ᠰᠢᠨ᠎ᠡ ᠬᠤᠲᠠ ᠲᠣᠭᠤᠷᠢᠭ ᠬᠠᠭᠤᠴᠢᠨ ᠰᠠᠭᠤᠭᠠᠯᠢ ᠲᠤᠭᠤᠷᠢᠭ ᠢ ᠶᠡᠷᠦᠩᠬᠡᠶᠢᠯᠡᠨ ᠥᠭᠡᠷᠡᠴᠢᠯᠡᠨ ᠰᠠᠶᠢᠵᠢᠷᠠᠭᠤᠯᠬᠤ ᠠᠵᠢᠯ ᠤᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/13
      4 ᠳ᠋ᠦ᠋ᠭᠡᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠬᠤᠩ ᠲᠤᠤ ᠪᠥᠬᠦ ᠲᠤᠭᠤᠷᠢᠭ ᠤᠨ ᠬᠠᠭᠤᠴᠢᠨ ᠰᠠᠭᠤᠭᠠᠯᠢ ᠲᠤᠭᠤᠷᠢᠭ ᠢ ᠶᠡᠷᠦᠩᠬᠡᠶᠢᠯᠡᠨ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠳᠡᠳ᠋ ᠭᠠᠵᠠᠷ ᠤᠨ ᠳᠡᠰ ᠤᠨ ᠤᠳᠤᠷᠢᠳᠬᠤ ᠺᠠᠳ᠋ᠷ ᠰᠢᠶᠧ ᠵᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠢᠨᠠᠨ ᠪᠤᠳᠤᠬᠤ ᠺᠣᠮᠫᠠᠨᠢ᠂ ᠬᠢᠨᠠᠨ ᠬᠠᠮᠢᠶᠠᠷᠬᠤ ᠺᠣᠮᠫᠠᠨᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠬᠤᠷᠠᠯ ᠳᠡᠭᠡᠷ᠎ᠡ᠂ ᠵᠤᠴᠢᠨ ᠤᠭᠲᠤᠬᠤ ᠰᠢᠨ᠎ᠡ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠡᠭᠦᠨ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠠᠷᠠᠭᠤᠨ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ ᠣᠳᠣᠬᠢ ᠱᠠᠲᠤᠨ ᠤ ᠬᠠᠭᠤᠴᠢᠨ ᠰᠠᠭᠤᠭᠠᠯᠢ  ᠲᠤᠭᠤᠷᠢᠭ ᠢ ᠶᠡᠷᠦᠩᠬᠡᠶᠢᠯᠡᠨ ᠥᠭᠡᠷᠡᠴᠢᠯᠡᠨ ᠰᠠᠶᠢᠵᠢᠷᠠᠭᠤᠯᠬᠤ ᠲᠦᠷᠦᠯ ᠵᠦᠢᠯ ᠤᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃ ᠰᠢᠶᠧ ᠵᠠᠨ ᠴᠢᠬᠤᠯᠠᠴᠢᠯᠠᠬᠤ ᠳᠠᠭᠠᠨ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠠᠵᠢᠯ ᠳᠤ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠨᠡᠶᠢᠭᠡᠮ ᠲᠣᠭᠤᠷᠢᠭ ᠨᠢᠭᠡᠪᠦᠷᠢ ᠳᠤ ᠢᠯᠡ ᠨᠡᠶᠢᠲᠡᠯᠡᠬᠦ ᠫᠠᠶᠢᠰᠠ ᠭᠠᠷᠭᠠᠵᠤ᠂ ᠬᠢᠨᠠᠯᠲᠠ ᠲᠠᠯᠪᠢᠬᠤ ᠺᠣᠮᠢᠰ ᠪᠠᠶᠢᠭᠤᠯᠵᠤ᠂ ᠬᠠᠭᠤᠴᠢᠨ  ᠰᠠᠭᠤᠭᠠᠯᠢ ᠲᠣᠭᠤᠷᠢᠭ ᠢ ᠶᠡᠷᠦᠩᠬᠡᠶᠢᠯᠡᠨ ᠥᠭᠡᠷᠡᠴᠢᠯᠡᠬᠦ ᠠᠵᠢᠯ ᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ ᠪᠡᠶᠡᠯᠡᠭᠦᠯᠬᠦ ᠬᠡᠷᠡᠭᠲᠡᠶ ᠭᠡᠵᠡᠶ᠃
4 13 1.png
4 13 2.png      
      ᠬᠠᠮᠤᠭ ᠰᠡᠭᠦᠯ ᠳᠤ ᠲᠣᠭᠤᠷᠢᠭ ᠤᠨ ᠳᠡᠳ᠋ ᠳᠠᠷᠤᠭ᠎ᠠ ᠯᠢᠦ ᠬᠤᠩ ᠲᠤᠤ ᠴᠢᠬᠤᠯᠠᠴᠢᠯᠠᠬᠤ ᠳᠠᠭᠠᠨ᠂ ᠨᠢᠭᠡ ᠳᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠲᠠᠨᠢᠯᠲᠠ ᠶᠢᠨ ᠲᠠᠯ᠎ᠠ ᠪᠠᠷ ᠳᠠᠬᠢᠨ ᠳᠡᠭᠡᠭᠰᠢᠯᠡᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠪᠠᠷ ᠵᠢᠯᠣᠭᠤᠳᠣᠯᠭ᠎ᠠ ᠪᠣᠯᠭᠠᠵᠤ᠂ ︽ᠪᠥᠬᠦ ᠤᠯᠤᠰ ᠤᠨ ᠪᠣᠯᠪᠠᠰᠤᠨ ᠬᠤᠲᠠ︾ ᠶᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠤᠶᠢᠯ ᠤᠨ ᠢᠨᠵᠧᠨᠧᠷᠢᠩ ᠢ ᠦᠷᠭᠦᠯᠵᠢᠯᠡᠨ ᠳᠥᠯᠭᠢᠨ ᠠᠬᠢᠭᠤᠯᠬᠤ ᠬᠡᠷᠡᠭᠲᠡᠶ ᠭᠡᠵᠡᠶ᠃ ᠬᠤᠶᠠᠷ ᠲᠤ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠲᠠᠬᠢᠨ ᠬᠦᠴᠦᠯᠡᠵᠦ᠂ ᠬᠢᠨᠠᠨ ᠪᠤᠳᠤᠬᠤ ᠺᠣᠮᠫᠠᠨᠢ ᠪᠣᠯᠤᠨ ᠬᠢᠨᠠᠨ ᠬᠠᠮᠢᠶᠠᠷᠬᠤ ᠺᠣᠮᠫᠠᠨᠢ ᠡᠭᠦᠷᠭᠡ ᠬᠠᠷᠢᠭᠤᠴᠠᠯᠭ᠎ᠠ ᠪᠠᠨ ᠪᠠᠳᠠᠷᠠᠭᠤᠯᠵᠤ᠂ ᠲᠣᠭᠲᠠᠴᠠ ᠶᠢ ᠰᠢᠯᠤᠭᠤᠳᠬᠠᠵᠤ᠂ ᠪᠦᠬᠦ ᠶᠠᠪᠤᠴᠠ ᠶᠢ ᠮᠥᠷᠳᠡᠵᠦ᠂ ᠪᠦᠬᠦ ᠶᠠᠪᠤᠴᠠ ᠶᠢ ᠬᠢᠨᠠᠨ ᠬᠠᠮᠢᠶᠠᠷᠬᠤ ᠶᠢ ᠪᠠᠷᠢᠮᠲᠠᠯᠠᠬᠤ ᠬᠡᠷᠡᠭᠲᠡᠢ᠃ ᠭᠤᠷᠪᠠ ᠳᠤ᠂ ᠬᠠᠷᠢᠭᠤᠴᠠᠯᠭ᠎ᠠ ᠶᠢᠨ ᠲᠠᠯ᠎ᠠ ᠪᠠᠷ ᠲᠠᠬᠢᠨ ᠪᠣᠳᠠᠲᠠᠶᠢᠵᠢᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠬᠡᠷᠡᠭ ᠡᠷᠬᠢᠯᠡᠬᠦ ᠭᠠᠵᠠᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠱᠠᠳᠤ ᠱᠠᠳᠤ ᠪᠠᠷ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠬᠠᠮᠲᠤᠷᠠᠯ ᠤᠨ ᠬᠦᠴᠦᠨ ᠢ ᠦᠨᠡᠨᠬᠦ ᠪᠦᠷᠢᠯᠳᠦᠭᠦᠯᠵᠦ᠂ ᠠᠷᠠᠳ ᠲᠦᠮᠡᠨ ᠳᠤ ᠦᠨᠡᠨᠬᠦ ᠪᠤᠶᠠᠨ ᠦᠢᠯᠡᠳᠬᠦ ᠬᠡᠷᠡᠭᠲᠡᠢ ᠭᠡᠪᠡ᠃
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ