠤᠴᠢᠷ ᠢ ᠣᠨᠴᠠᠭᠠᠢ ᠭᠦᠢᠴᠡᠳᠬᠡᠬᠦ︾ ᠲᠣᠭᠲᠠᠴᠠ᠂ ᠠᠮᠠᠯᠠᠯᠲᠠ ᠪᠠᠨ ᠪᠡᠶᠡᠯᠡᠭᠦᠯᠬᠦ ᠲᠣᠭᠲᠠᠴᠠ᠂ ᠤᠷᠮᠠᠰᠢᠭᠤᠯᠤᠨ ᠰᠢᠯᠭᠠᠨ ᠦᠨᠡᠯᠡᠬᠦ ᠲᠣᠭᠲᠠᠴᠠ ᠵᠡᠷᠭᠡ ᠶᠢ ᠪᠠᠶᠢᠭᠤᠯᠵᠤ᠂ ᠰᠠᠨᠠᠭᠠᠨ ᠠᠴᠠ ᠪᠠᠨ ︽ᠬᠤᠭᠤᠯᠠᠨ ᠭᠡᠷ ᠤᠨ ᠦᠢᠯᠡᠴᠢᠯᠡᠭᠴᠢ︾ ᠪᠣᠯᠵᠤ᠂ ᠠᠵᠤ ᠠᠬᠤᠶᠢᠯᠠᠯ ᠪᠣᠯᠣᠨ ᠲᠥᠷᠥᠯ ᠵᠦᠢᠯ ᠳᠤ ᠬᠠᠮᠤᠭ ᠤᠨ ᠰᠠᠶᠢᠨ ᠦᠢᠯᠡᠴᠢᠯᠡᠭᠡ ᠬᠠᠩᠭᠠᠨ᠎ᠠ᠃ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠲᠠᠯ᠎ᠠ ᠪᠠᠷ᠂ ᠭᠠᠳᠠᠨ᠎ᠠ ᠣᠷᠣᠨ ᠳᠤ ᠪᠠᠶᠢᠳᠠᠭ ᠲᠥᠷᠥ ᠶᠢᠨ ᠪᠣᠳᠣᠯᠭ᠎ᠠ ᠶᠢ ᠬᠥᠬᠡᠬᠤᠲᠠ ᠳᠤ ᠴᠦ  ᠪᠠᠶᠢᠯᠭᠠᠨ᠎ᠠ︔ ᠭᠠᠳᠠᠨ᠎ᠠ ᠣᠷᠣᠨ ᠳᠤ ᠪᠠᠶᠢᠳᠠᠭ ᠦᠭᠡᠢ ᠶᠢ᠂ ᠣᠯᠠᠨ ᠢᠶᠠᠷ ᠢᠶᠠᠨ ᠱᠠᠭᠠᠷᠳᠠᠯᠭ᠎ᠠ ᠲᠠᠢ ᠯᠠ ᠶᠤᠮ ᠪᠣᠯ ᠬᠠᠤᠯᠢ ᠶᠣᠰᠣᠭᠠᠷ ᠴᠢᠷᠮᠠᠶᠢᠨ ᠳᠡᠮᠵᠢᠵᠦ᠂ ᠲᠥᠪ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠬᠤᠲᠣᠭᠤᠷ ᠭᠠᠵᠠᠷ︾ ᠢ ᠴᠢᠷᠮᠠᠶᠢᠨ ᠪᠠᠶᠢᠭᠤᠯᠵᠤ᠂ ᠠᠵᠤ ᠠᠬᠤᠶᠢᠯᠠᠯᠲᠠ ᠨᠢᠭᠡᠪᠦᠷᠢ ᠶᠢ ᠬᠥᠬᠡᠬᠤᠲᠠ ᠳᠤ ᠨᠢᠭᠡ ᠰᠡᠳᠬᠢᠯ ᠢᠶᠠᠷ ᠦᠢᠯᠡᠰ ᠪᠣᠰᠬᠠᠵᠤ᠂ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠬᠥᠭᠵᠢᠭᠦᠯᠦᠨ᠎ᠡ ᠭᠡᠵᠡᠢ᠃      ᠬᠤᠲᠠ ᠶᠢᠨ ᠤᠳᠤᠷᠢᠳᠤᠯᠭ᠎ᠠ ᠵᠠᠩ ᠭᠥᠸᠧ ᠫᠢᠩ᠂ ᠸᠠᠩ ᠭᠥᠸᠧ ᠬᠤᠸᠠ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠬᠤᠤ ᠳ᠋ᠠᠩ ᠵᠧᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠣᠷᠣᠯᠴᠠᠪᠠ᠃ ︵ᠯᠢ ᠬᠠᠢ ᠵᠧᠨ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ