ᠮᠠᠨ ᠤ ᠬᠤᠲᠠ ᠣᠯᠠᠨ ᠠᠷᠭ᠎ᠠ ᠬᠡᠮᠵᠢᠶ᠎ᠡ ᠠᠪᠴᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ ᠪᠠᠶᠢᠨ᠎ᠠ
ᠨᠡᠶᠢᠲᠡᠯᠡᠭᠰᠡᠨ ᠴᠠᠭ᠄
2021/4/13
      ︵ᠰᠤᠷᠪᠤᠯᠵᠢᠯᠠᠭᠴᠢ ᠴᠢ ᠰᠢᠶᠥᠥ ᠶᠠᠨ︶ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠨᠡᠩ ᠰᠠᠶᠢᠨ ᠬᠥᠭᠵᠢᠭᠡᠬᠦ ᠶᠢᠨ ᠲᠤᠰᠠᠳᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠷᠴᠢᠮ ︽ᠰᠢᠯᠢᠳᠡᠭ ᠴᠡᠷᠢᠭ ᠠᠩᠭᠢ︾ ᠪᠠᠨ ᠴᠤᠭᠯᠠᠭᠤᠯᠤᠨ᠂ ᠲᠤᠰᠬᠠᠢ ᠠᠵᠢᠯ ᠤᠨ ᠠᠩᠭᠢ ᠭᠠᠷᠭᠠᠵᠤ᠂ ︽423︾ ᠶᠢᠨ ᠠᠵᠢᠯᠯᠠᠭᠠᠨ ᠤ ᠲᠣᠭᠲᠠᠴᠠ ᠶᠢ ᠠᠯᠬᠤᠮ ᠠᠯᠬᠤᠮ ᠢᠶᠠᠷ ᠰᠦᠪᠡᠭᠴᠢᠯᠡᠨ ᠬᠡᠷᠡᠭᠵᠢᠭᠦᠯᠵᠦ᠂ ︽ᠨᠢᠭᠡ ᠡᠩᠨᠡᠭᠡ ᠨᠢᠭᠡ ᠲᠣᠣᠷ᠂ ᠨᠢᠭᠡ ᠰᠢᠰᠲ᠋ᠧᠮᠵᠢ ᠨᠢᠭᠡ ᠬᠥᠯᠭᠡ ᠰᠢᠲᠠᠷ᠎ᠠ︾ ᠵᠠᠭᠪᠤᠷ ᠢ ᠪᠦᠷᠢᠯᠳᠦᠭᠦᠯᠦᠨ᠂ ᠨᠢᠭᠡᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠡᠰ ᠲᠡᠰ ᠢᠶᠠᠷ ᠰᠠᠶᠢᠵᠢᠷᠠᠭᠤᠯᠬᠤ ᠵᠠᠮ ᠢ ᠨᠡᠭᠡᠭᠡᠬᠦ ᠳᠤ ᠴᠢᠩᠭ᠎ᠠ ᠪᠠᠲᠤᠯᠠᠭ᠎ᠠ ᠪᠠ ᠬᠦᠴᠦᠲᠡᠢ ᠲᠤᠯᠭᠠᠭᠤᠷᠢᠯᠠᠯ ᠬᠠᠩᠭᠠᠵᠠᠢ᠃     ᠨᠠᠷᠢᠨ ᠬᠢᠨᠠᠮᠠᠭᠠᠢ ᠪᠠᠶᠢᠷᠢᠯᠠᠭᠤᠯᠤᠨ᠂ ︽ᠳᠥᠷᠪᠡᠨ ᠵᠦᠢᠯ ᠤᠨ ᠠᠷᠭ᠎ᠠ ᠪᠠᠷᠢᠯ︾ ᠢ ᠡᠭᠦᠳᠴᠦ᠂ ᠨᠢᠭᠡ ᠪᠦᠬᠦᠯᠢ ᠢᠵᠢ ᠲᠣᠭᠲᠠᠴᠠ ᠶᠢ ᠪᠠᠶᠢᠭᠤᠯᠪᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠪᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︽ᠨᠢᠭᠡᠳᠦᠭᠡᠷ ᠭᠠᠷ︾ ᠶᠡᠷᠦᠩᠬᠡᠢ ᠬᠠᠷᠢᠭᠤᠴᠠᠨ᠂ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠳᠣᠣᠷ᠎ᠠ ᠨᠢ ᠠᠯᠪᠠᠨ ᠭᠡᠷ ᠲᠣᠬᠢᠷᠠᠭᠤᠯᠤᠨ᠂ ᠲᠤᠰᠬᠠᠢ ᠠᠵᠢᠯ ᠤᠨ ᠠᠩᠭᠢ ᠪᠠᠶᠢᠭᠤᠯᠵᠤ᠂ ᠲᠥᠪᠯᠡᠷᠡᠭᠦᠯᠦᠨ ᠠᠯᠪᠠᠯᠠᠵᠤ᠂ ︽ᠨᠢᠭᠡ ᠭᠠᠷᠠᠭ ᠲᠤ ᠨᠢᠭᠡ ᠤᠳᠠᠭ᠎ᠠ ᠰᠤᠳᠤᠯᠵᠤ᠂ ᠨᠢᠭᠡ ᠭᠠᠷᠠᠭ ᠲᠤ ᠨᠢᠭᠡ ᠤᠳᠠᠭ᠎ᠠ ᠲᠥᠯᠥᠪᠯᠡᠵᠦ᠂ ᠨᠢᠭᠡ ᠰᠠᠷ᠎ᠠ ᠳᠤ ᠨᠢᠭᠡ ᠤᠳᠠᠭ᠎ᠠ ᠲᠣᠬᠢᠷᠠᠭᠤᠯᠵᠤ᠂ ᠨᠢᠭᠡ ᠰᠠᠷ᠎ᠠ ᠳᠤ ᠨᠢᠭᠡ ᠤᠳᠠᠭ᠎ᠠ ᠳ᠋ᠦᠩᠨᠡᠬᠦ︾ ᠳᠥᠷᠪᠡᠨ ᠵᠦᠢᠯ ᠤᠨ ᠠᠷᠭ᠎ᠠ ᠪᠠᠷᠢᠯ ᠢ ᠰᠦᠪᠡᠭᠴᠢᠯᠡᠨ ᠬᠡᠷᠡᠭᠯᠡᠵᠦ᠂ ᠬᠢᠨᠠᠯᠲᠠ ᠲᠠᠯᠪᠢᠨ ᠬᠠᠤᠯᠢ ᠬᠡᠷᠡᠭᠵᠢᠭᠦᠯᠬᠦ ︽ᠪᠠᠯᠠᠢ ᠴᠡᠭ︾᠂ ᠠᠵᠢᠯ ᠢ ᠨᠠᠶᠢᠳᠠᠪᠤᠷᠢᠵᠢᠭᠤᠯᠬᠤ ︽ᠲᠦᠭᠵᠢᠷᠡᠯ ᠴᠡᠭ︾᠂ ᠦᠯᠡᠳᠡᠭᠳᠡᠯ ᠠᠰᠠᠭᠤᠳᠠᠯ ᠤᠨ ︽ᠡᠮᠵᠢᠭ ᠴᠡᠭ︾ ᠢ ᠬᠦᠴᠦᠯᠡᠨ ᠠᠷᠢᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠠᠶᠢᠵᠢᠷᠠᠭᠤᠯᠬᠤ ᠠᠵᠢᠯ ᠢ ᠢᠳᠡ ᠲᠠᠢ ᠰᠢᠳᠢ ᠲᠠᠢ᠂ ᠡᠷᠴᠢ ᠲᠠᠢ ᠬᠦᠴᠦ ᠲᠠᠢ᠂ ᠣᠷᠣ ᠲᠠᠢ ᠪᠠᠶᠢᠷᠢ ᠲᠠᠢ ᠪᠣᠯᠭᠠᠪᠠ᠃     ᠠᠰᠢᠭᠯᠠᠮᠵᠢ ᠲᠠᠢ ᠵᠣᠬᠢᠴᠠᠯᠳᠤᠨ ᠬᠠᠪᠰᠤᠷᠤᠯᠴᠠᠵᠤ᠂ ︽ᠬᠤᠶᠠᠷ ᠵᠦᠢᠯ ᠤᠨ ᠠᠷᠭ᠎ᠠ ᠬᠡᠮᠵᠢᠶ᠎ᠡ︾ ᠠᠪᠴᠤ᠂ ᠨᠢᠭᠡ ᠡᠩᠨᠡᠭᠡ ᠶᠢ ᠪᠠᠶᠢᠭᠤᠯᠪᠠ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰᠬᠠᠢ ᠠᠵᠢᠯ ᠤᠨ ᠠᠩᠭᠢ ᠶᠢ ᠵᠣᠬᠢᠶᠠᠨ ᠪᠠᠶᠢᠭᠤᠯᠤᠭᠰᠠᠨ ᠰᠠᠭᠤᠷᠢᠨ ᠳᠡᠭᠡᠷ᠎ᠡ᠂ ᠬᠥᠨᠳᠡᠯᠡᠨ ᠲᠡᠶᠢᠰᠢ ᠪᠠᠨ ᠠᠰᠢᠭᠯᠠᠮᠵᠢ  ᠲᠠᠢ ᠵᠣᠬᠢᠴᠠᠯᠳᠤᠨ ᠬᠠᠪᠰᠤᠷᠤᠯᠴᠠᠵᠤ᠂ ᠳᠡᠭᠡᠭᠰᠢ ᠳᠣᠷᠣᠭᠰᠢ ᠪᠦᠬᠦ ᠱᠤᠭᠤᠮ ᠢᠶᠠᠷ ᠬᠤᠯᠪᠣᠯᠳᠤᠨ ᠬᠥᠳᠡᠯᠦᠭᠰᠡᠨ ︽ᠬᠤᠶᠠᠷ ᠵᠦᠢᠯ ᠤᠨ ᠠᠷᠭ᠎ᠠ ᠬᠡᠮᠵᠢᠶ᠎ᠡ︾ ᠶᠢ ᠠᠪᠴᠤ᠂ ᠲᠤᠬᠠᠶᠢᠯᠠᠭᠰᠠᠨ ᠠᠵᠢᠯ ᠡᠭᠦᠷᠭᠡ ᠴᠢᠳᠠᠪᠤᠷᠢ ᠶᠢ ᠠᠭᠤᠰᠤᠯᠴᠠᠭᠤᠯᠬᠤ ᠪᠠᠷ ᠭᠠᠷᠳᠠᠴᠠ ᠪᠠ ᠰᠢᠪᠲᠤᠯᠬᠤ ᠴᠡᠭ ᠪᠣᠯᠭᠠᠨ᠂ ᠳᠣᠲᠣᠭᠠᠳᠤ ᠶᠢᠨ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠭᠡᠰᠢᠭᠦᠨ ᠤ ᠲᠤᠰᠢᠶᠠᠯ ᠢ ᠵᠡᠷᠭᠡᠴᠡᠭᠦᠯᠵᠦ᠂ ᠡᠯ᠎ᠡ ᠲᠣᠯᠣᠭᠠᠶᠢᠯᠠᠬᠤ ᠰᠠᠯᠠᠭ᠎ᠠ ᠮᠥᠴᠢᠷ᠂ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠰᠪᠦᠷᠢ ᠨᠢᠭᠡ ᠬᠤᠯᠪᠣᠭᠠᠴᠢᠨ ᠲᠣᠬᠢᠷᠠᠭᠤᠯᠵᠤ᠂ ᠨᠢᠭᠡᠳᠦᠯᠲᠡᠢ ᠵᠢᠯᠣᠭᠤᠳᠤᠯᠭ᠎ᠠ᠂ ᠨᠢᠭᠡᠳᠦᠯᠲᠡᠢ ᠲᠣᠬᠢᠷᠠᠭᠤᠯᠤᠯᠲᠠ᠂ ᠨᠢᠭᠡᠳᠦᠯᠲᠡᠢ ᠬᠠᠮᠢᠶᠠᠷᠤᠯᠲᠠ ᠶᠢ ᠬᠡᠷᠡᠭᠵᠢᠭᠦᠯᠦᠨ᠂ ᠲᠤᠬᠠᠶᠢᠯᠠᠭᠰᠠᠨ ᠠᠵᠢᠯ ᠤᠨ ᠵᠠᠬ᠎ᠠ ᠬᠢᠵᠠᠭᠠᠷ ᠢ ᠦᠭᠡᠶᠢᠰᠬᠡᠨ᠂ ᠳᠡᠭᠡᠷ᠎ᠡ ᠳᠣᠣᠷᠠᠬᠢ ᠶᠢ ᠵᠣᠯᠭᠠᠭᠤᠯᠵᠤ᠂ ᠨᠢᠭᠡᠨ ᠤᠳᠤᠷᠢᠳᠬᠤ ᠪᠠᠭ ᠤᠨ ᠭᠡᠰᠢᠭᠦᠳ ᠨᠢ ᠪᠠᠶᠢᠷᠢ ᠲᠣᠭᠲᠠᠭᠠᠯᠲᠠ ᠲᠠᠢ᠂ ᠳᠤᠮᠳᠠ ᠳᠠᠪᠬᠤᠷᠭ᠎ᠠ ᠶᠢᠨ ᠺᠠᠳ᠋ᠷᠴᠤᠳ ᠨᠢ ᠪᠣᠳᠣᠯ ᠰᠡᠳᠬᠢᠮᠵᠢ ᠲᠠᠢ᠂ ᠠᠵᠢᠯᠲᠠᠳ  ᠨᠢ ᠴᠢᠳᠠᠪᠤᠷᠢ ᠲᠠᠢ᠂ ᠬᠠᠤᠯᠢ ᠬᠡᠷᠡᠭᠵᠢᠭᠦᠯᠦᠭᠴᠢ ᠨᠢ ᠬᠢᠷᠢ ᠲᠦᠪᠰᠢᠨ ᠲᠠᠢ ᠴᠢᠳᠠᠪᠤᠷᠢᠲᠠᠨ ᠤ ᠡᠩᠨᠡᠭᠡ ᠶᠢ ᠪᠠᠶᠢᠭᠤᠯᠪᠠ᠃      ᠲᠤᠰᠬᠠᠶ ᠮᠡᠷᠭᠡᠵᠢᠯ ᠢ ᠠᠭᠤᠰᠤᠯᠴᠠᠭᠤᠯᠤᠨ᠂ ︽ᠭᠤᠷᠪᠠᠨ ᠶᠡᠭᠡ ᠪᠠᠲᠤᠯᠠᠭ᠎ᠠ︾ ᠶᠢ ᠴᠢᠩᠭᠠᠳᠬᠠᠵᠤ᠂ ᠨᠢᠭᠡ ᠲᠠᠯ᠎ᠠ ᠶᠢᠨ ᠣᠷᠣᠨ ᠵᠠᠶ ᠶᠢ ᠨᠡᠭᠡᠭᠡᠪᠡ᠃ ︽ᠡᠳᠦᠷ ᠲᠤᠲᠤᠮ ᠤᠨ ᠰᠢᠯᠭᠠᠨ ᠦᠨᠡᠯᠡᠬᠦ + ᠭᠤᠤᠯᠳᠠᠯᠭ᠎ᠠ ᠲᠠᠢ ᠰᠢᠯᠭᠠᠨ ᠦᠨᠡᠯᠡᠬᠦ + ᠣᠨ ᠤ ᠰᠢᠯᠭᠠᠨ ᠦᠨᠡᠯᠡᠬᠦ︾ ᠠᠷᠭ᠎ᠠ ᠮᠠᠶ᠋ᠢᠭ ᠢ ᠠᠪᠴᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠣᠨ ᠤ ᠲᠤᠬᠠᠶᠢᠯᠠᠭᠰᠠᠨ ᠠᠵᠢᠯ ᠤᠨ ᠰᠢᠯᠭᠠᠨ ᠦᠨᠡᠯᠡᠬᠦ ᠠᠵᠢᠯ ᠳᠤ ᠣᠷᠣᠭᠤᠯᠤᠨ᠂ ᠱᠠᠲᠤ ᠱᠠᠲᠤ ᠪᠠᠷ ᠳᠠᠷᠤᠯᠲᠠ ᠶᠢ ᠳᠠᠮᠵᠢᠭᠤᠯᠵᠤ᠂ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠳᠠᠷᠤᠰᠢᠭᠤᠯᠤᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠪᠠ᠃ ᠰᠠᠬᠢᠯᠭ᠎ᠠ ᠪᠠᠲᠤ ᠶᠢ ᠪᠠᠶᠢᠴᠠᠭᠠᠨ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠ ᠡᠷᠬᠡ ᠪᠠᠨ ᠬᠡᠷᠡᠭᠵᠢᠭᠦᠯᠬᠦ ᠳᠤ ᠬᠢᠨᠠᠯᠲᠠ ᠲᠠᠯᠪᠢᠵᠤ᠂ ᠰᠢᠯᠢᠳᠡᠭ ᠰᠠᠶᠢᠨ ᠰᠤᠷᠲᠠᠯ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ᠨᠠᠮ ᠤᠨ ᠰᠤᠷᠲᠠᠯ  ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠲᠦᠯᠬᠢᠨ ᠠᠬᠢᠭᠤᠯᠪᠠ᠃ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠪᠠᠷᠢᠮᠲᠠᠯᠠᠨ᠂ ᠬᠡᠷᠡᠭ ᠢ ᠰᠢᠶ᠋ᠳᠪᠦᠷᠢᠯᠡᠬᠦ ᠪᠠ ᠬᠤᠯᠪᠣᠭᠳᠠᠯ ᠪᠦᠬᠦᠢ ᠠᠵᠢᠯ ᠳᠤ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠬᠢᠵᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠦᠷ᠎ᠡ ᠪᠦᠲᠦᠮᠵᠢ ᠲᠠᠢ ᠪᠣᠯᠭᠠᠬᠤ ᠪᠠ ᠵᠠᠰᠠᠭ ᠤᠨ ᠶᠠᠪᠤᠳᠠᠯ ᠤᠨ ᠦᠢᠯᠡ ᠠᠵᠢᠯᠯᠠᠭ᠎ᠠ ᠶᠢ ᠵᠢᠷᠤᠮᠵᠢᠭᠤᠯᠬᠤ ᠶᠢ ᠬᠦᠴᠦᠯᠡᠨ ᠠᠬᠢᠭᠤᠯᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ