ᠰᠢᠨ᠎ᠡ ᠬᠤᠲᠠ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠨᠠᠮ ᠤᠨ ᠲᠡᠤᠬᠡ ᠶᠢ ᠰᠤᠷᠤᠯᠴᠠᠨ ᠦᠵᠡᠯ ᠰᠠᠨᠠᠭ᠎ᠠ ᠶᠢ ᠣᠶᠢᠯᠠᠭᠠᠵᠤ᠂ ᠪᠢ ᠣᠯᠠᠨ ᠲᠦᠮᠡᠨ ᠳᠤ ᠪᠣᠳᠠᠲᠤ ᠤᠴᠢᠷ ᠬᠢᠵᠦ ᠦᠭᠬᠦ︾ ᠭᠤᠤᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/13
      ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠤᠭᠲᠤᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠨᠡᠮᠡᠭᠳᠡᠭᠦᠯᠦᠨ᠂ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠮᠠᠨ ᠤ ᠲᠤᠭᠤᠷᠢᠭ ᠤᠨ ︽ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ︾ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠪᠠᠶᠢᠩᠭᠤᠵᠢᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠲᠠ ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ  ᠳᠡᠭᠡᠭᠰᠢᠯᠡᠭᠦᠯᠬᠦ ᠶᠢᠨ ᠲᠦᠯᠦᠭᠡ᠂ ᠲᠦᠷᠦᠭᠦᠬᠡᠨ᠂ ᠰᠢᠨ᠎ᠡ ᠬᠤᠲᠠ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠰᠢᠯᠢ ᠶᠢᠨ ᠬᠤᠶᠢᠲᠤ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ︽ᠨᠠᠮ ᠤᠨ ᠲᠡᠤᠬᠡ ᠶᠢ ᠰᠤᠷᠤᠯᠴᠠᠨ ᠦᠵᠡᠯ ᠰᠠᠨᠠᠭ᠎ᠠ ᠶᠢ ᠣᠶᠢᠯᠠᠭᠠᠵᠤ᠂ ᠪᠢ ᠣᠯᠠᠨ ᠲᠦᠮᠡᠨ ᠳᠤ ᠪᠣᠳᠠᠲᠤ ᠤᠴᠢᠷ ᠬᠢᠵᠦ ᠦᠭᠬᠦ︾ ᠭᠤᠤᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠥᠷᠨᠢᠭᠦᠯᠪᠡ
4 92 1.png
      ᠠᠵᠢᠯᠯᠠᠭ᠎ᠠ ᠶᠢᠨ ᠳᠤᠮᠳᠠ᠂ ᠰᠢᠨ᠎ᠡ ᠬᠤᠲᠠ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠭᠡᠰᠢᠭᠦᠨ ᠺᠠᠳ᠋ᠷᠴᠤᠳ ᠡᠯ᠎ᠡ ᠲᠥᠷᠥᠯ ᠤᠨ ᠴᠡᠪᠡᠷᠯᠡᠬᠦ ᠪᠠᠭᠠᠵᠢ ᠬᠡᠷᠡᠭᠰᠡᠯ ᠢ ᠭᠠᠷ ᠲᠠᠭᠠᠨ ᠪᠠᠷᠢᠵᠤ᠂ ᠰᠠᠭᠤᠭᠠᠯᠢ ᠲᠣᠭᠤᠷᠢᠭ ᠤᠨ ᠳᠣᠲᠣᠷᠠᠬᠢ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ᠂ ᠵᠡᠭᠡᠯᠢ ᠭᠤᠳᠤᠮᠵᠢ ᠳᠤ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠵᠤ ᠲᠠᠯᠪᠢᠵᠤ ᠪᠠᠶᠢᠬᠤ ᠵᠡᠷᠭᠡ ᠣᠯᠠᠨ ᠨᠡᠶᠢᠲᠡ ᠶᠢᠨ ᠣᠷᠴᠢᠨ ᠲᠤᠭᠤᠷᠢᠨ ᠳᠤ ᠭᠤᠤᠯᠳᠠᠯᠭ᠎ᠠ ᠲᠠᠢ ᠪᠠᠷ ᠲᠦᠢᠯᠪᠤᠷᠢᠲᠠᠶ ᠴᠡᠪᠡᠷᠯᠡᠨ ᠴᠡᠭᠴᠡᠯᠡᠪᠡ᠃
4 92 2.png
      ︽ᠪᠢ ᠣᠯᠠᠨ ᠲᠦᠮᠡᠨ ᠳᠤ ᠪᠣᠳᠠᠲᠤ ᠤᠴᠢᠷ ᠬᠢᠵᠦ ᠦᠭᠬᠦ︾ ᠭᠡᠬᠦ ᠪᠣᠯ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠭᠤᠯᠭ᠎ᠠ ᠪᠣᠯᠤᠨ᠎ᠠ᠂ ᠰᠢᠨ᠎ᠡ ᠬᠤᠳᠠ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠶᠢᠨ ᠨᠠᠮ ᠤᠨ ᠭᠡᠰᠢᠭᠦᠨ ᠺᠠᠳ᠋ᠷ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠢᠨ᠎ᠡ ᠴᠠᠭ ᠦᠶ᠎ᠡ ᠶᠢᠨ ᠡᠪ ᠬᠠᠮᠲᠤ ᠨᠠᠮ ᠤᠨ ᠭᠡᠰᠢᠭᠦᠨ ᠤ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃       ᠲᠣᠰ ᠤᠳᠠᠭᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠭᠤᠯᠤᠨ᠂ ᠰᠠᠭᠤᠭᠠᠯᠢ ᠲᠣᠭᠤᠷᠢᠭ ᠲᠤ ᠠᠷᠢᠭᠤᠨ ᠴᠡᠪᠡᠷ᠂ ᠴᠡᠪᠡᠷ ᠴᠡᠮᠴᠡᠭᠡᠷ᠂ ᠭᠤᠶᠢᠳᠠ ᠰᠠᠶᠢᠬᠠᠨ ᠣᠷᠣᠨ ᠰᠠᠭᠤᠴᠠ ᠶᠢᠨ ᠣᠷᠴᠢᠨ ᠨᠥᠬᠦᠴᠡᠯ ᠢ ᠪᠣᠶ ᠪᠣᠯᠭᠠᠵᠤ᠂ ᠬᠠᠷᠢᠶ᠎ᠠ ᠲᠤᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠭᠰᠡᠨ ᠪᠥᠭᠡᠳ ᠨᠠᠮ ᠤᠨ ᠭᠡᠰᠢᠭᠦᠨ ᠺᠠᠳ᠋ᠷ ᠪᠠ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢᠳ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠬᠥᠭᠵᠢᠭᠡᠵᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠤᠭᠰᠠᠨ ᠪᠠᠶᠢᠨ᠎ᠠ᠃
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ