ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠬᠠᠶᠢᠷ᠎ᠠ︶ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠲᠤᠰ ᠲᠣᠪᠴᠢᠶ᠎ᠠ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ | ᠳᠡᠯᠭᠡᠭᠦᠷ ᠢ ᠬᠤᠲᠠ ᠶᠢᠨ ᠪᠣᠯᠪᠠᠰᠤᠨ ᠴᠤᠩᠬᠤᠪᠴᠢ ᠪᠣᠯᠭᠠᠨ ᠪᠥᠲᠥᠭᠡᠨ ᠪᠠᠶᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠪᠠᠶᠢᠩᠭᠤᠵᠢᠭᠰᠠᠨ | ᠬᠠᠮᠢᠶᠠᠷᠤᠯᠲᠠ ᠶᠢ ᠠᠬᠢᠭᠤᠯᠵᠤ ᠪᠠᠶᠢᠨ᠎ᠠ᠃ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠳᠥᠷᠪᠡᠨ ᠲᠣᠭᠤᠷᠢᠭ ᠲᠠᠬᠢ ᠲᠠᠷᠢᠶᠠᠯᠠᠩ ᠤᠨ | ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠲᠤᠷᠰᠢᠯᠲᠠ ᠶᠢᠨ ᠴᠡᠭ ᠤᠨ ᠠᠵᠢᠯ ᠳᠤ ᠰᠢᠯᠭᠠᠨ ᠬᠤᠷᠢᠶᠠᠯᠳᠠ ᠬᠢᠵᠤ᠂ ᠳᠥᠷᠪᠡᠨ ᠲᠣᠭᠤᠷᠢᠭ ᠲᠤ | ᠲᠣᠰ ᠲᠣᠰ 1 ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠪᠠᠷᠢᠮᠵᠢᠶ᠎ᠠ ᠳᠤ ᠬᠦᠷᠬᠡᠵᠤ᠂ 6 ᠰᠠᠷ᠎ᠠ ᠳᠤ ᠰᠢᠯᠭᠠᠨ ᠬᠤᠷᠢᠶᠠᠬᠤ | ᠪᠣᠯᠣᠨ᠎ᠠ᠃ ᠪᠠᠷᠢᠮᠵᠢᠶᠠᠵᠢᠭᠤᠯᠤᠨ ᠪᠥᠲᠥᠭᠡᠨ ᠪᠠᠶᠢᠭᠤᠯᠵᠤ᠂ ᠵᠢᠷᠤᠮᠵᠢᠭᠤᠯᠤᠨ ᠬᠠᠮᠢᠶᠠᠷᠴᠤ᠂ ᠤᠶᠤᠨᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠭᠰᠡᠨ ᠪᠠ ᠡᠯ᠎ᠡ | ᠵᠦᠢᠯ ᠤᠨ ᠬᠡᠮᠵᠢᠶᠡᠵᠢᠭᠦᠯᠦᠭᠰᠡᠨ ᠪᠠᠷᠢᠮᠵᠢᠶ᠎ᠠ ᠶᠢ ᠱᠠᠭᠠᠷᠳᠠᠯᠭ᠎ᠠ ᠳᠤ ᠬᠦᠷᠭᠡᠭᠦ ᠶᠢᠨ ᠬᠠᠮᠲᠤ ᠵᠠᠬ᠎ᠠ ᠳᠡᠯᠭᠡᠭᠦᠷ ᠤᠨ ᠣᠷᠳᠣ ᠬᠤᠭᠤᠴᠠᠭᠠᠨ ᠤ ᠪᠦᠲᠦᠮᠵᠢᠲᠡᠶ | ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠭᠰᠡᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠢ | ᠦᠨᠡᠯᠡᠨ ᠵᠢᠱᠢᠵᠦ ᠰᠢᠯᠭᠠᠨ ᠬᠤᠷᠢᠶᠠᠵᠤ᠂ ᠵᠢᠱᠢᠶ᠎ᠡ ᠦᠵᠡᠭᠦᠯᠬᠦ ᠨᠢᠭᠡᠴᠢ ᠶᠢᠨ ᠠᠵᠢᠯ ᠤᠨ ᠡᠭᠦᠷᠭᠡ ᠶᠢ ᠪᠣᠳᠠᠳᠠᠢ ᠳᠤ ᠨᠠᠶᠢᠳᠠᠪᠤᠷᠢᠵᠢᠭᠤᠯᠤᠨ᠂ ᠪᠤᠰᠤᠳ | ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ ᠵᠢᠷᠤᠮᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠡᠬᠢᠯᠡᠭᠦᠯᠵᠦ᠂ ᠵᠢᠱᠢᠶ᠎ᠡ | ᠦᠵᠡᠭᠦᠯᠬᠦ ᠴᠢᠨᠠᠷᠲᠠᠶ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠠᠴᠠ ᠰᠠᠶᠢᠨ ᠠᠷᠭ᠎ᠠ ᠪᠠ ᠲᠤᠷᠰᠢᠯᠭ᠎ᠠ ᠶᠢ ᠰᠤᠷᠤᠯᠴᠠᠵᠤ᠂ | ᠵᠢᠯ ᠤᠨ ᠡᠴᠦᠰ ᠠᠴᠠ ᠡᠮᠦᠨ᠎ᠡ ᠰᠢᠯᠭᠠᠨ ᠬᠤᠷᠢᠶᠠᠯᠲᠠ ᠶᠢ ᠦᠨᠡᠨ ᠬᠦ ᠪᠠᠲᠤᠯᠠᠨ᠎ᠠ᠃ | ᠵᠠᠬ᠎ᠠ ᠳᠡᠯᠭᠡᠭᠦᠷ ᠤᠨ ᠢᠳᠡᠭᠡᠨ ᠤ ᠡᠵᠡᠩᠨᠡᠯᠳᠡ ᠶᠢᠨ ᠡᠮᠬᠢ ᠲᠢᠭᠯᠢᠮ ᠢ ᠵᠢᠷᠤᠮᠵᠢᠭᠤᠯᠵᠤ᠂ ᠵᠠᠬ᠎ᠠ ᠳᠡᠯᠬᠡᠬᠦᠷ ᠲᠤ ᠤᠷᠤᠬᠤ ᠢᠳᠡᠭᠡᠨ ᠤ ᠡᠵᠡᠩᠨᠡᠭᠴᠢ ᠶᠢᠨ | ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠬᠢᠨᠠᠨ ᠪᠠᠶᠢᠴᠠᠭᠠᠵᠤ᠂ ᠡᠵᠡᠩᠨᠡᠭᠴᠢ ᠶᠢ ᠪᠠᠷᠠᠭ᠎ᠠ ᠣᠷᠣᠭᠤᠯᠬᠤ ᠳᠤ ᠪᠠᠶᠢᠴᠠᠭᠠᠨ ᠰᠢᠯᠭᠠᠬᠤ ᠪᠠ ᠭᠡᠷᠡᠴᠢ | ᠪᠠᠷᠢᠮᠲᠠ ᠠᠪᠬᠤ ᠳᠦᠷᠢᠮ ᠢ ᠭᠦᠢᠴᠡᠳᠬᠡᠬᠦ ᠶᠢ ᠱᠠᠯᠠᠪᠳᠠᠭᠤᠯᠤᠨ᠎ᠠ︔ ᠡᠵᠡᠩᠨᠡᠯᠲᠡ ᠶᠢᠨ ᠣᠷᠴᠢᠨ ᠲᠣᠭᠤᠷᠢᠨ ᠪᠠ ᠨᠥᠬᠦᠴᠡᠯ ᠳᠤ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠵᠠᠬ᠎ᠠ ᠳᠡᠯᠭᠡᠭᠦᠷ ᠢ ᠪᠦᠬᠦ ᠶᠠᠪᠤᠴᠠ ᠳᠤᠨᠢ ᠠᠷᠢᠭᠤᠨ ᠴᠡᠪᠡᠷ ᠪᠠᠶᠢᠯᠭᠠᠵᠤ᠂ ᠰᠠᠶᠢᠨ ᠰᠠᠶᠢᠬᠠᠨ ᠣᠷᠴᠢᠨ | ᠲᠣᠭᠤᠷᠢᠨ ᠤ ᠠᠷᠢᠭᠤᠨ ᠴᠡᠪᠡᠷ ᠢ ᠴᠠᠭ ᠢᠮᠠᠭᠲᠠ ᠪᠠᠲᠤᠯᠠᠬᠤ ᠶᠢ ᠱᠠᠭᠠᠷᠳᠠᠨ᠎ᠠ︔ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠭᠠᠵᠤ ᠰᠡᠷᠭᠡᠶᠢᠯᠡᠨ | ᠡᠵᠡᠮᠳᠡᠬᠦ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠬᠰᠠᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ | ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠬᠤ ᠶᠢ ᠪᠠᠲᠤᠯᠠᠨ᠎ᠠ︔ | ᠢᠨᠲ᠋ᠧᠷ ᠰᠦᠯᠵᠢᠶᠡᠨ ᠤ ᠮᠡᠷᠭᠡᠵᠢᠯ ᠪᠠ ᠲᠣᠮᠣ ᠳ᠋ᠠᠶᠢᠲ᠋ᠠ ᠶᠢ ᠠᠰᠢᠭᠯᠠᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠠᠷᠢᠶᠠᠯᠠᠩ ᠤᠨ | ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠣᠶᠤᠨᠴᠢ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠣᠶᠤᠨᠴᠢ ᠬᠠᠮᠢᠶᠠᠷᠤᠯᠲᠠ᠂ | ᠪᠦᠲᠦᠭᠡᠭᠳᠡᠬᠦᠨ ᠢ ᠮᠥᠷᠳᠡᠵᠦ ᠪᠣᠯᠬᠤ᠂ ᠬᠤᠳᠠᠯᠳᠤᠭᠠᠨ ᠤ ᠡᠷᠦᠬᠡ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠣᠯᠬᠤ ᠶᠢ ᠪᠡᠶᠡᠯᠡᠭᠦᠯᠬᠦ ᠪᠣᠯᠣᠨ᠎ᠠ᠃ |