ᠰᠢᠨ᠎ᠡ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ ᠶᠢᠨ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/4/13
     ᠲᠠᠷᠢᠯᠭ᠎ᠠ ᠶᠢᠨ ᠠᠵᠢᠯ ᠨᠢ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ ᠶᠢᠨ ᠠᠵᠢᠯ ᠢ ᠤᠷᠤᠭᠰᠢᠲᠠᠶ ᠨᠠᠶᠢᠳᠠᠪᠤᠷᠢᠵᠢᠭᠤᠯᠬᠤ ᠶᠢ  ᠦᠨᠡᠨᠬᠦ ᠪᠠᠲᠤᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ ᠶᠢᠨ ᠭᠦᠢᠯᠭᠡᠭᠡᠨ ᠤ ᠶᠠᠪᠤᠴᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ ᠶᠢᠨ ᠬᠡᠷᠡᠭᠯᠡᠭᠡᠨ ᠤ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ ᠣᠶᠢᠷ᠎ᠠ ᠶᠢᠨ ᠬᠤᠭᠤᠴᠠᠭᠠᠨ ᠳᠤ᠂ ᠰᠢᠨ᠎ᠡ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠥᠬᠦ ᠲᠤᠭᠤᠷᠢᠭ ᠤᠨ 8 ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ ᠶᠢᠨ ᠨᠢᠭᠡᠴᠡ ᠵᠢᠴᠢ ᠲᠤᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠲᠤ ᠪᠦᠬᠦᠨ ᠢ ᠬᠠᠮᠤᠷᠬᠤ ᠮᠠᠶ᠋ᠢᠭ ᠤᠨ ᠲᠤᠰᠬᠠᠶ ᠵᠤᠶᠢᠯ ᠤᠨ ᠪᠠᠶᠢᠴᠠᠭᠠᠯᠲᠠ ᠦᠷᠨᠢᠭᠦᠯᠪᠡ᠃
4 9 1.png
      ᠲᠣᠰ ᠤᠳᠠᠭᠠᠨ ᠤ ᠲᠤᠰᠬᠠᠶ ᠪᠠᠶᠢᠴᠠᠭᠠᠯᠲᠠ ᠳᠤ ᠭᠤᠤᠯᠳᠠᠭᠤ ᠡᠯ᠎ᠡ ᠲᠠᠷᠢᠯᠭ᠎ᠠ ᠶᠢᠨ ᠨᠢᠭᠡᠴᠡ ᠵᠢᠴᠢ  ᠲᠤᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ ᠶᠢ ᠬᠤᠳᠠᠯᠳᠤᠨ ᠠᠪᠬᠤ ᠠᠷᠭ᠎ᠠ ᠵᠠᠮ᠂ ᠪᠠᠷᠠᠭ᠎ᠠ ᠬᠠᠩᠭᠠᠬᠤ ᠲᠠᠯ᠎ᠠ ᠶᠢᠨ ᠬᠢᠷᠢ ᠬᠡᠮ᠂ ᠬᠤᠳᠠᠯᠳᠤᠨ ᠠᠪᠤᠭᠰᠠᠨ ᠫᠢᠶᠣᠣ ᠪᠠᠷᠢᠮᠲᠠ᠂ ᠬᠤᠳᠠᠯᠳᠤᠨ ᠠᠪᠤᠭᠰᠠᠨ᠂ ᠬᠠᠳᠠᠭᠠᠯᠠᠭᠰᠠᠨ᠂ ᠬᠤᠪᠢᠶᠠᠨ ᠲᠠᠷᠬᠠᠭᠠᠵᠤ ᠭᠥᠯᠢᠶᠡᠨ ᠠᠪᠤᠭᠰᠠᠨ ᠲᠡᠮᠳᠡᠭᠯᠡᠯ᠂ ᠬᠠᠮᠢᠶ᠎ᠠ ᠪᠥᠬᠦᠶ ᠶᠠᠰᠤ ᠴᠢᠨᠠᠷ ᠢ ᠰᠢᠯᠭᠠᠨ ᠠᠪᠤᠭᠰᠠᠨ ᠲᠡᠮᠳᠡᠭᠯᠡᠯ᠂ ᠲᠠᠷᠢᠯᠭ᠎ᠠ ᠶᠢᠨ ᠬᠠᠳᠠᠭᠠᠯᠠᠯᠲᠠ ᠪᠠ ᠲᠡᠭᠡᠭᠡᠪᠦᠷᠢ ᠶᠢᠨ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠵᠡᠷᠭᠡ ᠳᠤ ᠪᠠᠶᠢᠴᠠᠭᠠᠯᠲᠠ ᠬᠢᠨ᠎ᠠ᠃ ᠡᠭᠦᠨ ᠤ ᠬᠠᠮᠲᠤ᠂ ᠲᠠᠷᠢᠯᠭ᠎ᠠ ᠶᠢᠨ ᠨᠢᠭᠡᠴᠡ ᠶᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ ᠶᠢᠨ ᠰᠡᠷᠭᠡᠶᠢᠯᠡᠬᠦ ᠲᠠᠷᠢᠯᠭ᠎ᠠ ᠶᠢᠨ ᠬᠡᠪ ᠤᠨ ᠪᠤᠰᠤ ᠲᠤᠰᠬᠠᠯ ᠭᠠᠷᠬᠤ ᠶᠢ ᠰᠢᠯᠭᠠᠨ ᠪᠠᠶᠢᠴᠠᠭᠠᠬᠤ ᠶᠢ ᠴᠢᠩᠭᠠᠳᠬᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ ᠶᠢᠨ ᠡᠷᠡᠭᠦᠯ ᠪᠤᠰᠤ ᠲᠤᠰᠬᠠᠯ ᠭᠠᠷᠬᠤ ᠶᠢ ᠰᠢᠯᠭᠠᠨ ᠪᠠᠶᠢᠴᠠᠭᠠᠬᠤ ᠪᠠ ᠮᠡᠳᠡᠭᠦᠯᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃
4 9 2.png
      ᠣᠲᠣ ᠪᠣᠯᠲᠠᠯ᠎ᠠ᠂ ᠰᠢᠨ᠎ᠡ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ ᠬᠠᠷᠢᠶ᠎ᠠ ᠲᠤᠭᠤᠷᠢᠭ ᠤᠨ ᠢᠶᠠᠨ 8 ᠲᠠᠷᠢᠯᠭ᠎ᠠ ᠶᠢᠨ ᠨᠢᠭᠡᠴᠡ ᠳᠤ ᠨᠡᠶᠢᠳᠡᠮ ᠪᠠᠶᠢᠴᠠᠭᠠᠯᠲᠠ ᠬᠢᠵᠦ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 28 ᠬᠥᠮᠦᠨ ᠤᠳᠠᠭ᠎ᠠ᠂ ᠬᠠᠤᠯᠢ ᠬᠡᠷᠡᠭᠵᠢᠭᠦᠯᠬᠦ ᠲᠡᠷᠭᠡ ᠶᠢ 10 ᠤᠳᠠᠭ᠎ᠠ ᠬᠥᠳᠡᠯᠭᠡᠵᠦ᠂ ᠠᠰᠠᠭᠤᠳᠠᠯ ᠲᠠᠢ ᠲᠠᠷᠢᠯᠭ᠎ᠠ ᠢᠯᠡᠷᠡᠭᠰᠡᠨ ᠥᠬᠡᠶ᠃ ᠲᠠᠷᠠᠭᠠᠴᠢ ᠶᠢᠨ ᠠᠯᠬᠤᠮ ᠳᠤ᠂ ᠰᠢᠨ᠎ᠡ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠠᠷᠢᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ ᠶᠢᠨ ᠠᠵᠢᠯ ᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠨ᠎ᠠ᠃
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ