| | | 4 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠪᠢ ᠭᠠᠶᠢᠯᠢ ᠰᠦᠢᠳᠬᠡᠯ | ᠲᠤᠰᠢᠶᠠᠭᠴᠢ ᠳᠤ ᠪᠣᠳᠠᠲᠤ ᠠᠵᠢᠯ ᠬᠢᠬᠦ︾ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢᠦ ᠴᠠᠩ ᠽᠠᠢ ᠭᠤᠤᠯ ᠰᠡᠳᠦᠪᠲᠦ ᠨᠡᠶᠢᠲᠡᠯᠡᠯ ᠬᠢᠵᠦ᠂ ᠥᠪᠡᠷᠲᠡᠭᠡᠨ | ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ ᠤᠨ ᠳᠡᠳ᠋ ᠳᠠᠷᠤᠭ᠎ᠠ ᠵᠣᠣ ᠳ᠋ᠦᠩ | ᠯᠢ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ ᠲᠤᠰᠢᠶᠠᠬᠤ ᠦᠢᠯᠡᠴᠢᠯᠡᠭᠡᠨ ᠤ ᠭᠠᠵᠠᠷ ᠤᠨ ᠳᠡᠳ᠋ ᠳᠠᠷᠤᠭ᠎ᠠ ᠸᠠᠩ | ᠰᠢᠶᠠᠩ ᠹᠧᠩ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠲᠠᠲᠠᠪᠤᠷᠢᠯᠠᠨ ᠬᠠᠮᠢᠶᠠᠷᠤᠯᠲᠠ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠬᠥᠭᠵᠢᠯᠲᠡ ᠶᠢᠨ ᠭᠠᠵᠠᠷ ᠤᠨ ᠳᠡᠳ᠋ ᠳᠠᠷᠤᠭ᠎ᠠ ᠯᠢ ᠯᠢᠶᠠᠨ ᠾᠧᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | ︽ᠪᠢ ᠭᠠᠶᠢᠯᠢ ᠰᠦᠢᠳᠬᠡᠯ ᠲᠤᠰᠢᠶᠠᠭᠴᠢ ᠳᠤ ᠪᠣᠳᠠᠲᠤ ᠠᠵᠢᠯ ᠬᠢᠬᠦ︾ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠨᠡᠶᠢᠲᠡᠯᠡᠯ ᠤᠨ ᠦᠭᠡ | ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢᠦ | ᠴᠠᠩ ᠽᠠᠢ | | ᠥᠨᠥᠳᠦᠷ᠂ ᠪᠢᠳᠡ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠬᠡᠯᠪᠡᠷᠢ ᠪᠠᠷ ᠳᠠᠮᠵᠢᠭᠤᠯᠤᠨ᠂ 2021 ᠣᠨ ᠤ ᠪᠥᠬᠦ ᠣᠷᠣᠨ ᠤ ᠭᠠᠶᠢᠯᠢ ᠶᠢᠨ | ᠶᠠᠪᠤᠳᠠᠯ ᠤᠨ ᠰᠢᠰᠲ᠋ᠧᠮ ᠤᠨ ᠭᠤᠴᠢᠳᠡᠬᠢ ᠪᠥᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠪᠡ᠃ ᠠᠳᠡ᠂ | ᠪᠢ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢ ᠲᠥᠯᠥᠭᠡᠯᠡᠨ᠂ ᠲᠠ ᠤᠯᠠᠨ ᠤ ᠶᠠᠭᠠᠷᠠᠤ ᠴᠠᠭ ᠢᠶᠠᠨ ᠵᠠᠶᠢᠴᠢᠯᠠᠨ ᠥᠨᠥᠳᠦᠷ ᠤᠨ ᠡᠨᠡᠬᠦ | ᠴᠢᠬᠤᠯᠠ ᠠᠵᠢᠯᠯᠠᠭ᠎ᠠ ᠳᠤ ᠣᠷᠣᠯᠴᠠᠭᠰᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠶ᠎ᠡ︕ | ᠡᠨᠡ ᠵᠢᠯ ᠤᠨ ᠤᠬᠠᠭᠤᠯᠭ᠎ᠠ ᠶᠢᠨ ᠰᠠᠷ᠎ᠠ ᠨᠢ ︽ᠭᠠᠶᠢᠯᠢ ᠲᠠᠲᠠᠪᠤᠷᠢ ᠪᠠᠷ ᠠᠷᠠᠳ ᠲᠤ ᠠᠰᠢᠭ ᠬᠦᠷᠲᠡᠭᠡᠨ ᠪᠣᠳᠠᠲᠤ ᠠᠵᠢᠯ ᠬᠢᠵᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠰᠢᠨ᠎ᠡ ᠪᠠᠶᠢᠳᠠᠯ ᠢ ᠪᠣᠶ ᠪᠣᠯᠭᠠᠶ᠎ᠠ︾ ᠭᠡᠬᠦ ᠪᠠᠷ ᠭᠤᠤᠯ ᠰᠡᠳᠦᠪᠯᠡᠵᠦ᠂ ᠡᠨᠡ ᠬᠦ ᠭᠤᠤᠯ ᠰᠡᠳᠦᠪ ᠤᠨ ᠲᠣᠭᠤᠷᠢᠨ ᠳᠤ᠂ ᠪᠢᠳᠡ ᠠᠯᠢ ᠣᠯᠠᠨ | ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠦᠨ᠎ᠡ᠂ ᠪᠠᠰᠠ ᠵᠠᠭᠤᠴᠢᠯᠠᠭᠤᠷ ᠤᠨ ᠰᠤᠷᠪᠤᠯᠵᠢᠯᠠᠭᠴᠢ ᠨᠠᠶᠢᠵᠠ ᠨᠠᠷ ᠤᠨ | ᠳᠠᠭᠠᠵᠤ ᠮᠡᠳᠡᠭᠡᠯᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠲᠣᠰ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠪᠢᠳᠡ ᠭᠤᠣᠯᠳᠠᠭᠤ ︽ᠪᠢ | ᠭᠠᠶᠢᠯᠢ ᠰᠦᠢᠳᠬᠡᠯ ᠲᠤᠰᠢᠶᠠᠭᠴᠢ ᠳᠤ ᠪᠣᠳᠠᠲᠤ ᠠᠵᠢᠯ ᠬᠢᠬᠦ︾ ᠲᠤᠬᠠᠶ ᠰᠣᠨᠢᠨ ᠮᠡᠳᠡᠭᠡ ᠨᠡᠶᠢᠲᠡᠯᠡᠬᠦ ᠶᠢᠨ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ | ᠬᠠᠷᠢᠭᠤᠯᠬᠤ ᠪᠣᠯᠣᠨ᠎ᠠ᠃ | ︽ᠪᠢ ᠣᠯᠠᠨ ᠲᠦᠮᠡᠨ ᠳᠤ ᠪᠣᠳᠠᠲᠤ ᠠᠵᠢᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠦᠨ᠂ | ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠶᠢᠯᠢ ᠲᠠᠲᠠᠪᠤᠷᠢ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢᠨ | ᠲᠤᠰᠠᠳᠠ᠂ ᠪᠥᠬᠦ ᠣᠷᠣᠨ ᠤ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ︽ᠪᠢ ᠭᠠᠶᠢᠯᠢ ᠰᠦᠢᠳᠬᠡᠯ ᠲᠤᠰᠢᠶᠠᠭᠴᠢ ᠳᠤ ᠪᠣᠳᠠᠲᠤ ᠠᠵᠢᠯ ᠬᠢᠬᠦ ᠵᠢᠴᠢ | ᠠᠷᠠᠳ ᠣᠯᠠᠨ ᠤ ᠭᠠᠶᠢᠯᠢ ᠶᠢᠨ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠤᠷᠢᠬᠠᠨ ᠰᠠᠯᠬᠢᠨ ᠤ ᠠᠵᠢᠯᠯᠠᠭ᠎ᠠ︾ ᠶᠢ ᠭᠦᠨᠵᠡᠭᠡᠶ ᠥᠷᠨᠢᠭᠦᠯᠵᠦ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠬᠤ᠂ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠳᠤ ᠭᠠᠶᠢᠯᠢ ᠶᠢᠨ ᠶᠠᠪᠤᠳᠠᠯ ᠤᠨ ᠬᠦᠴᠦ ᠪᠠᠨ | ᠡᠷᠭᠦᠵᠦ᠂ ︽ᠠᠷᠠᠳ ᠤᠯᠠᠨ ᠤ ᠭᠠᠶᠢᠯᠢ ᠶᠢᠨ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠤᠷᠢᠬᠠᠨ ᠰᠠᠯᠬᠢᠨ ᠤ ᠠᠵᠢᠯᠯᠠᠭ᠎ᠠ︾ ᠶᠢᠨ ᠪᠣᠳᠠᠲᠤ ᠦᠷ᠎ᠡ | ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠶ᠎ᠡ᠃ | ᠨᠢᠳᠤᠨᠤᠨ ᠤ ᠥᠷᠨᠢᠭᠦᠯᠦᠭᠰᠡᠨ ︽ᠠᠷᠠᠳ ᠤᠯᠠᠨ ᠤ ᠭᠠᠶᠢᠯᠢ ᠶᠢᠨ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠤᠷᠢᠬᠠᠨ ᠰᠠᠯᠬᠢᠨ ᠤ ᠠᠵᠢᠯᠯᠠᠭ᠎ᠠ | ︾ ᠳᠤᠮᠳᠠ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠲᠣᠭᠲᠠᠴᠠ ᠶᠢ ᠪᠦᠷᠢᠨᠰᠢᠬᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠬᠠᠰᠤᠬᠤ ᠭᠡᠯᠳᠦᠷᠢᠭᠦᠯᠬᠦ ᠪᠠᠭᠤᠷᠠᠭᠤᠯᠬᠤ ᠬᠤᠶᠢᠰᠢᠯᠠᠭᠤᠯᠬᠤ ᠲᠤᠯᠭᠠᠨ ᠬᠠᠰᠤᠬᠤ ᠪᠤᠴᠠᠭᠠᠬᠤ ᠵᠡᠷᠭᠡ ︽ᠵᠢᠷᠭᠤᠭ᠎ᠠ ᠶᠢ | ᠪᠣᠳᠠᠲᠠᠶᠢᠵᠢᠭᠤᠯᠬᠤ︾ ᠶᠢ ᠪᠠᠷᠢᠮᠲᠠᠯᠠᠨ᠂ ᠡᠯ᠎ᠡ ᠵᠦᠢᠯ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠪᠥᠬᠦ ᠲᠠᠯ᠎ᠠ ᠪᠠᠷ ᠲᠦᠢᠯ ᠤᠨ ᠣᠨᠤᠪᠴᠢᠲᠠᠢ ᠪᠠᠷ ᠨᠠᠶᠢᠳᠠᠪᠤᠷᠢᠵᠢᠭᠤᠯᠪᠠ᠃ 2020 ᠣᠨ ᠳᠤ᠂ ᠪᠦᠬᠦ ᠵᠢᠯ ᠤᠨ ᠰᠢᠨ᠎ᠡ ᠪᠠᠷ ᠨᠡᠮᠡᠭᠳᠡᠭᠰᠡᠨ ᠭᠠᠶᠢᠯᠢ ᠬᠥᠩᠭᠡᠯᠡᠵᠦ | ᠰᠦᠢᠳᠬᠡᠯ ᠪᠠᠭᠤᠷᠠᠭᠤᠯᠤᠭᠰᠠᠨ ᠬᠡᠮᠵᠢᠶ᠎ᠡ 310 ᠳ᠋ᠦᠩᠰᠢᠭᠤᠷ ᠲᠥᠭᠦᠷᠢᠭ ᠢ ᠳᠠᠪᠠᠵᠤ᠂ ᠲᠦᠷᠦ ᠶᠢᠨ ᠪᠤᠳᠤᠯᠭ᠎ᠠ ᠶᠢᠨ ᠠᠰᠢᠭ ᠣᠯᠵᠠᠪᠤᠷᠢ ᠨᠢ ᠵᠠᠬ᠎ᠠ | ᠳᠡᠯᠭᠡᠭᠦᠷ ᠤᠨ ᠭᠤᠣᠯ ᠴᠣᠭᠴᠠ ᠳᠤ ᠰᠢᠭᠤᠳ ᠬᠦᠷᠴᠦ᠂ ᠠᠵᠤ ᠠᠬᠤᠶᠢᠯᠠᠯ ᠠᠷᠠᠳ ᠣᠯᠠᠨ ᠳᠤ ᠰᠢᠭᠤᠳ ᠠᠰᠢᠭ ᠬᠦᠷᠲᠡᠭᠡᠪᠡ᠃ ᠭᠠᠶᠢᠯᠢ ᠰᠦᠢᠳᠬᠡᠯ | ᠲᠤᠰᠢᠶᠠᠬᠤ ᠶᠢ ᠳᠥᠭᠦᠮᠴᠢᠯᠡᠬᠦ ᠲᠠᠯ᠎ᠠ ᠪᠠᠷ᠂ ᠭᠠᠶᠢᠯᠢ ᠰᠦᠢᠳᠬᠡᠯ ᠲᠤᠰᠢᠶᠠᠭᠴᠢ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠡᠯᠧᠺᠲᠷᠣᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ︽ᠥᠯᠥ ᠣᠶᠢᠷᠠᠲᠤᠯᠴᠠᠬᠤ ᠬᠡᠯᠪᠡᠷᠢ︾ ᠶᠢᠨ ᠠᠷᠭ᠎ᠠ ᠵᠠᠮ ᠢᠶᠠᠷ ᠳᠠᠮᠵᠢᠭᠤᠯᠤᠨ ᠭᠠᠶᠢᠯᠢ ᠰᠦᠢᠳᠬᠡᠯ ᠢ ᠨᠢ | ᠲᠤᠰᠢᠶᠠᠯᠭᠠᠵᠤ᠂ ᠭᠠᠶᠢᠯᠢ ᠲᠤᠰᠢᠶᠠᠭᠴᠢ ᠳᠤ ᠳᠥᠭᠦᠮ ᠦᠵᠡᠭᠦᠯᠦᠭᠰᠡᠨ ᠪᠦᠭᠡᠳ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ | ᠶᠡᠭᠡ ᠬᠡᠮᠵᠢᠶ᠎ᠡ ᠪᠠᠷ ᠪᠠᠭᠤᠷᠠᠭᠤᠯᠪᠠ᠃ 218 ᠵᠦᠢᠯ ᠤᠨ ᠲᠤᠬᠠᠶᠢᠯᠠᠭᠰᠠᠨ ᠠᠵᠢᠯ ᠢ ︽ᠥᠯᠥ ᠣᠶᠢᠷᠠᠲᠤᠯᠴᠠᠬᠤ ᠬᠡᠯᠪᠡᠷᠢ︾ ᠪᠠᠷ ᠭᠦᠢᠴᠡᠳᠬᠡᠵᠦ᠂ ᠡᠭᠦᠨ ᠳᠤ | 213 ᠵᠦᠢᠯ ᠤᠨ ᠲᠤᠬᠠᠶᠢᠯᠠᠭᠰᠠᠨ ᠠᠵᠢᠯ ᠢ ᠪᠥᠬᠦ ᠶᠠᠪᠤᠴᠠ ᠪᠠᠷ ᠨᠢ ᠰᠦᠯᠵᠢᠶᠡᠨ ᠳᠡᠭᠡᠷ᠎ᠡ ᠭᠦᠢᠴᠡᠳᠬᠡᠬᠦ ᠪᠣᠯᠪᠠ᠃ ᠭᠠᠶᠢᠯᠢ ᠰᠦᠢᠳᠬᠡᠯ ᠲᠤᠰᠢᠶᠠᠭᠴᠢ | 95% ᠠᠴᠠ ᠳᠡᠭᠡᠭᠰᠢᠬᠢ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠦ᠂ ᠰᠦᠯᠵᠢᠶᠡᠨ ᠳᠡᠭᠡᠷ᠎ᠡ ᠭᠤᠶᠤᠴᠢᠯᠠᠨ | ᠮᠡᠳᠡᠭᠦᠯᠦᠭᠰᠡᠨ ᠨᠣᠷᠮ᠎ᠠ 99% ᠶᠢ ᠳᠠᠪᠠᠪᠠ᠃ ᠭᠠᠶᠢᠯᠢ ᠲᠠᠲᠠᠪᠤᠷᠢ ᠶᠢᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ | ᠵᠡᠷᠭᠡ ᠳᠡᠰ ᠢ ᠳᠡᠭᠡᠭᠰᠢᠯᠡᠭᠦᠯᠦᠭᠰᠡᠨ ᠪᠦᠭᠡᠳ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠦᠷᠭᠦᠯᠵᠢᠯᠡᠨ ᠠᠬᠢᠭᠤᠯᠵᠤ᠂ ᠴᠤᠪᠤᠷᠠᠯ ᠢ ᠳᠥᠭᠦᠮᠴᠢᠯᠡᠨ᠂ | ᠮᠠᠲ᠋ᠧᠷᠢᠶᠠᠯ ᠢ ᠪᠠᠭᠠᠰᠬᠠᠵᠤ᠂ ᠦᠢᠯᠡᠴᠢᠯᠡᠭᠡ ᠶᠢ ᠰᠢᠯᠢᠳᠡᠭᠵᠢᠭᠦᠯᠦᠨ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠬᠤᠷᠳᠤᠴᠠ ᠶᠢ ᠲᠦᠷᠭᠡᠳᠬᠡᠬᠦ ᠳᠤ ᠬᠦᠴᠦᠨ | ᠨᠡᠮᠡᠷᠢᠯᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃ ᠭᠠᠶᠢᠯᠢ ᠪᠤᠴᠠᠭᠠᠬᠤ ᠴᠠᠭ ᠤᠨ ᠬᠢᠵᠠᠭᠠᠷ ᠢ ᠤᠯᠠᠮ | ᠨᠢᠭᠡ ᠠᠯᠬᠤᠮ ᠪᠣᠭᠤᠨᠢᠰᠬᠠᠵᠤ᠂ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠥᠮᠥᠷᠭᠡ ᠠᠴᠠ ᠪᠤᠴᠠᠭᠠᠬᠤ ᠲᠤᠬᠠᠶᠢᠯᠠᠭᠰᠠᠨ ᠠᠵᠢᠯ ᠢ | ᠭᠦᠢᠴᠡᠳᠬᠡᠬᠦ ᠴᠠᠭ ᠢ 10 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠭᠠᠳᠠᠭᠠᠳᠤ ᠭᠠᠷᠭᠠᠯᠲᠠ ᠶᠢᠨ ᠭᠠᠶᠢᠯᠢ ᠶᠢ ᠪᠤᠴᠠᠭᠠᠬᠤ ᠴᠠᠭ ᠢ 4 ᠠᠵᠢᠯᠯᠠᠬᠤ ᠡᠳᠦᠷ | ᠪᠣᠯᠭᠠᠨ ᠪᠣᠭᠤᠨᠢᠰᠬᠠᠪᠠ᠃ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠬᠦᠴᠢᠷᠲᠡᠶ ᠦᠨᠡᠲᠡᠶ ᠪᠠᠶᠢᠬᠤ ᠠᠰᠠᠭᠤᠳᠠᠯ ᠳᠤ ᠴᠢᠭᠯᠡᠭᠦᠯᠦᠨ᠂ | ᠣᠯᠠᠨ ᠰᠠᠯᠠᠭ᠎ᠠ ᠮᠥᠴᠢᠷ ᠣᠯᠠᠨ ᠨᠢᠭᠡᠴᠢ ᠲᠠᠢ ᠬᠤᠯᠪᠣᠭᠠᠯᠠᠨ ︽ᠭᠠᠶᠢᠯᠢ ᠪᠠᠩᠬᠢ ᠶᠢᠨ ᠬᠠᠷᠢᠯᠴᠠᠨ ᠬᠥᠳᠡᠯᠦᠯᠴᠡᠬᠦ︾ ᠶᠢ ᠭᠦᠨᠵᠡᠭᠡᠶᠢᠷᠡᠭᠦᠯᠵᠦ᠂ ︽ᠪᠠᠩᠬᠢ | ᠭᠠᠶᠢᠯᠢ ᠶᠢᠨ ᠬᠠᠷᠢᠯᠴᠠᠨ ᠬᠥᠳᠡᠯᠦᠯᠴᠡᠬᠦ︾ ᠪᠠᠷ ᠳᠠᠮᠵᠢᠭᠤᠯᠤᠨ 2 ᠲᠦᠮᠡ ᠭᠠᠷᠤᠶ ᠬᠤᠪᠢ ᠢᠲᠡᠭᠡᠮᠵᠢ ᠣᠯᠭᠤᠨ᠂ 117.6 ᠳ᠋ᠦᠩᠰᠢᠭᠤᠷ ᠲᠥᠭᠦᠷᠢᠭ ᠤᠨ | ᠢᠲᠡᠭᠡᠮᠵᠢ ᠣᠯᠭᠤᠵᠤ᠂ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠪᠡ᠃ | ᠡᠨᠡ ᠵᠢᠯ ᠪᠣᠯ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ︽ᠠᠷᠠᠳ ᠤᠯᠠᠨ ᠤ ᠭᠠᠶᠢᠯᠢ ᠶᠢᠨ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ | ᠤᠷᠢᠬᠠᠨ ᠰᠠᠯᠬᠢᠨ ᠤ ᠠᠵᠢᠯᠯᠠᠭ᠎ᠠ︾ ᠶᠢ ᠵᠠᠯᠭᠠᠭ᠎ᠠ ᠪᠠᠷ ᠥᠷᠨᠢᠭᠦᠯᠦᠭᠰᠡᠨ ᠨᠠᠢᠮᠠᠳᠠᠭᠢ ᠵᠢᠯ ᠪᠠᠶᠢᠵᠤ᠂ ᠥᠩᠭᠡᠷᠡᠭᠰᠡᠨ ᠵᠢᠯ ᠤᠳ ᠲᠠᠢ ᠠᠳᠠᠯᠢᠳᠬᠠᠪᠠᠯ᠂ ᠡᠨᠡ | ᠵᠢᠯ ᠤᠨ ︽ᠤᠷᠢᠬᠠᠨ ᠰᠠᠯᠬᠢᠨ ᠤ ᠠᠵᠢᠯᠯᠠᠭ᠎ᠠ︾ ᠶᠢᠨ ᠨᠠᠩ ᠢᠯᠡ ᠲᠣᠳᠣ ᠣᠨᠴᠠᠯᠢᠭ ᠭᠡᠪᠡᠯ᠄ ᠨᠢᠭᠡ ᠳᠤ ︽ᠤᠷᠢᠬᠠᠨ ᠰᠠᠯᠬᠢᠨ ᠤ ᠠᠵᠢᠯᠯᠠᠭ᠎ᠠ︾ ᠶᠢ | ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ | ᠥᠷᠨᠢᠭᠦᠯᠬᠦ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠬᠦ ᠴᠢᠬᠤᠯᠠ ᠠᠷᠭ᠎ᠠ ᠬᠡᠮᠵᠢᠶ᠎ᠡ | ᠪᠣᠯᠭᠠᠵᠤ᠂ ︽ᠤᠷᠢᠬᠠᠨ ᠰᠠᠯᠬᠢᠨ ᠤ ᠠᠵᠢᠯᠯᠠᠭ᠎ᠠ︾ ᠶᠢᠨ ᠭᠤᠤᠯ ᠰᠡᠳᠦᠪ ᠲᠤ ︽ᠪᠢ ᠭᠠᠶᠢᠯᠢ ᠰᠦᠢᠳᠬᠡᠯ ᠲᠤᠰᠢᠶᠠᠭᠴᠢ ᠳᠤ ᠪᠣᠳᠠᠲᠠᠶ ᠠᠵᠢᠯ ᠬᠢᠬᠦ︾ | ᠠᠭᠤᠯᠭ᠎ᠠ ᠶᠢ ᠳᠣᠪᠣᠶᠢᠯᠭᠠᠨ᠎ᠠ᠃ ᠬᠤᠶᠠᠷ ᠲᠤ ︽ᠤᠷᠢᠬᠠᠨ ᠰᠠᠯᠬᠢᠨ ᠤ ᠠᠵᠢᠯᠯᠠᠭ᠎ᠠ︾ ᠶᠢ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ᠂ ︽ᠨᠠᠮ ᠤᠨ ᠲᠥᠪ ᠬᠤᠷᠢᠶ᠎ᠠ ᠶᠢ ᠰᠠᠨᠠᠭ᠎ᠠ ᠠᠮᠤᠷ ᠪᠠᠶᠢᠯᠭᠠᠵᠤ᠂ ᠠᠷᠠᠳ ᠤᠯᠠᠨ ᠳᠤ ᠲᠠᠭᠠᠰᠢᠶᠠᠭᠳᠠᠬᠤ︾ | ᠵᠢᠱᠢᠶᠡᠴᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢ ᠪᠠᠶᠢᠭᠤᠯᠬᠤ ᠴᠢᠬᠤᠯᠠ ᠠᠷᠭ᠎ᠠ ᠵᠠᠮ ᠪᠣᠯᠭᠠᠨ ᠨᠠᠶᠢᠳᠠᠪᠤᠷᠢᠵᠢᠭᠤᠯᠤᠨ᠎ᠠ᠃ ᠭᠤᠷᠪᠠ ᠳᠤ ︽ᠤᠷᠢᠬᠠᠨ | ᠰᠠᠯᠬᠢᠨ ᠤ ᠠᠵᠢᠯᠯᠠᠭ᠎ᠠ︾ ᠶᠢ ᠲᠦᠢᠯ ᠤᠨ ᠣᠨᠤᠪᠴᠢᠲᠠᠢ ᠪᠠᠷ ᠬᠠᠤᠯᠢ ᠬᠡᠷᠡᠭᠵᠢᠭᠦᠯᠬᠦ᠂ ᠨᠠᠷᠢᠯᠢᠭ ᠦᠢᠯᠡᠴᠢᠯᠡᠬᠦ᠂ ᠲᠦᠢᠯ ᠤᠨ ᠣᠨᠤᠪᠴᠢᠲᠠᠢ ᠪᠠᠷ ᠬᠢᠨᠠᠨ | ᠬᠠᠮᠢᠶᠠᠷᠬᠤ᠂ ᠦᠨᠡᠨᠴᠢ ᠰᠢᠳᠤᠷᠭᠤ ᠪᠠᠷ ᠬᠠᠮᠲᠤ ᠪᠠᠷ ᠵᠠᠰᠠᠬᠤ ᠶᠢ ᠭᠦᠨᠵᠡᠭᠡᠶ ᠳᠥᠯᠭᠢᠨ ᠠᠬᠢᠭᠤᠯᠬᠤ᠂ ᠭᠠᠶᠢᠯᠢ ᠶᠢᠨ ᠬᠠᠤᠯᠢ ᠶᠢ ᠵᠢᠷᠤᠮᠯᠠᠬᠤ ᠬᠡᠮᠵᠢᠶ᠎ᠡ ᠪᠠ | ᠨᠡᠶᠢᠭᠡᠮ ᠤᠨ ᠲᠠᠭᠠᠰᠢᠶᠠᠯ ᠤᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠴᠢᠬᠤᠯᠠ ᠠᠭᠤᠯᠭ᠎ᠠ ᠪᠣᠯᠭᠠᠨ᠎ᠠ᠃ ᠡᠨᠡ ᠤᠳᠠᠭ᠎ᠠ᠂ ᠮᠠᠨ ᠤ ᠥᠪᠡᠷᠲᠡᠭᠡᠨ ᠵᠠᠰᠠᠬᠤ ᠣᠷᠣᠨ ᠤ | ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠬᠦ ᠪᠠᠷ ᠬᠠᠷᠠᠯᠲᠠ | ᠪᠣᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠳᠠᠯ᠂ ᠭᠠᠶᠢᠯᠢ ᠶᠢᠨ ᠪᠠᠶᠢᠳᠠᠯ ᠲᠠᠢ ᠤᠶᠠᠯᠳᠤᠭᠤᠯᠤᠨ᠂ ᠭᠠᠶᠢᠯᠢ ᠶᠢᠨ ᠶᠠᠪᠤᠳᠠᠯ ᠤᠨ | ᠶᠡᠷᠦᠩᠬᠡᠶ ᠲᠣᠪᠴᠢᠶ᠎ᠠ ᠶᠢᠨ ᠡᠭᠦᠷᠭᠡ ᠪᠣᠳᠣᠯᠭ᠎ᠠ ᠶᠢᠨ ᠰᠠᠭᠤᠷᠢᠨ ᠳᠡᠭᠡᠷ᠎ᠡ᠂ 36 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ | ᠨᠠᠶᠢᠳᠠᠪᠤᠷᠢᠵᠢᠭᠤᠯᠵᠤ᠂ ᠥᠪᠥᠷ ᠮᠣᠩᠭᠤᠯ ᠳᠤ ᠣᠨᠴᠠ ᠪᠠᠶᠢᠳᠠᠭ 1 ᠲᠥᠷᠥᠯ ᠤᠨ 5 ᠵᠦᠢᠯ ᠤᠨ 11 ᠵᠣᠷᠪᠣᠰ ᠪᠣᠳᠠᠲᠠᠶ ᠠᠷᠭ᠎ᠠ ᠬᠡᠮᠵᠢᠶ᠎ᠡ ᠶᠢ ᠰᠢᠨ᠎ᠡ ᠪᠠᠷ | ᠨᠡᠮᠡᠵᠦ᠂ ᠨᠡᠶᠢᠲᠡ 11 ᠶᠡᠭᠡ ᠲᠥᠷᠥᠯ ᠤᠨ 35 ᠵᠦᠢᠯ ᠤᠨ 105 ᠵᠣᠷᠪᠣᠰ ᠪᠣᠳᠠᠲᠠᠶ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ︽ᠪᠢ ᠭᠠᠶᠢᠯᠢ | ᠰᠦᠢᠳᠬᠡᠯ ᠲᠤᠰᠢᠶᠠᠭᠴᠢ ᠳᠤ ᠪᠣᠳᠠᠲᠠᠶ ᠠᠵᠢᠯ ᠬᠢᠬᠦ︾ ᠶᠢ ᠨᠠᠩ ᠡᠷᠴᠢᠮᠲᠡᠶ᠂ ᠨᠠᠩ ᠲᠦᠷᠭᠡᠨ᠂ ᠨᠠᠩ ᠰᠢᠯᠢᠳᠡᠭ ᠦᠷ᠎ᠡ ᠪᠦᠲᠦᠮᠵᠢ ᠲᠠᠢ ᠪᠠᠷ ᠯᠠᠪᠳᠠᠭᠤᠨ | ᠪᠠᠲᠤᠲᠠᠶ ᠳᠥᠯᠭᠢᠨ ᠠᠬᠢᠭᠤᠯᠵᠤ᠂ ᠭᠠᠶᠢᠯᠢ ᠰᠦᠢᠳᠬᠡᠯ ᠲᠤᠰᠢᠶᠠᠭᠴᠢ ᠶᠢᠨ ᠲᠠᠭᠠᠰᠢᠶᠠᠯ ᠤᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠦᠷᠭᠦᠯᠵᠢᠯᠡᠨ | ᠳᠡᠭᠡᠭᠰᠢᠯᠡᠭᠦᠯᠦᠨ᠎ᠡ᠃ | ᠳᠣᠤᠷ᠎ᠠ ᠪᠢ ᠡᠨᠡ 11 ᠶᠡᠭᠡ ᠲᠥᠷᠥᠯ ᠤᠨ 35 ᠵᠦᠢᠯ ᠤᠨ 105 ᠵᠣᠷᠪᠣᠰ ᠪᠣᠳᠠᠲᠠᠶ ᠠᠷᠭ᠎ᠠ ᠬᠡᠮᠵᠢᠶ᠎ᠡ ᠶᠢᠨ ᠳᠣᠲᠣᠷᠠᠬᠢ ᠭᠠᠶᠢᠯᠢ ᠰᠦᠢᠳᠬᠡᠯ | ᠲᠤᠰᠢᠶᠠᠭᠴᠢ ᠶᠢᠨ ᠠᠩᠬᠠᠷᠤᠯ ᠤᠨ ᠬᠡᠮᠵᠢᠶ᠎ᠡ ᠪᠠᠷ ᠥᠨᠳᠥᠷ ᠪᠠᠶᠢᠭ᠎ᠠ ᠠᠭᠤᠯᠭ᠎ᠠ ᠶᠢ ᠵᠠᠭᠤᠴᠢᠯᠠᠭᠤᠷ ᠤᠨ ᠨᠠᠶᠢᠵᠠ ᠨᠠᠷ ᠲᠤ ᠭᠤᠤᠯᠳᠠᠯᠭ᠎ᠠ ᠲᠠᠢ ᠲᠠᠨᠢᠯᠴᠠᠭᠤᠯᠤᠶ᠎ᠠ᠃ | | ᠨᠢᠭᠡ ᠳᠤ ︽ᠬᠠᠷᠠᠭᠠᠯᠵᠠᠯ ᠬᠦᠷᠲᠡᠭᠡᠬᠦ︾᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠳᠤ ᠲᠦᠢᠯ ᠤᠨ ᠣᠨᠤᠪᠴᠢᠲᠠᠢ ᠪᠠᠷ ᠲᠥᠷᠥ ᠶᠢᠨ | ᠪᠣᠳᠣᠯᠭ᠎ᠠ ᠶᠢᠨ ᠠᠰᠢᠭ ᠢ ᠴᠥᠮ ᠬᠦᠷᠲᠡᠭᠡᠨ᠎ᠡ | ᠡᠨᠡ ᠵᠢᠯ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠬᠦ ᠲᠤᠬᠠᠢ ᠪᠢᠳᠡ | ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠭᠤᠳ ᠬᠦᠷᠭᠡᠵᠦ ᠲᠦᠷᠭᠡᠨ ᠬᠦᠷᠲᠡᠭᠡᠬᠦ ᠶᠢ ᠠᠬᠢᠭᠤᠯᠬᠤ ᠠᠯᠢ ᠤᠯᠠᠨ ᠪᠣᠳᠠᠲᠠᠶ ᠠᠷᠭ᠎ᠠ | ᠬᠡᠮᠵᠢᠶ᠎ᠡ ᠶᠢ ᠭᠠᠷᠭᠠᠪᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠭᠠᠶᠢᠯᠢ | ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠂ ᠵᠢᠱᠢᠶᠡᠯᠡᠪᠡᠯ ᠪᠥᠬᠦ ᠤᠯᠤᠰ ᠤᠨ ᠬᠤᠶᠠᠷ ᠬᠤᠷᠠᠯ ᠠᠴᠠ | ᠳᠤᠷᠠᠳᠤᠭᠰᠠᠨ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠨᠡᠮᠡᠵᠦ ᠪᠤᠳᠤᠵᠤ ᠰᠠᠭᠤᠯᠭᠠᠨ ᠠᠪᠬᠤ ᠬᠠᠷᠢᠴᠠᠯ ᠢ 75% | ᠪᠠᠶᠢᠭᠰᠠᠨ ᠠᠴᠠ 100% ᠪᠣᠯᠭᠠᠨ ᠳᠡᠭᠡᠭᠰᠢᠯᠡᠭᠦᠯᠵᠦ᠂ ᠡᠨᠡ ᠨᠢ ᠦᠢᠯᠡᠳᠬᠦ ᠦᠢᠯᠡᠰ ᠤᠨ ᠠᠵᠤ ᠠᠬᠤᠶᠢᠯᠠᠯ ᠤᠨ 100 ᠲᠦᠮᠡᠨ ᠲᠥᠭᠦᠷᠢᠭ ᠤᠨ | ᠰᠤᠳᠤᠯᠤᠨ ᠨᠡᠭᠡᠭᠡᠬᠦ ᠵᠠᠷᠤᠳᠠᠯ ᠣᠷᠣᠭᠤᠯᠬᠤ ᠪᠦᠷᠢ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠠᠴᠠ 200 ᠲᠦᠮᠡᠨ ᠲᠥᠭᠦᠷᠢᠭ ᠬᠡᠯᠲᠦᠷᠢᠭᠦᠯᠵᠦ᠂ | ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠬᠥᠭᠵᠢᠯᠲᠡ ᠶᠢ ᠪᠦᠲᠦᠮᠵᠢᠲᠡᠶ ᠠᠬᠢᠭᠤᠯᠤᠭᠰᠠᠨ ᠲᠠᠢ ᠲᠡᠩᠴᠡᠨ᠎ᠡ᠃ ᠬᠠᠷᠠᠭᠠᠯᠵᠠᠯ ᠬᠦᠷᠲᠡᠭᠡᠬᠦ ᠠᠷᠭ᠎ᠠ ᠮᠠᠶ᠋ᠢᠭ ᠢ | ᠰᠢᠯᠢᠳᠡᠭᠵᠢᠭᠦᠯᠦᠨ᠎ᠡ᠂ ᠲᠣᠮᠣ ᠳ᠋ᠠᠶᠢᠲ᠋ᠠ ᠶᠢᠨ ᠲᠠᠪᠴᠠᠩ ᠪᠠ ᠡᠯ᠎ᠡ ᠲᠥᠷᠥᠯ ᠤᠨ ᠠᠷᠭ᠎ᠠ ᠵᠠᠮ ᠳᠤ ᠲᠦᠰᠢᠭᠯᠡᠨ᠂ ᠪᠥᠬᠦ ᠣᠷᠣᠨ ᠤ ᠬᠡᠪᠴᠢᠶᠡᠨ ᠳᠤ ᠭᠠᠶᠢᠯᠢ | ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠦᠢᠯ ᠤᠨ ᠣᠨᠤᠪᠴᠢᠲᠠᠢ ᠪᠠᠷ ᠰᠢᠭᠤᠳ ᠬᠦᠷᠭᠡᠬᠦ ᠶᠢ ᠳᠡᠯᠭᠡᠷᠡᠭᠦᠯᠵᠦ᠂ | ᠰᠠᠨᠠᠭᠤᠯᠬᠤ ᠴᠢᠳᠠᠮᠵᠢ ᠶᠢ ᠰᠢᠯᠢᠳᠡᠭᠵᠢᠭᠦᠯᠦᠨ᠂ ᠨᠥᠬᠦᠴᠡᠯ ᠳᠤ ᠨᠡᠶᠢᠴᠡᠬᠦ ᠭᠠᠶᠢᠯᠢ ᠰᠦᠢᠳᠬᠡᠯ ᠲᠤᠰᠢᠶᠠᠭᠴᠢ ᠳᠤ ᠬᠦᠷᠲᠡᠭᠡᠪᠡᠰᠦ ᠵᠣᠬᠢᠬᠤ ᠶᠢ ᠨᠢ ᠪᠦᠬᠦᠨ ᠢ | ᠬᠦᠷᠲᠡᠭᠡᠬᠦ ᠶᠢᠨ ᠬᠠᠮᠲᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠮᠠᠲ᠋ᠧᠷᠢᠶᠠᠯ ᠤᠨ ᠳᠠᠩᠰᠠᠯᠠᠯ ᠢ ᠦᠭᠡᠷᠡᠴᠢᠯᠡᠵᠦ ᠨᠠᠷᠢᠨ | ᠪᠠᠶᠢᠴᠠᠭᠠᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃ ᠭᠠᠶᠢᠯᠢ ᠰᠦᠢᠳᠬᠡᠯ ᠤᠨ ᠲᠥᠷᠥ ᠶᠢᠨ ᠪᠣᠳᠣᠯᠭ᠎ᠠ ᠪᠠ ᠲᠠᠲᠠᠪᠤᠷᠢᠯᠠᠨ ᠬᠠᠮᠢᠶᠠᠷᠬᠤ | ᠳᠦᠷᠢᠮ ᠤᠨ ᠲᠠᠶᠢᠯᠤᠮᠵᠢ ᠶᠢᠨ ᠴᠠᠭ ᠲᠤᠬᠠᠢᠢᠴᠢ ᠴᠢᠨᠠᠷ ᠪᠠ ᠬᠠᠨᠳᠤᠯᠭᠠᠲᠤ ᠴᠢᠨᠠᠷ ᠢ ᠴᠢᠩᠭᠠᠳᠬᠠᠵᠤ᠂ ᠢᠯᠠᠩᠭᠤᠶ᠎ᠠ ᠰᠢᠨ᠎ᠡ ᠪᠠᠷ ᠨᠡᠶᠢᠲᠡᠯᠡᠭᠰᠡᠨ ᠴᠢᠬᠤᠯᠠ ᠶᠡᠭᠡ | ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ᠂ ᠭᠠᠶᠢᠯᠢ ᠲᠤᠰᠢᠶᠠᠭᠴᠢ ᠶᠢᠨ ᠰᠤᠷᠭᠠᠭᠤᠯᠢ ᠵᠡᠷᠭᠡ ᠬᠡᠯᠪᠡᠷᠢ ᠶᠢ ᠰᠢᠨ᠎ᠡ ᠪᠠᠷ ᠡᠭᠦᠳᠦᠨ | ᠬᠡᠷᠡᠭᠯᠡᠵᠦ᠂ ᠠᠮᠢᠳᠤᠯᠢᠭ ᠪᠣᠳᠠᠲᠠᠶ ᠬᠡᠷᠡᠭ ᠤᠨ ᠵᠢᠱᠢᠶ᠎ᠡ ᠪᠠᠷ ᠲᠥᠷᠥ ᠶᠢᠨ ᠪᠣᠳᠣᠯᠭ᠎ᠠ ᠶᠢ ᠲᠣᠳᠣᠷᠬᠠᠶ ᠶᠠᠷᠢᠵᠤ᠂ ᠴᠣᠪᠣᠷᠠᠯ ᠢ ᠲᠣᠳᠣᠷᠬᠠᠶ ᠶᠠᠷᠢᠵᠤ᠂ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠲᠥᠬᠦᠮ ᠣᠶᠢᠯᠠᠭᠠᠮᠵᠢᠲᠠᠶ᠂ ᠭᠦᠨᠵᠡᠭᠡᠶ ᠪᠥᠭᠡᠳ | ᠣᠶᠢᠯᠠᠭᠠᠮᠵᠢᠲᠠᠶ ᠶᠠᠷᠢᠵᠤ᠂ ᠭᠠᠶᠢᠯᠢ ᠰᠦᠢᠳᠬᠡᠯ ᠲᠤᠰᠢᠶᠠᠭᠴᠢ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠨ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ | ᠃ 2021 ᠣᠨ ᠤ ᠨᠢᠭᠡᠳᠦᠭᠡᠷ ᠤᠯᠠᠷᠢᠯ ᠠᠴᠠ ᠨᠠᠭᠠᠰᠢ᠂ ᠪᠥᠬᠦ ᠣᠷᠣᠨ ᠤ ᠭᠠᠶᠢᠯᠢ ᠶᠢᠨ ᠶᠠᠪᠤᠳᠠᠯ ᠤᠨ ᠰᠢᠰᠲ᠋ᠧᠮ ᠨᠢ ᠨᠡᠶᠢᠲᠡ 92 ᠲᠠᠯᠠᠪᠤᠷ ᠰᠢᠭᠤᠳ | ᠨᠡᠪᠲᠡᠷᠡᠭᠦᠯᠭᠡ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠰᠢᠭᠤᠳ ᠨᠡᠪᠲᠡᠷᠡᠭᠦᠯᠭᠡ ᠶᠢ ᠦᠵᠡᠭᠰᠡᠨ ᠬᠥᠮᠦᠨ ᠤ ᠲᠤᠭ᠎ᠠ ᠪᠠᠷᠤᠭ 13 ᠲᠦᠮᠡᠨ ᠬᠥᠮᠦᠨ | ᠤᠳᠠᠭ᠎ᠠ ᠳᠤ ᠬᠦᠷᠴᠡᠶ᠃ | ᠬᠤᠶᠠᠷ ᠲᠤ ︽ᠪᠣᠳᠠᠲᠠᠶ ᠠᠷᠭ᠎ᠠ ᠬᠡᠮᠵᠢᠶ᠎ᠡ ᠠᠪᠬᠤ︾᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠵᠦ ᠭᠠᠶᠢᠯᠢ ᠲᠠᠲᠠᠪᠤᠷᠢ ᠶᠢᠨ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ | ᠪᠢᠳᠡ ᠭᠠᠶᠢᠯᠢ ᠰᠦᠢᠳᠬᠡᠯ ᠲᠤᠰᠢᠶᠠᠭᠴᠢ ᠶᠢᠨ ᠬᠠᠮᠤᠭ ᠤᠨ ᠰᠢᠭᠤᠳ ᠣᠶᠢᠯᠠᠭᠠᠮᠵᠢ ᠠᠴᠠ ᠡᠭᠦᠰᠴᠦ᠂ ᠦᠢᠯᠡᠴᠢᠯᠡᠭᠡ ᠪᠠᠨ ᠲᠠᠰᠤᠷᠠᠯᠲᠠ ᠥᠬᠡᠶ | ᠰᠢᠯᠢᠳᠡᠭᠵᠢᠭᠦᠯᠦᠨ᠂ ᠴᠤᠪᠤᠷᠠᠯ ᠢ ᠴᠣᠮᠬᠠᠳᠬᠠᠬᠤ ᠰᠢᠷᠢᠰ ᠠᠷᠭ᠎ᠠ ᠬᠡᠮᠵᠢᠶ᠎ᠡ ᠶᠢ ᠭᠠᠷᠭᠠᠪᠠ᠃ ᠭᠠᠶᠢᠯᠢ ᠰᠦᠢᠳᠬᠡᠯ ᠭᠤᠶᠤᠴᠢᠯᠠᠨ ᠮᠡᠳᠡᠭᠦᠯᠬᠦ ᠶᠠᠪᠤᠴᠠ ᠶᠢ | ᠴᠣᠮᠬᠠᠳᠬᠠᠵᠤ᠂ ᠭᠡᠷᠡᠴᠢᠯᠡᠬᠦ ᠮᠠᠲ᠋ᠧᠷᠢᠶᠠᠯ ᠢ ᠴᠣᠮᠬᠠᠳᠬᠠᠨ᠎ᠠ᠃ ᠰᠦᠯᠵᠢᠶᠡᠨ ᠳᠡᠭᠡᠷ᠎ᠡ ᠭᠠᠶᠢᠯᠢ ᠭᠦᠢᠴᠡᠳᠬᠡᠬᠦ ᠶᠢ ᠥᠷᠭᠡᠳᠬᠡᠵᠦ᠂ ︽ᠥᠯᠥ ᠣᠶᠢᠷᠠᠲᠤᠯᠴᠠᠬᠤ | ᠬᠡᠯᠪᠡᠷᠢ︾ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠬᠡᠨ᠂ ᠵᠢᠯ ᠤᠨ ᠡᠴᠦᠰ ᠠᠴᠠ ᠡᠮᠦᠨ᠎ᠡ ᠠᠵᠤ ᠠᠬᠤᠶᠢᠯᠠᠯ ᠤᠨ ᠭᠠᠶᠢᠯᠢ ᠰᠦᠢᠳᠬᠡᠯ ᠤᠨ | ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠵᠦ ᠳᠡᠶᠢᠯᠬᠦ᠂ ᠬᠤᠪᠢ ᠬᠥᠮᠦᠨ ᠤ ᠭᠠᠶᠢᠯᠢ ᠰᠦᠢᠳᠬᠡᠯ ᠤᠨ ᠵᠦᠢᠯᠡᠰ ᠢ ᠭᠠᠷ ᠤᠲᠠᠰᠤ ᠪᠠᠷ ᠭᠦᠢᠴᠡᠳᠬᠡᠵᠦ | ᠳᠡᠶᠢᠯᠬᠦ ᠶᠢ ᠦᠨᠳᠦᠰᠦᠨ ᠳᠤ ᠪᠠᠨ ᠪᠡᠶᠡᠯᠡᠭᠦᠯᠦᠨ᠎ᠡ︔ ᠪᠡᠯᠡᠨ ᠵᠣᠭᠤᠰ ᠤᠨ ᠭᠠᠶᠢᠯᠢ ᠰᠦᠢᠳᠬᠡᠯ ᠲᠠᠲᠠᠪᠤᠷᠢᠯᠠᠨ ᠲᠤᠰᠢᠶᠠᠬᠤ ᠠᠷᠭ᠎ᠠ ᠮᠠᠶ᠋ᠢᠭ ᠢ ᠦᠯᠡᠳᠡᠭᠡᠬᠦ | ᠪᠠᠶᠢᠳᠠᠯ ᠳᠣᠤᠷ᠎ᠠ᠂ ᠸᠢᠴᠠᠲ᠂ ᠲᠣᠭᠠᠴᠠᠭ᠎ᠠ ᠬᠢᠬᠦ ᠡᠷᠳᠡᠨᠢ᠂ ᠶᠦᠨ ᠱᠠᠨ ᠹᠦ᠋ ᠵᠡᠷᠭᠡ ᠭᠤᠷᠪᠠᠳᠠᠬᠢ ᠡᠲᠡᠭᠡᠳ ᠤᠨ ᠲᠣᠭᠠᠴᠠᠭ᠎ᠠ ᠬᠢᠬᠦ ᠭᠠᠶᠢᠯᠢ ᠰᠦᠢᠳᠬᠡᠯ | ᠲᠤᠰᠢᠶᠠᠬᠤ ᠣᠯᠠᠨ ᠡᠰᠢᠴᠢᠯᠡᠭᠰᠡᠨ ᠠᠷᠭ᠎ᠠ ᠮᠠᠶ᠋ᠢᠭ ᠢ ᠶᠡᠭᠡ ᠪᠠᠷ ᠳᠡᠯᠭᠡᠷᠡᠭᠦᠯᠵᠦ᠂ ᠰᠢᠯᠵᠢᠮᠡᠯ ᠦᠵᠦᠭᠦᠷᠯᠢᠭ ᠢᠶᠠᠷ ᠭᠠᠶᠢᠯᠢ ᠰᠦᠢᠳᠬᠡᠯ ᠢ ᠲᠥᠬᠦᠮ | ᠠᠪᠰᠠᠷᠬᠠᠨ ᠢᠶᠠᠷ ᠲᠤᠰᠢᠶᠠᠬᠤ ᠶᠢ ᠪᠡᠶᠡᠯᠡᠭᠦᠯᠦᠨ᠎ᠡ᠃ ᠭᠠᠶᠢᠯᠢ ᠪᠤᠴᠠᠭᠠᠬᠤ ᠭᠦᠢᠴᠡᠳᠬᠡᠯ ᠢ ᠲᠦᠷᠭᠡᠳᠬᠡᠵᠦ᠂ ᠡᠯᠧᠺᠲᠷᠣᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠦᠯᠡᠳᠡᠭᠡᠨ ᠪᠤᠴᠠᠭᠠᠬᠤ ᠭᠠᠶᠢᠯᠢ ᠶᠢ ᠲᠤᠯᠭᠠᠨ ᠪᠤᠴᠠᠭᠠᠬᠤ ᠪᠠᠷ ᠭᠤᠶᠤᠴᠢᠯᠠᠬᠤ ᠴᠢᠳᠠᠮᠵᠢ ᠶᠢ ᠰᠢᠯᠢᠳᠡᠭᠵᠢᠭᠦᠯᠵᠦ᠂ ᠭᠠᠶᠢᠯᠢ ᠪᠤᠴᠠᠭᠠᠭᠴᠢ | ᠭᠠᠶᠢᠯᠢ ᠲᠤᠰᠢᠶᠠᠭᠴᠢ ᠶᠢᠨ ᠰᠦᠯᠵᠢᠶᠡᠨ ᠳᠡᠭᠡᠷ᠎ᠡ ᠭᠤᠶᠤᠴᠢᠯᠠᠬᠤ ᠶᠢ ᠳᠡᠯᠭᠡᠷᠡᠭᠦᠯᠦᠨ᠂ ᠭᠠᠶᠢᠯᠢ ᠪᠤᠴᠠᠭᠠᠬᠤ ᠪᠦᠬᠦ ᠴᠣᠪᠣᠷᠠᠯ ᠢ ᠡᠯᠧᠺᠲᠷᠤᠨᠴᠢᠯᠠᠵᠤ᠂ | ᠪᠤᠴᠠᠭᠠᠬᠤ ᠭᠠᠶᠢᠯᠢ ᠶᠢᠨ ᠪᠡᠯᠡ ᠮᠥᠩᠭᠦ ᠶᠢ ᠳᠠᠩᠰᠠᠨ ᠳᠤ ᠣᠷᠣᠭᠤᠯᠬᠤ ᠶᠢ ᠲᠥᠷᠭᠡᠳᠬᠡᠨ᠂ ᠭᠠᠶᠢᠯᠢ ᠲᠤᠰᠢᠶᠠᠭᠴᠢ ᠳᠤ ᠥᠨᠳᠥᠷ ᠪᠦᠲᠦᠮᠵᠢᠲᠡᠶ᠂ ᠳᠥᠭᠦᠮ | ᠳᠥᠲᠡ ᠬᠥᠮᠥᠷᠭᠡ ᠠᠴᠠ ᠪᠤᠴᠠᠭᠠᠬᠤ ᠦᠢᠯᠡᠴᠢᠯᠡᠭᠡ ᠶᠢ ᠬᠠᠩᠭᠠᠨ᠎ᠠ᠃ ᠳᠠᠩᠰᠠᠨ ᠠᠴᠠ ᠬᠠᠰᠤᠵᠤ ᠬᠦᠴᠦᠨ ᠥᠬᠡᠶ ᠪᠣᠯᠭᠠᠬᠤ ᠭᠠᠷᠳᠠᠮ ᠢ ᠭᠦᠢᠴᠡᠳᠬᠡᠬᠦ ᠳᠤ | ᠲᠥᠬᠦᠮ ᠦᠵᠡᠭᠦᠯᠵᠦ᠂ ᠭᠠᠶᠢᠯᠢ ᠶᠢᠨ ᠶᠠᠪᠤᠳᠠᠯ ᠤᠨ ᠳᠠᠩᠰᠠᠨ ᠠᠴᠠ ᠬᠠᠰᠤᠵᠤ ᠬᠦᠴᠦᠨ ᠥᠬᠡᠶ ᠪᠣᠯᠭᠠᠬᠤ ᠡᠩ ᠤᠨ ᠴᠤᠪᠤᠷᠠᠯ ᠢ ᠭᠦᠢᠴᠡᠳᠬᠡᠬᠦ ᠴᠠᠭ ᠤᠨ | ᠬᠢᠵᠠᠭᠠᠷ ᠢ ᠪᠣᠭᠤᠨᠢᠰᠬᠠᠨ᠂ ᠥᠷᠲᠡᠭ ᠨᠡᠮᠡᠭᠳᠡᠯ ᠤᠨ ᠭᠠᠶᠢᠯᠢ ᠶᠢᠨ ᠡᠩ ᠤᠨ ᠭᠠᠶᠢᠯᠢ ᠲᠤᠰᠢᠶᠠᠭᠴᠢ ᠶᠢᠨ ᠭᠠᠶᠢᠯᠢ ᠶᠢᠨ ᠶᠠᠪᠤᠳᠠᠯ ᠤᠨ ᠳᠠᠩᠰᠠᠨ ᠠᠴᠠ ᠬᠠᠰᠤᠵᠤ | ᠬᠦᠴᠦᠨ ᠥᠬᠡᠶ ᠪᠣᠯᠭᠠᠬᠤ ᠡᠩ ᠤᠨ ᠴᠤᠪᠤᠷᠠᠯ ᠢ ᠭᠦᠢᠴᠡᠳᠬᠡᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠣᠭᠤᠨᠢᠰᠬᠠᠭᠠᠳ 10 ᠠᠵᠢᠯᠯᠠᠬᠤ ᠡᠳᠦᠷ | ᠪᠣᠯᠭᠠᠵᠤ᠂ ᠥᠷᠲᠡᠭ ᠨᠡᠮᠡᠭᠳᠡᠯ ᠤᠨ ᠭᠠᠶᠢᠯᠢ ᠶᠢᠨ ᠵᠢᠵᠢᠭ ᠬᠡᠪᠴᠢᠶᠡᠨ ᠤ ᠭᠠᠶᠢᠯᠢ ᠲᠤᠰᠢᠶᠠᠭᠴᠢ ᠪᠠ ᠪᠤᠰᠤᠳ ᠭᠠᠶᠢᠯᠢ ᠲᠤᠰᠢᠶᠠᠭᠴᠢ ᠶᠢᠨ ᠭᠠᠶᠢᠯᠢ ᠶᠢᠨ | ᠶᠠᠪᠤᠳᠠᠯ ᠤᠨ ᠳᠠᠩᠰᠠᠨ ᠠᠴᠠ ᠬᠠᠰᠤᠵᠤ ᠬᠦᠴᠦᠨ ᠥᠬᠡᠶ ᠪᠣᠯᠭᠠᠬᠤ ᠡᠩ ᠤᠨ ᠴᠤᠪᠤᠷᠠᠯ ᠢ ᠭᠦᠢᠴᠡᠳᠬᠡᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ | ᠪᠣᠭᠤᠨᠢᠰᠬᠠᠭᠠᠳ 5 ᠠᠵᠢᠯᠯᠠᠬᠤ ᠡᠳᠦᠷ ᠪᠣᠯᠭᠠᠨ᠎ᠠ︔ ᠠᠵᠤ ᠠᠬᠤᠶᠢᠯᠠᠯ ᠤᠨ ᠳᠠᠩᠰᠠᠯᠠᠯᠲᠠ ᠶᠢ ᠲᠦᠭᠦᠮ ᠠᠪᠰᠠᠷᠬᠠᠨ ᠢᠶᠠᠷ ᠬᠦᠴᠦᠨ ᠥᠬᠡᠶ ᠪᠣᠯᠭᠠᠬᠤ | ᠲᠦᠷᠢᠮ ᠢ ᠲᠡᠭᠦᠯᠳᠡᠷᠵᠢᠭᠦᠯᠦᠨ᠎ᠡ᠃ ᠣᠨᠴᠠᠭᠠᠶ ᠬᠥᠮᠦᠰ ᠲᠤ ᠠᠩᠬᠠᠷᠤᠯ ᠢᠶᠠᠨ ᠬᠠᠨᠳᠤᠭᠤᠯᠵᠤ᠂ ᠤᠯᠠᠮᠵᠢᠯᠠᠯᠲᠤ ᠦᠢᠯᠡᠴᠢᠯᠡᠭᠡ ᠬᠢᠭᠡᠳ ᠣᠶᠤᠨᠴᠢ ᠰᠢᠨ᠎ᠡ ᠶᠢ | ᠡᠭᠦᠳᠬᠦ ᠶᠢ ᠵᠡᠷᠭᠡ ᠪᠠᠷ ᠬᠡᠷᠡᠭᠵᠢᠭᠦᠯᠬᠦ ᠶᠢ ᠪᠠᠷᠢᠮᠲᠠᠯᠠᠨ᠂ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠰᠠᠶᠢᠵᠢᠷᠠᠭᠤᠯᠬᠤ ᠶᠢᠨ ᠬᠠᠮᠲᠤ ᠰᠦᠯᠵᠢᠶᠡᠨ ᠭᠠᠳᠠᠨᠠᠬᠢ | ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠣᠨᠴᠠᠭᠠᠶ ᠬᠥᠮᠦᠰ᠂ ᠣᠨᠴᠠᠭᠠᠶ ᠬᠡᠷᠡᠭ ᠶᠠᠪᠤᠳᠠᠯ ᠢ ᠰᠢᠢᠳᠪᠦᠷᠢᠯᠡᠬᠦ ᠱᠠᠭᠠᠷᠳᠠᠯᠭ᠎ᠠ ᠶᠢ ᠨᠠᠩ ᠰᠠᠶᠢᠲᠤᠷ | ᠬᠠᠩᠭᠠᠵᠤ᠂ ︽ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ︾ ᠦᠢᠯᠡᠴᠢᠯᠡᠭᠡ ᠶᠢ ᠢᠳᠡᠪᠬᠢᠲᠡᠶ ᠬᠡᠷᠡᠭᠵᠢᠭᠦᠯᠦᠨ᠎ᠡ᠃ ᠵᠢᠵᠢᠭ ᠪᠢᠴᠢᠯ ᠠᠵᠤ | ᠠᠬᠤᠶᠢᠯᠠᠯ ᠳᠤ ᠬᠦᠴᠦᠨ ᠨᠡᠮᠡᠷᠢᠯᠡᠵᠦ᠂ ︽ᠪᠠᠩᠬᠢ ᠭᠠᠶᠢᠯᠢ ᠶᠢᠨ ᠬᠠᠷᠢᠯᠴᠠᠨ ᠬᠥᠳᠡᠯᠦᠯᠴᠡᠬᠦ︾ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠣᠷᠣᠯᠴᠠᠬᠤ ᠬᠡᠪᠴᠢᠶ᠎ᠡ ᠶᠢ ᠥᠷᠭᠡᠳᠬᠡᠵᠦ᠂ ᠪᠠᠩᠬᠢ ᠭᠠᠶᠢᠯᠢ ᠶᠢᠨ ᠬᠠᠷᠢᠯᠴᠠᠨ ᠬᠥᠳᠡᠯᠦᠯᠴᠡᠬᠦ ᠢᠲᠡᠭᠡᠮᠵᠢᠲᠦ ᠵᠢᠭᠡᠯᠡᠯᠭᠡ ᠶᠢᠨ | ᠬᠡᠮᠵᠢᠶ᠎ᠡ ᠶᠢ ᠥᠷᠭᠡᠳᠬᠡᠨ᠂ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠤᠨ ᠪᠠᠯᠠ ᠲᠣᠬᠢᠷᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ | ᠪᠥᠲᠥᠭᠡᠨ ᠪᠠᠶᠢᠭᠤᠯᠤᠯᠲᠠ ᠶᠢᠨ ᠪᠠᠩᠬᠢ ᠯᠤᠭ᠎ᠠ ᠪᠠᠶᠢᠯᠳᠤᠬᠤ ᠪᠣᠳᠣᠯᠭ᠎ᠠ ᠶᠢᠨ ᠵᠥᠪᠯᠡᠯᠴᠡᠭᠡᠷ ᠲᠣᠭᠲᠠᠵᠤ᠂ ᠬᠦᠤ ᠮᠥᠩᠭᠦ ᠶᠢᠨ ᠨᠣᠷᠮ᠎ᠠ ᠪᠠᠷ ᠳᠣᠤᠷ᠎ᠠ᠂ | ᠬᠤᠷᠳᠤᠴᠠ ᠪᠠᠷ ᠲᠦᠷᠭᠡᠨ᠂ ᠪᠠᠷᠢᠴᠠᠭ᠎ᠠ ᠥᠬᠡᠶ᠂ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠭᠠᠶᠢᠯᠢ ᠬᠥᠩᠭᠡᠯᠡᠬᠦ ᠡᠭᠦᠯᠡᠨ ᠵᠢᠭᠡᠯᠡᠯᠭᠡ ᠶᠢᠨ ᠨᠡᠷᠡᠳᠬᠦᠨ ᠢ | ᠨᠡᠭᠡᠭᠡᠨ ᠬᠥᠭᠵᠢᠭᠦᠯᠵᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠭᠥᠷᠳᠡᠵᠦ ᠪᠠᠶᠢᠭ᠎ᠠ ᠠᠵᠤ ᠠᠬᠤᠶᠢᠯᠠᠯ ᠳᠤ ᠢᠲᠡᠭᠡᠮᠵᠢ ᠣᠯᠭᠤᠨ᠎ᠠ᠃ ᠲᠤᠮᠤ ᠬᠡᠯᠪᠡᠷᠢ ᠶᠢᠨ | ᠠᠵᠤ ᠠᠬᠤᠶᠢᠯᠠᠯ ᠳᠤ ᠦᠢᠯᠡᠴᠢᠯᠡᠵᠦ᠂ ᠲᠤᠮᠤ ᠠᠵᠤ ᠠᠬᠤᠶᠢᠯᠠᠯ ᠤᠨ ᠭᠠᠶᠢᠯᠢ ᠳᠤ ᠬᠤᠯᠪᠣᠭᠳᠠᠬᠤ ᠴᠢᠬᠤᠯᠠ ᠶᠡᠭᠡ ᠨᠠᠷᠢᠨ ᠪᠤᠳᠤᠯᠢᠶᠠᠨᠲᠠᠶ ᠬᠦᠰᠡᠯ | ᠱᠠᠭᠠᠷᠳᠠᠯᠭ᠎ᠠ ᠶᠢ ᠵᠣᠬᠢᠴᠠᠭᠤᠯᠤᠨ ᠰᠢᠢᠳᠪᠦᠷᠢᠯᠡᠵᠦ᠂ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢᠨ ᠲᠣᠭᠲᠠᠭᠠᠯᠲᠤ ᠴᠢᠨᠠᠷ ᠢ | ᠴᠢᠩᠭᠠᠳᠬᠠᠵᠤ᠂ ᠲᠤᠮᠤ ᠠᠵᠤ ᠠᠬᠤᠶᠢᠯᠠᠯ ᠤᠨ ᠣᠷᠣᠨ ᠪᠦᠰᠡ ᠠᠯᠤᠰᠯᠠᠭᠰᠠᠨ ᠭᠠᠶᠢᠯᠢ ᠳᠤ ᠬᠤᠯᠪᠣᠭᠳᠠᠬᠤ ᠵᠦᠢᠯᠡᠰ ᠢ ᠵᠣᠬᠢᠴᠠᠭᠤᠯᠬᠤ ᠠᠵᠢᠯ ᠢ ᠥᠷᠨᠢᠭᠦᠯᠵᠦ | ᠂ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢᠨ ᠨᠢᠭᠡᠳᠦᠯᠲᠡᠶ ᠴᠢᠨᠠᠷ ᠢ ᠴᠢᠩᠭᠠᠳᠬᠠᠵᠤ᠂ ᠬᠡᠰᠡᠭ ᠭᠤᠣᠯᠳᠠᠯᠭ᠎ᠠ ᠲᠠᠢ ᠠᠵᠤ | ᠠᠬᠤᠶᠢᠯᠠᠯ ᠤᠨ ᠭᠠᠶᠢᠯᠢ ᠲᠠᠲᠠᠪᠤᠷᠢ ᠶᠢᠨ ᠪᠡᠶ᠎ᠡ ᠶᠢᠨ ᠪᠠᠶᠢᠴᠠᠭᠠᠯᠲᠠ ᠪᠠ ᠠᠶᠤᠯ ᠲᠦᠭᠰᠢᠭᠦᠷᠢ ᠶᠢᠨ ᠰᠠᠨᠠᠭᠤᠯᠭ᠎ᠠ ᠶᠢ ᠥᠷᠨᠢᠭᠦᠯᠵᠦ᠂ ᠲᠣᠮᠣ ᠠᠵᠤ | ᠠᠬᠤᠶᠢᠯᠠᠯ ᠤᠨ ᠳᠣᠲᠣᠭᠠᠳᠤ ᠡᠵᠡᠮᠳᠡᠯ ᠤᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠳᠤ ᠬᠦᠴᠦᠨ ᠨᠡᠮᠡᠷᠢᠯᠡᠨ᠎ᠡ᠃ | ᠭᠤᠷᠪᠠ ᠳᠤ ︽ᠬᠠᠤᠯᠢ ᠬᠡᠷᠡᠭᠵᠢᠭᠦᠯᠬᠦ ᠳᠤ ᠪᠠᠨ ᠤᠶᠠᠬᠠᠨ ︾᠂ ᠬᠠᠮᠢᠶᠠᠷᠤᠯᠲᠠ ᠶᠢ ᠴᠢᠩᠭᠠᠳᠬᠠᠨ ᠪᠠᠶᠢᠳᠠᠯ ᠳᠤ ᠨᠢ ᠲᠣᠬᠢᠷᠠᠭᠤᠯᠵᠤ ᠬᠠᠤᠯᠢ | ᠬᠡᠷᠡᠭᠵᠢᠭᠦᠯᠦᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠠᠤᠯᠢ ᠬᠡᠷᠡᠭᠵᠢᠭᠦᠯᠬᠦ ᠣᠨᠣᠪᠴᠢ ᠶᠢᠨ ᠬᠡᠮᠵᠢᠶ᠎ᠡ ᠶᠢ | ᠳᠡᠭᠡᠭᠰᠢᠯᠡᠭᠦᠯᠦᠨ᠂ ᠬᠠᠤᠯᠢ ᠬᠡᠷᠡᠭᠵᠢᠭᠦᠯᠬᠦ᠂ ᠬᠢᠨᠠᠨ ᠬᠠᠮᠢᠶᠠᠷᠬᠤ ᠶᠢ ᠦᠢᠯᠡᠴᠢᠯᠡᠭᠡᠨ ᠤ ᠳᠤᠮᠳᠠ ᠠᠬᠤᠭᠤᠯᠵᠤ᠂ ᠦᠢᠯᠡᠴᠢᠯᠡᠭᠡᠨ ᠤ ᠣᠨᠣᠯᠵᠢᠬᠤᠨ ᠢ ᠭᠠᠶᠢᠯᠢ | ᠲᠠᠲᠠᠪᠤᠷᠢᠯᠠᠵᠤ ᠬᠠᠮᠢᠶᠠᠷᠬᠤ ᠡᠯ᠎ᠡ ᠭᠤᠭᠴᠤᠭ᠎ᠠ ᠳᠤ ᠣᠷᠭᠠᠨᠢᠭ ᠢᠶᠠᠷ ᠠᠭᠤᠰᠬᠠᠨ ᠣᠷᠣᠭᠤᠯᠤᠨ᠎ᠠ᠃ ᠠᠩᠬ᠎ᠠ ᠵᠥᠷᠢᠴᠡᠪᠡᠯ ᠥᠯᠥ ᠰᠢᠢᠳᠬᠡᠬᠦ ᠶᠢ ᠳᠡᠯᠭᠡᠷᠡᠭᠦᠯᠵᠦ᠂ | ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠨᠡᠶᠢᠲᠡᠯᠡᠭᠰᠡᠨ ᠪᠥᠬᠦ ᠤᠯᠤᠰ ᠤᠨ ᠨᠢᠭᠡᠳᠦᠯᠲᠡᠶ ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ | ᠰᠢᠢᠳᠬᠡᠯ ᠤᠨ ︽ᠠᠩᠬ᠎ᠠ ᠵᠥᠷᠢᠴᠡᠪᠡᠯ ᠥᠯᠥ ᠰᠢᠢᠳᠬᠡᠬᠦ︾ ᠭᠠᠶᠢᠯᠢ ᠳᠤ ᠬᠤᠯᠪᠣᠭᠳᠠᠬᠤ ᠵᠦᠢᠯᠡᠰ ᠤᠨ ᠨᠠᠷᠢᠨ ᠬᠠᠭᠤᠳᠠᠰᠤ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠵᠢᠱᠢᠶᠡᠯᠡᠪᠡᠯ᠂ ᠭᠠᠶᠢᠯᠢ ᠲᠤᠰᠢᠶᠠᠭᠴᠢ ᠲᠣᠭᠲᠠᠭᠠᠯ ᠶᠣᠰᠣᠭᠠᠷ ᠲᠠᠩᠰᠠ ᠬᠠᠷ᠎ᠠ ᠪᠠᠨ ᠵᠣᠬᠢᠶᠠᠭᠰᠠᠨ ᠦᠭᠡᠢ᠂ ᠬᠠᠳᠠᠭᠠᠯᠠᠵᠤ | ᠬᠠᠮᠢᠶᠠᠷᠤᠭᠰᠠᠨ ᠦᠭᠡᠢ ᠪᠤᠶᠤ ᠳᠠᠩᠰᠠᠯᠠᠭᠰᠠᠨ ᠭᠡᠷᠡᠴᠢ ᠪᠠᠷᠢᠮᠲᠠ ᠪᠠ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠬᠠᠳᠠᠭᠠᠯᠠᠵᠤ ᠬᠠᠮᠢᠶᠠᠷᠤᠭᠰᠠᠨ ᠦᠭᠡᠢ︔ ᠭᠠᠶᠢᠯᠢ | ᠲᠤᠰᠢᠶᠠᠭᠴᠢ ᠲᠣᠭᠲᠠᠭᠰᠠᠨ ᠬᠤᠭᠤᠴᠠᠭᠠᠨ ᠳᠤ ᠭᠠᠶᠢᠯᠢ ᠲᠤᠰᠢᠶᠠᠬᠤ ᠪᠠᠷ ᠮᠡᠳᠡᠭᠦᠯᠦᠭᠰᠡᠨ ᠥᠬᠡᠶ ᠪᠠ ᠭᠠᠶᠢᠯᠢ ᠲᠤᠰᠢᠶᠠᠬᠤ ᠮᠠᠲ᠋ᠧᠷᠢᠶᠠᠯ ᠢᠶᠠᠨ ᠮᠡᠳᠡᠭᠦᠯᠦᠨ | ᠬᠦᠷᠭᠡᠭᠰᠡᠨ ᠥᠬᠡᠶ ᠵᠡᠷᠭᠡ ᠨᠢ ᠴᠥᠮ ︽ᠠᠩᠬ᠎ᠠ ᠵᠥᠷᠢᠴᠡᠪᠡᠯ ᠥᠯᠥ ᠰᠢᠢᠳᠬᠡᠬᠦ︾ ᠭᠠᠶᠢᠯᠢ ᠳᠤ ᠬᠤᠯᠪᠣᠭᠳᠠᠬᠤ ᠵᠦᠢᠯᠡᠰ ᠤᠨ ᠨᠠᠷᠢᠨ ᠬᠠᠭᠤᠳᠠᠰᠤᠨ ᠳᠤ | ᠪᠠᠭᠲᠠᠨ᠎ᠠ᠃ ᠬᠤᠶᠢᠰᠢᠳᠠ ᠪᠢᠳᠡ ᠪᠠᠰᠠ ᠪᠤᠰᠤᠳ ︽ᠠᠩᠬ᠎ᠠ ᠵᠥᠷᠢᠴᠡᠪᠡᠯ ᠥᠯᠥ ᠰᠢᠢᠳᠬᠡᠬᠦ︾ ᠭᠠᠶᠢᠯᠢ ᠳᠤ ᠬᠤᠯᠪᠣᠭᠳᠠᠬᠤ ᠵᠦᠢᠯᠡᠰ ᠢ ᠦᠷᠭᠦᠯᠵᠢᠯᠡᠨ | ᠨᠡᠶᠢᠲᠡᠯᠡᠨ᠎ᠡ᠃ ᠤᠶᠠᠬᠠᠨ ᠴᠢᠨᠠᠷᠲᠠᠢ ᠪᠠᠷ ᠬᠠᠤᠯᠢ ᠬᠡᠷᠡᠭᠵᠢᠭᠦᠯᠬᠦ ᠶᠢ ᠠᠬᠢᠭᠤᠯᠵᠤ᠂ ᠢᠳᠬᠠᠨ ᠬᠥᠮᠦᠵᠢᠭᠦᠯᠬᠦ᠂ ᠤᠬᠠᠭᠤᠯᠤᠨ ᠰᠠᠨᠠᠭᠤᠯᠬᠤ ᠵᠡᠷᠭᠡ | ᠠᠯᠪᠠᠳᠠᠯᠭ᠎ᠠ ᠶᠢᠨ ᠪᠤᠰᠤ ᠴᠢᠨᠠᠷᠲᠠᠢ ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ ᠶᠢ ᠪᠦᠲᠦᠮᠵᠢᠲᠡᠢ ᠬᠡᠷᠡᠭᠯᠡᠵᠦ᠂ ᠬᠠᠤᠯᠢ ᠬᠡᠷᠡᠭᠵᠢᠭᠦᠯᠦᠯᠲᠡ ᠶᠢ ᠡᠷᠴᠢᠮ ᠲᠠᠢ | ᠮᠥᠷᠲᠡᠭᠡᠨ ᠳᠤᠯᠠᠭᠠᠴᠠ ᠲᠠᠢ ᠪᠣᠯᠭᠠᠨ᠎ᠠ︔ ᠳᠥᠭᠦᠮ ᠲᠣᠷᠭᠠᠭᠤᠯᠢ ᠶᠢᠨ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠲᠦᠯᠬᠢᠨ ᠠᠬᠢᠭᠤᠯᠵᠤ᠂ ᠭᠠᠶᠢᠯᠢ | ᠰᠦᠢᠳᠬᠡᠯ ᠲᠤᠰᠢᠶᠠᠭᠴᠢ ᠳᠤ ᠲᠦᠬᠦᠮ ᠦᠵᠡᠭᠦᠯᠦᠨ᠎ᠡ᠃ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠵᠠᠳᠠᠯᠤᠯᠲᠠ ᠶᠢᠨ | ᠦᠷ᠎ᠡ ᠳ᠋ᠦᠩ ᠢ ᠦᠨᠳᠦᠰᠦᠯᠡᠨ᠂ ᠲᠦᠷᠦᠯ ᠬᠤᠪᠢᠶᠠᠨ ᠦᠢᠯᠡᠴᠢᠯᠡᠬᠦ ᠪᠠ ᠵᠦᠷᠢᠶᠡᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠠᠤᠯᠢ ᠬᠡᠷᠡᠭᠵᠢᠭᠦᠯᠬᠦ | ᠪᠠᠷᠢᠮᠵᠢᠶ᠎ᠠ ᠶᠢ ᠨᠢᠭᠡᠳᠦᠯᠲᠡᠶ ᠪᠣᠯᠭᠠᠵᠤ᠂ ᠣᠷᠣᠨ ᠪᠦᠰᠡ ᠶᠢᠨ ᠳᠣᠲᠣᠷᠠᠬᠢ ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ | ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠨᠢᠭᠡᠳᠦᠯᠲᠡᠶ ᠪᠣᠯᠭᠠᠬᠤ ᠶᠢ ᠳᠥᠯᠭᠢᠨ ᠠᠬᠢᠭᠤᠯᠵᠤ᠂ ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ | ᠳᠠᠩᠰᠠᠯᠠᠭᠤᠯᠬᠤ ᠵᠦᠢᠯᠡᠰ ᠤᠨ ᠨᠠᠷᠢᠨ ᠬᠠᠭᠤᠳᠠᠰᠤ ᠶᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠭᠠᠶᠢᠯᠢ ᠰᠦᠢᠳᠬᠡᠯ ᠤᠨ ᠬᠠᠷᠠᠭᠠᠯᠵᠠᠯ ᠤᠨ | ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠲᠣᠭᠲᠠᠭᠠᠯ ᠢ ᠵᠥᠷᠢᠴᠡᠨ ᠲᠠᠲᠠᠪᠤᠷᠢᠯᠠᠭᠰᠠᠨ ︽ᠭᠠᠶᠢᠯᠢ | ᠰᠦᠢᠳᠬᠡᠯ ᠠᠴᠠ ᠬᠡᠲᠦᠷᠡᠭᠦᠯᠦᠭᠰᠡᠨ︾ ᠠᠰᠠᠭᠤᠳᠠᠯ ᠢ ᠵᠠᠳᠠᠯᠤᠨ ᠰᠢᠨᠵᠢᠵᠦ ᠬᠢᠨᠠᠨ ᠡᠵᠡᠮᠳᠡᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ᠃ | ᠲᠦᠷᠪᠡ ᠳᠤ᠂ ︽ᠬᠠᠮᠵᠢᠯᠴᠠᠭ᠎ᠠ ᠨᠢ ᠬᠦᠴᠦᠷᠬᠡᠭ︾᠂ ᠰᠠᠯᠠᠭ᠎ᠠ ᠮᠥᠴᠢᠷ ᠤᠨ ᠬᠢᠨ ᠬᠠᠮᠲᠤᠪᠠᠷ ᠵᠥᠪᠳᠡᠯᠴᠡᠵᠦ ᠬᠠᠮᠵᠢᠯᠴᠠᠨ ᠮᠡᠳᠡᠭᠡ ᠵᠠᠩᠭᠢᠵᠢᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ | ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠠᠬᠢᠭᠤᠯᠵᠤ᠂ ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠲᠠᠢ | ᠵᠣᠯᠭᠠᠭᠤᠯᠬᠤ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠨᠠᠷᠢᠨ ᠬᠠᠭᠤᠳᠠᠰᠤ ᠶᠢ ᠠᠯᠬᠤᠮ | ᠠᠯᠬᠤᠮ ᠢᠶᠠᠷ ᠪᠠᠶᠠᠯᠢᠭᠵᠢᠭᠤᠯᠤᠨ᠎ᠠ︔ ᠭᠠᠶᠢᠯᠢ ᠶᠢᠨ ᠶᠠᠪᠤᠳᠠᠯ ᠤᠨ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠪᠠᠩᠬᠢ ᠲᠠᠢ ᠢᠵᠢᠯᠢ ᠠᠯᠬᠤᠮ ᠢᠶᠠᠷ | ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ︔ ᠡᠬᠢ ᠪᠠᠶᠠᠯᠢᠭ ᠣᠷᠴᠢᠨ ᠠᠬᠤᠶ ᠶᠢᠨ ᠭᠠᠶᠢᠯᠢ ᠲᠠᠲᠠᠪᠤᠷᠢ ᠶᠢᠨ ᠭᠠᠳᠠᠨᠠᠬᠢ ᠲᠤᠭ᠎ᠠ ᠪᠠᠷᠢᠮᠲᠠ ᠶᠢ | ᠴᠤᠭᠯᠠᠭᠤᠯᠤᠨ ᠬᠡᠷᠡᠭᠯᠡᠬᠦ ᠴᠢᠳᠠᠮᠵᠢ ᠶᠢ ᠲᠡᠭᠦᠯᠳᠡᠷᠵᠢᠭᠦᠯᠵᠦ᠂ ᠡᠬᠢ ᠪᠠᠶᠠᠯᠢᠭ ᠣᠷᠴᠢᠨ ᠠᠬᠤᠶ ᠶᠢᠨ ᠭᠠᠶᠢᠯᠢ ᠶᠢ ᠭᠤᠶᠤᠴᠢᠯᠠᠨ ᠮᠡᠳᠡᠭᠦᠯᠬᠦ ᠴᠢᠳᠠᠮᠵᠢ ᠶᠢ | ᠰᠢᠯᠢᠳᠡᠭᠵᠢᠭᠦᠯᠦᠨ᠎ᠡ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ | ᠨᠢᠭᠡ ᠤᠴᠢᠷ ᠢ ᠨᠢᠭᠡ ᠤᠳᠠᠭ᠎ᠠ ᠳᠤ ᠭᠦᠢᠴᠡᠳᠬᠡᠬᠦ︾ ᠱᠠᠭᠠᠷᠳᠠᠯᠭ᠎ᠠ ᠶᠣᠰᠣᠭᠠᠷ᠂ ᠰᠠᠯᠠᠭ᠎ᠠ ᠮᠥᠴᠢᠷ ᠤᠨ ᠬᠠᠮᠵᠢᠯᠴᠠᠨ ᠬᠠᠮᠲᠤ ᠳᠤ ᠪᠠᠨ ᠬᠦᠷᠲᠡᠬᠦ ᠶᠢ | ᠴᠢᠩᠭᠠᠳᠬᠠᠵᠤ᠂ ᠭᠠᠶᠢᠯᠢ ᠰᠦᠢᠳᠬᠡᠯ ᠲᠤᠰᠢᠶᠠᠭᠴᠢ ᠳᠤ ᠢᠵᠢ ᠦᠢᠯᠡᠴᠢᠯᠡᠭᠡ᠂ ᠭᠤᠤᠯ ᠰᠡᠳᠦᠪᠲᠦ ᠮᠠᠶ᠋ᠢᠭ ᠤᠨ ᠬᠤᠷᠠᠮᠠᠯ ᠦᠢᠯᠡᠴᠢᠯᠡᠭᠡ ᠬᠠᠩᠭᠠᠵᠤ᠂ ᠨᠢᠭᠡ | ᠬᠦᠰᠦᠨᠦᠭᠲᠦ ᠪᠠᠷ ᠭᠤᠶᠤᠴᠢᠯᠠᠬᠤ᠂ ᠨᠢᠭᠡᠨ ᠢᠵᠢ ᠮᠠᠲ᠋ᠧᠷᠢᠶᠠᠯ᠂ ᠨᠢᠭᠡ ᠤᠳᠠᠭ᠎ᠠ ᠳᠤ ᠲᠤᠰᠢᠶᠠᠬᠤ᠂ ᠬᠤᠭᠤᠴᠠᠭ᠎ᠠ ᠬᠢᠵᠠᠭᠠᠷᠯᠠᠨ ᠰᠢᠢᠳᠪᠦᠷᠢᠯᠡᠵᠦ | ᠳᠠᠭᠤᠰᠬᠠᠬᠤ ᠶᠢ ᠪᠡᠶᠡᠯᠡᠭᠦᠯᠦᠨ᠎ᠡ᠃ ᠵᠢᠱᠢᠶᠡᠯᠡᠪᠡᠯ᠂ ᠡᠳ᠋ ᠤᠨ ᠵᠠᠰᠠᠭ᠂ ᠠᠷᠠᠳ ᠤᠨ ᠪᠠᠩᠬᠢ ᠲᠠᠢ ᠲᠥᠰᠦᠪ ᠤᠨ ᠵᠥᠪᠳᠡᠯᠴᠡᠬᠦ ᠲᠣᠭᠲᠠᠴᠠ ᠶᠢ ᠪᠠᠶᠢᠭᠤᠯᠬᠤ᠂ | ᠬᠥᠮᠥᠷᠭᠡ ᠠᠴᠠ ᠪᠤᠴᠠᠭᠠᠬᠤ ᠡᠯᠧᠺᠲᠷᠣᠨ ᠲᠦᠷᠢᠮ ᠢ ᠲᠣᠭᠲᠠᠭᠠᠬᠤ᠂ ᠭᠠᠶᠢᠯᠢ ᠪᠤᠴᠠᠭᠠᠬᠤ ᠴᠠᠭ ᠤᠨ ᠬᠢᠵᠠᠭᠠᠷ ᠢ ᠪᠣᠭᠤᠨᠢᠰᠬᠠᠵᠦ᠂ ᠰᠢᠢᠳᠪᠦᠷᠢᠯᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠶᠡᠷᠦᠩᠬᠡᠶ ᠲᠣᠪᠴᠢᠶ᠎ᠠ ᠶᠢᠨ ᠥᠯᠥ ᠬᠥᠳᠡᠯᠬᠦ ᠬᠥᠷᠥᠩᠭᠡ ᠶᠢᠨ ᠠᠷᠠᠯᠵᠢᠶᠠᠨ ᠤ ᠭᠠᠶᠢᠯᠢ ᠰᠦᠢᠳᠬᠡᠯ ᠢ ᠲᠥᠪᠯᠡᠷᠡᠭᠦᠯᠦᠨ | ᠭᠦᠢᠴᠡᠳᠬᠡᠬᠦ ᠵᠢᠷᠤᠮᠵᠢᠯ ᠢ ᠨᠠᠶᠢᠳᠠᠪᠤᠷᠢᠵᠢᠭᠤᠯᠵᠤ᠂ ᠥᠯᠥ ᠬᠥᠳᠡᠯᠬᠦ ᠬᠥᠷᠥᠩᠭᠡ ᠶᠢᠨ ᠠᠷᠠᠯᠵᠢᠶᠠᠨ ᠤ ᠭᠠᠶᠢᠯᠢ ᠰᠦᠢᠳᠬᠡᠯ ᠢ ᠲᠥᠪᠯᠡᠷᠡᠭᠦᠯᠦᠨ ᠭᠦᠢᠴᠡᠳᠬᠡᠬᠦ ᠶᠢ | ᠠᠬᠢᠭᠤᠯᠤᠨ᠎ᠠ᠃ | ᠲᠠᠪᠤ ᠳᠤ ︽ᠴᠤᠤᠷᠢᠶᠠᠲᠤᠨ ᠳᠠᠭᠠᠬᠤ ᠳᠤ ᠲᠦᠷᠭᠡᠨ︾᠂ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ ᠣᠯᠠᠨ ᠠᠷᠭ᠎ᠠ ᠵᠠᠮ ᠢ ᠵᠡᠷᠭᠡ ᠪᠠᠷ ᠬᠡᠷᠡᠭᠯᠡᠨ | ᠭᠤᠮᠣᠳᠠᠯ ᠱᠠᠭᠠᠷᠳᠠᠯᠭ᠎ᠠ ᠶᠢ ᠴᠠᠭ ᠲᠤᠬᠠᠶ ᠳᠤ ᠨᠢ ᠬᠠᠷᠢᠭᠤ ᠲᠤᠰᠬᠠᠨ᠎ᠠ | ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠬᠦ︾ ᠠᠵᠢᠯᠯᠠᠭ᠎ᠠ ᠶᠢᠨ ᠱᠠᠭᠠᠷᠳᠠᠯᠭ᠎ᠠ ᠶᠢ ᠴᠤᠤᠷᠢᠶᠠᠲᠤᠨ ᠳᠠᠭᠠᠵᠤ᠂ ᠰᠦᠯᠵᠢᠶᠡᠨ ᠳᠡᠭᠡᠷ᠎ᠡ ᠪᠠ | ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠰᠠᠭᠤᠯᠲᠠ ᠶᠢᠨ ᠬᠠᠭᠤᠳᠠᠰᠤ ᠲᠠᠷᠬᠠᠭᠠᠵᠤ᠂ ᠰᠤᠷᠪᠤᠯᠵᠢᠯᠠᠨ | ᠶᠠᠷᠢᠯᠴᠠᠬᠤ ᠬᠤᠷᠠᠯ ᠬᠢᠵᠦ᠂ ᠭᠠᠶᠢᠯᠢ ᠰᠦᠢᠳᠬᠡᠯ ᠲᠤᠰᠢᠶᠠᠭᠴᠢ ᠶᠢᠨ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠰᠢᠰᠲ᠋ᠧᠮ ᠲᠠᠢ ᠣᠶᠢᠯᠠᠭᠠᠬᠤ ᠪᠠᠷ | ᠴᠢᠷᠮᠠᠶᠢᠨ᠎ᠠ᠃ ᠭᠠᠶᠢᠯᠢ ᠲᠤᠰᠢᠶᠠᠬᠤ ᠯᠠᠪᠯᠠᠯᠭ᠎ᠠ ᠶᠢᠨ ᠳ᠋ᠢᠶᠠᠩᠬᠤᠸᠠ ᠬᠢᠭᠡᠳ ᠭᠠᠶᠢᠯᠢ ᠰᠦᠢᠳᠬᠡᠯ ᠢ ᠲᠠᠲᠠᠪᠤᠷᠢᠯᠠᠨ ᠬᠠᠮᠢᠶᠠᠷᠬᠤ ᠠᠰᠠᠭᠤᠳᠠᠯ ᠢ ᠬᠠᠮᠵᠢᠯᠴᠠᠨ | ᠰᠢᠢᠳᠪᠦᠷᠢᠯᠡᠬᠦ ᠳ᠋ᠢᠶᠠᠩᠬᠤᠸᠠ ᠶᠢ ᠨᠢᠭᠡᠳᠦᠯᠲᠡᠶ ᠪᠣᠯᠭᠠᠵᠤ᠂ ᠠᠰᠠᠭᠤᠳᠠᠯ ᠤᠨ ᠬᠠᠷᠢᠭᠤᠯᠲᠠ ᠶᠢᠨ ᠴᠠᠭ ᠲᠤᠬᠠᠶᠢᠴᠢ ᠴᠢᠨᠠᠷ᠂ ᠣᠨᠣᠪᠴᠢ ᠶᠢᠨ ᠨᠣᠷᠮ᠎ᠠ ᠶᠢ | ᠳᠡᠭᠡᠭᠰᠢᠯᠡᠭᠦᠯᠦᠨ᠂ ᠭᠠᠶᠢᠯᠢ ᠲᠤᠰᠢᠶᠠᠭᠴᠢ ᠯᠤᠭ᠎ᠠ ᠬᠠᠷᠢᠯᠴᠠᠨ ᠰᠣᠯᠢᠯᠴᠠᠬᠤ ᠶᠢ ᠪᠠᠲᠤᠯᠠᠨ᠎ᠠ᠃ ᠦᠢᠯᠡᠴᠢᠯᠡᠭᠡᠨ ᠤ ᠦᠨᠡᠯᠡᠯᠲᠡ ᠶᠢ ᠰᠠᠶᠢᠵᠢᠷᠠᠭᠤᠯᠵᠤ᠂ ︽ᠰᠠᠶᠢᠨ | ᠮᠠᠭᠤ ᠦᠨᠡᠯᠡᠯᠲᠡ︾ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠠᠶᠢᠯᠢ ᠰᠦᠢᠳᠬᠡᠯ ᠲᠤᠰᠢᠶᠠᠭᠴᠢ ᠶᠢᠨ ᠭᠠᠶᠢᠯᠢ ᠰᠦᠢᠳᠬᠡᠯ | ᠭᠦᠢᠴᠡᠳᠬᠡᠭᠰᠡᠨ ᠥᠩᠭᠡᠷᠡᠯᠲᠡ ᠶᠢ ᠴᠠᠭ ᠲᠤᠬᠠᠶ ᠳᠤ ᠨᠢ ᠲᠤᠰᠬᠠᠨ᠎ᠠ᠃ | ᠵᠢᠷᠭᠤᠭ᠎ᠠ ᠳᠤ ︽ᠦᠢᠯᠡᠴᠢᠯᠡᠭᠡ ᠨᠢ ᠰᠢᠯᠢᠳᠡᠭ︾᠂ ᠰᠠᠭᠤᠷᠢ ᠪᠡᠯᠡᠳᠬᠡᠮᠵᠢ ᠶᠢ ᠪᠥᠬᠦ ᠲᠠᠯ᠎ᠠ ᠪᠠᠷ ᠲᠠᠰ ᠳᠡᠪᠰᠢᠭᠦᠯᠵᠦ ᠭᠠᠶᠢᠯᠢ ᠲᠤᠰᠢᠶᠠᠬᠤ | ᠦᠢᠯᠡᠴᠢᠯᠡᠭᠡ ᠶᠢ ᠰᠢᠯᠢᠳᠡᠭᠵᠢᠭᠦᠯᠦᠨ᠎ᠡ | ᠠᠮᠤᠷ ᠲᠦᠪᠰᠢᠨ ᠤ ᠰᠡᠷᠭᠡᠶᠢᠯᠡᠯᠲᠡ ᠶᠢ ᠦᠷᠭᠦᠯᠵᠢᠯᠡᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ | ᠰᠠᠶᠢᠲᠤᠷ ᠬᠢᠵᠦ᠂ ᠭᠠᠶᠢᠯᠢ ᠰᠦᠢᠳᠬᠡᠯ ᠲᠤᠰᠢᠶᠠᠭᠴᠢ ᠪᠠ ᠭᠠᠶᠢᠯᠢ ᠶᠢᠨ ᠶᠠᠪᠤᠳᠠᠯ ᠤᠨ ᠠᠵᠢᠯᠲᠠᠨ ᠳᠤ ᠬᠠᠯᠳᠠᠪᠤᠷᠢᠯᠠᠬᠤ ᠥᠬᠡᠶ ᠪᠠᠶᠢᠬᠤ ᠶᠢ ᠦᠨᠡᠨ ᠬᠦ | ᠪᠠᠲᠤᠯᠠᠨ᠎ᠠ᠃ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠠᠮᠢ ᠠᠬᠤᠶ ᠶᠢᠨ ᠬᠦᠷᠢᠶ᠎ᠡ ᠶᠢ ᠪᠤᠶ ᠪᠣᠯᠭᠠᠵᠤ᠂ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ | ᠪᠣᠯᠤᠨ ᠲᠣᠮᠣ ᠳ᠋ᠠᠶᠢᠲ᠋ᠠ ᠵᠡᠷᠭᠡ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠲᠤᠯᠭᠠᠭᠤᠷᠢᠯᠠᠯ ᠳᠣᠣᠷ᠎ᠠ᠂ ᠭᠠᠶᠢᠯᠢ ᠭᠦᠢᠴᠡᠳᠬᠡᠵᠦ ᠰᠦᠢᠳᠬᠡᠯ | ᠲᠤᠰᠢᠶᠠᠬᠤ ᠳᠤ ᠳᠥᠭᠦᠮ ᠳᠥᠲᠡ ᠦᠢᠯᠡᠴᠢᠯᠡᠭᠡᠨ ᠤ ᠠᠮᠢ ᠠᠬᠤᠶ ᠶᠢᠨ ᠬᠦᠷᠢᠶ᠎ᠡ ᠶᠢ ᠳᠡᠰ ᠳᠡᠪᠰᠢᠭᠦᠯᠦᠨ ᠪᠠᠶᠢᠭᠤᠯᠵᠤ᠂ ᠣᠳᠣᠬᠠᠨ ᠳᠤ᠂ ᠪᠥᠬᠦ ᠣᠷᠣᠨ ᠤ | ᠪᠦᠷᠢᠨ ᠡᠭᠦᠷᠭᠡ ᠴᠢᠳᠠᠮᠵᠢᠲᠤ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ︵ᠡᠭᠦᠨ ᠳᠤ 2 ᠥᠪᠡᠰᠦᠪᠡᠨ ᠦᠢᠯᠡᠴᠢᠯᠡᠬᠦ ᠣᠶᠤᠨᠴᠢ ᠲᠢᠩᠬᠢᠮ ᠪᠣᠶ︶ | ᠨᠡᠶᠢᠲᠡ 145 ᠪᠠᠶᠢᠵᠤ᠂ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠭᠠᠵᠠᠷ ᠤᠨ ᠪᠠᠶᠢᠭᠤᠯᠤᠭᠰᠠᠨ ᠭᠠᠶᠢᠯᠢ | ᠭᠦᠢᠴᠡᠳᠬᠡᠬᠦ ᠦᠢᠯᠡᠴᠢᠯᠡᠭᠡᠨ ᠤ ᠲᠠᠰᠤᠭ 167 ᠪᠠᠶᠢᠵᠤ᠂ ᠤᠷᠲᠤᠳᠬᠠᠭᠰᠠᠨ ᠭᠠᠶᠢᠯᠢ ᠭᠦᠢᠴᠡᠳᠬᠡᠬᠦ ᠴᠡᠭ 136 ᠪᠠᠶᠢᠵᠤ᠂ ᠰᠢᠤᠳᠠᠨ ᠤ ᠣᠷᠣᠯᠠᠨ | ᠭᠦᠢᠴᠡᠳᠬᠡᠬᠦ ᠴᠡᠭ 725 ᠪᠣᠶ᠂ ᠬᠤᠲᠠ ᠶᠢᠨ ᠲᠣᠭᠤᠷᠢᠭ ᠲᠤ ᠭᠠᠶᠢᠯᠢ ᠲᠤᠰᠢᠶᠠᠭᠴᠢ ᠶᠢᠨ ᠶᠠᠮᠠᠷ ᠵᠦᠢᠯ ᠤᠨ ᠵᠠᠮ ᠬᠠᠷᠢᠯᠴᠠᠭᠠᠨ ᠤ ᠠᠷᠭ᠎ᠠ ᠮᠠᠶ᠋ᠢᠭ ᠢ | ᠬᠡᠷᠡᠭᠯᠡᠭᠰᠡᠨ ᠴᠦ 15 — 30 ᠮᠢᠨᠦ᠋ᠲ ᠤᠨ ᠳᠣᠲᠣᠷ᠎ᠠ ᠴᠥᠮ ᠭᠠᠶᠢᠯᠢ ᠰᠦᠢᠳᠬᠡᠯ ᠲᠤᠰᠢᠶᠠᠬᠤ ᠦᠢᠯᠡᠴᠢᠯᠡᠭᠡᠨ ᠤ ᠲᠠᠯᠠᠪᠤᠷ ᠭᠠᠵᠠᠷ ᠢ ᠨᠠᠭᠠᠳᠤ | ᠵᠠᠬ᠎ᠠ ᠳᠤ ᠪᠠᠨ ᠨᠢᠭᠡ ᠣᠯᠵᠤ ᠳᠡᠶᠢᠯᠬᠦ ᠶᠢ ᠪᠠᠲᠤᠯᠠᠬᠤ ᠪᠣᠯᠤᠨ᠎ᠠ᠃ ᠨᠡᠶᠢᠭᠡᠮ ᠲᠣᠭᠤᠷᠢᠭ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠬᠠᠮᠲᠤᠷᠠᠯᠴᠠᠭᠠᠨ ᠤ | ᠵᠠᠭᠪᠤᠷ ᠢ ᠬᠠᠮᠲᠤᠪᠠᠷ ᠪᠠᠶᠢᠭᠤᠯᠬᠤ ᠶᠢ ᠰᠦᠪᠡᠭᠴᠢᠯᠡᠵᠦ᠂ ᠲᠡᠭᠦᠨ ᠤ ᠴᠡᠭ ᠣᠯᠠᠨ ᠲᠠᠯ᠎ᠠ ᠥᠷᠭᠡᠨ ᠳᠠᠪᠠᠭᠤᠯᠢᠭ ᠢ ᠪᠠᠳᠠᠷᠠᠭᠤᠯᠤᠨ᠂ ᠭᠠᠶᠢᠯᠢ ᠰᠦᠢᠳᠬᠡᠯ ᠢ ︽ | ᠬᠡᠷ ᠲᠤ ᠪᠠᠨ ᠰᠦᠯᠵᠢᠶᠡᠨ ᠳᠡᠭᠡᠷ᠎ᠡ ᠭᠦᠢᠴᠡᠳᠬᠡᠬᠦ᠂ ᠭᠠᠳᠠᠭᠰᠢ ᠭᠠᠷᠪᠠᠯ ᠣᠶᠢᠷ᠎ᠠ ᠬᠠᠪᠢ ᠳᠤ ᠨᠢ ᠭᠦᠢᠴᠡᠳᠬᠡᠬᠦ᠂ ᠭᠠᠷ ᠤᠲᠠᠰᠤ ᠪᠠᠷ ᠭᠦᠢᠴᠡᠳᠬᠡᠬᠦ︾ ᠠᠮᠢ | ᠠᠬᠤᠶ ᠶᠢᠨ ᠬᠦᠷᠢᠶᠡᠨ ᠤ ᠦᠢᠯᠡᠴᠢᠯᠡᠭᠡᠨ ᠤ ᠵᠠᠭᠪᠤᠷ ᠢ ᠪᠡᠶᠡᠯᠡᠭᠦᠯᠦᠨ᠎ᠡ᠃ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠦᠷᠢᠮ ᠢ ᠰᠢᠯᠢᠳᠡᠭᠵᠢᠭᠦᠯᠵᠦ᠂ ᠭᠠᠶᠢᠯᠢ | ᠭᠦᠢᠴᠡᠳᠬᠡᠬᠦ ᠦᠢᠯᠡᠴᠢᠯᠡᠭᠡᠨ ᠤ ᠲᠠᠯᠠᠪᠤᠷ ᠭᠠᠵᠠᠷ ᠤᠨ ᠠᠵᠢᠯᠯᠠᠭᠠᠨ ᠤ ᠲᠣᠭᠲᠠᠴᠠ ᠶᠢ ᠵᠢᠷᠤᠮᠵᠢᠭᠤᠯᠤᠨ᠂ ᠭᠠᠶᠢᠯᠢ ᠶᠢ ᠬᠥᠲᠥᠯᠦᠨ ᠵᠢᠯᠣᠭᠤᠳᠬᠤ | ᠯᠠᠪᠯᠠᠯᠭ᠎ᠠ ᠶᠢᠨ ᠲᠣᠭᠲᠠᠴᠠ ᠶᠢ ᠰᠢᠯᠢᠳᠡᠭᠵᠢᠭᠦᠯᠵᠦ᠂ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠦᠯ ᠤᠨ ᠠᠵᠢᠯᠯᠠᠭᠠᠨ ᠤ ᠬᠢᠷᠢ ᠲᠥᠪᠰᠢᠨ ᠶᠢ ᠳᠡᠭᠡᠭᠰᠢᠯᠡᠭᠦᠯᠦᠨ᠎ᠡ᠃ ᠣᠯᠠᠨ ᠲᠠᠯ᠎ᠠ ᠳᠤ ᠭᠦᠶᠦᠬᠦ ᠶᠢ ᠦᠨᠡᠨ ᠬᠦ ᠰᠢᠢᠳᠪᠦᠷᠢᠯᠡᠵᠦ᠂ ︽ᠬᠠᠮᠤᠭ ᠤᠨ | ᠣᠯᠠᠨ ᠳᠤ ᠪᠠᠨ ᠨᠢᠭᠡ ᠤᠳᠠᠭ᠎ᠠ ᠭᠦᠶᠦᠬᠦ︾ ᠭᠦᠢᠴᠡᠳᠬᠡᠯ ᠤᠨ ᠵᠢᠯᠣᠭᠤᠳᠤᠮᠵᠢ ᠶᠢ ᠨᠠᠶᠢᠷᠠᠭᠤᠯᠤᠨ ᠵᠣᠬᠢᠶᠠᠵᠤ᠂ ᠰᠢᠢᠳᠪᠦᠷᠢᠯᠡᠵᠦ ᠳᠠᠭᠤᠰᠬᠠᠬᠤ ᠴᠠᠭ ᠤᠨ | ᠬᠢᠵᠠᠭᠠᠷ᠂ ᠮᠠᠲ᠋ᠧᠷᠢᠶᠠᠯ ᠬᠠᠩᠭᠠᠬᠤ᠂ ᠭᠦᠢᠴᠡᠳᠬᠡᠬᠦ ᠭᠠᠵᠠᠷ ᠵᠡᠷᠭᠡ ᠡᠯᠧᠮᠧᠨ᠋ᠲᠴᠢᠯᠡᠭᠰᠡᠨ ᠰᠠᠨᠠᠭᠤᠯᠭ᠎ᠠ ᠶᠢ ᠪᠡᠶᠡᠯᠡᠭᠦᠯᠦᠨ᠂ ︽ᠬᠠᠮᠤᠭ ᠤᠨ ᠣᠯᠠᠨ ᠳᠤ ᠪᠠᠨ ᠨᠢᠭᠡ | ᠤᠳᠠᠭ᠎ᠠ ᠭᠦᠶᠦᠬᠦ︾ ᠶᠢ ᠪᠦᠲᠦᠮᠵᠢᠲᠡᠶ ᠤᠬᠠᠭᠤᠯᠵᠤ ᠬᠠᠪᠰᠤᠷᠤᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠤᠨ᠎ᠠ᠃ | ᠳᠣᠯᠤᠭ᠎ᠠ ᠳᠤ ︽ᠤᠷᠮᠠᠰᠢᠭᠤᠯᠤᠯ ᠨᠢ ᠣᠯᠠᠨ︾᠂ ᠦᠨᠡᠨᠴᠢ ᠢᠲᠡᠭᠡᠮᠵᠢᠲᠡᠶ ᠪᠠᠷ ᠭᠠᠶᠢᠯᠢ ᠲᠤᠰᠢᠶᠠᠬᠤ ᠶᠢ ᠢᠳᠡᠪᠬᠢᠲᠡᠶ ᠪᠠᠷ ᠵᠣᠷᠢᠭᠵᠢᠭᠤᠯᠵᠤ ᠱᠠᠩᠨᠠᠨ | ᠬᠥᠬᠢᠭᠦᠯᠬᠦ ᠲᠣᠭᠲᠠᠴᠠ ᠶᠢ ᠬᠠᠶᠢᠨ ᠰᠦᠪᠡᠭᠴᠢᠯᠡᠨ᠎ᠡ | ᠢᠲᠡᠭᠡᠮᠵᠢ ᠶᠢᠨ ᠦᠨᠡᠯᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠭᠠᠶᠢᠯᠢ ᠲᠤᠰᠢᠶᠠᠬᠤ ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠤᠯᠠᠮ ᠨᠢᠭᠡ | ᠠᠯᠬᠤᠮ ᠵᠢᠷᠤᠮᠵᠢᠭᠤᠯᠤᠨ᠂ ᠦᠨᠡᠨᠴᠢ ᠢᠲᠡᠭᠡᠮᠵᠢ ᠶᠢᠨ ᠤᠷᠮᠠᠰᠢᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠦᠨᠡᠯᠡᠯᠲᠡ ᠶᠢᠨ ᠦᠷ᠎ᠡ ᠳ᠋ᠦᠩ ᠢ | ᠢᠳᠡᠪᠬᠢᠲᠡᠶ ᠬᠡᠷᠡᠭᠯᠡᠵᠦ᠂ ᠠᠵᠤ ᠠᠬᠤᠶᠢᠯᠠᠯ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠡᠯ᠎ᠡ ᠵᠦᠢᠯ ᠤᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ | ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠭᠥᠷᠳᠡᠬᠦ ᠶᠢ ᠦᠨᠡᠨ ᠬᠦ ᠪᠠᠲᠤᠯᠠᠵᠤ᠂ ᠭᠠᠶᠢᠯᠢ ᠲᠤᠰᠢᠶᠠᠭᠴᠢ ᠶᠢᠨ | ᠭᠠᠶᠢᠯᠢ ᠶᠢᠨ ᠬᠠᠤᠯᠢ ᠶᠢ ᠵᠢᠷᠤᠮᠯᠠᠬᠤ ᠬᠡᠮᠵᠢᠶ᠎ᠡ ᠪᠠ ᠲᠠᠭᠠᠰᠢᠶᠠᠯ ᠤᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠬᠠᠮᠲᠤ᠂ ᠭᠠᠶᠢᠯᠢ ᠲᠤᠰᠢᠶᠠᠭᠴᠢ ᠶᠢ ᠢᠳᠡᠪᠬᠢᠲᠡᠶ ᠪᠠᠷ | ᠬᠥᠲᠥᠯᠦᠨ ᠵᠢᠯᠣᠭᠤᠳᠴᠤ ᠪᠠᠶᠢᠭᠠᠳ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ᠂ ᠰᠠᠨᠠᠭᠠᠴᠢᠯᠠᠭ᠎ᠠ ᠠᠴᠠ ᠪᠠᠨ ᠵᠠᠯᠠᠷᠠᠭᠤᠯᠵᠤ᠂ | ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ ᠭᠦᠨᠵᠡᠭᠡᠶᠢᠷᠡᠭᠦᠯᠦᠨ᠂ ᠭᠠᠶᠢᠯᠢ ᠲᠠᠲᠠᠪᠤᠷᠢ ᠶᠢᠨ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠬᠦᠨᠳᠦ | ᠶᠡᠭᠡ ᠬᠡᠷᠡᠭ ᠤᠨ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠭᠠᠶᠢᠯᠢ ᠲᠠᠲᠠᠪᠤᠷᠢ ᠶᠢᠨ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠬᠦᠨᠳᠦ ᠶᠡᠭᠡ | ᠬᠡᠷᠡᠭ ᠤᠨ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ︽ᠪᠢ ᠭᠠᠶᠢᠯᠢ ᠰᠦᠢᠳᠬᠡᠯ ᠲᠤᠰᠢᠶᠠᠭᠴᠢ ᠳᠤ ᠪᠣᠳᠠᠲᠠᠶ ᠠᠵᠢᠯ ᠬᠢᠬᠦ︾ ᠰᠣᠨᠢᠨ ᠮᠡᠳᠡᠭᠡ ᠨᠡᠶᠢᠲᠡᠯᠡᠬᠦ ᠬᠤᠷᠠᠯ ᠰᠤᠷᠪᠤᠯᠵᠢᠯᠠᠭᠴᠢ ᠶᠢᠨ ᠠᠰᠠᠭᠤᠯᠲᠠ ᠶᠢ | ᠬᠠᠷᠢᠭᠤᠯᠪᠠ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠰᠤᠷᠪᠤᠯᠵᠢᠯᠠᠭᠴᠢ᠄ ᠨᠢᠳᠤᠨᠤᠨ ᠤ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠠᠴᠠ ︽ᠥᠯᠥ ᠣᠶᠢᠷᠠᠲᠤᠯᠴᠠᠬᠤ ᠬᠡᠯᠪᠡᠷᠢ︾ ᠶᠢᠨ ᠭᠠᠶᠢᠯᠢ ᠰᠦᠢᠳᠬᠡᠯ ᠲᠤᠰᠢᠶᠠᠬᠤ ᠦᠢᠯᠡᠴᠢᠯᠡᠭᠡ ᠭᠠᠷᠭᠠᠭᠰᠠᠨ ᠳᠤ ᠥᠷᠭᠡᠨ | ᠣᠯᠠᠨ ᠭᠠᠶᠢᠯᠢ ᠲᠤᠰᠢᠶᠠᠭᠴᠢ ᠶᠢᠨ ᠬᠦᠷᠢᠶᠡᠯᠡᠯ ᠢ ᠣᠯᠤᠭᠰᠠᠨ ᠪᠠᠶᠢᠨ᠎ᠠ᠂ ᠪᠣᠳᠠᠲᠠᠶ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠠᠵᠢᠯ ᠢ ᠪᠠᠶᠢᠩᠭᠤᠵᠢᠭᠤᠯᠤᠭᠰᠠᠨ ᠤ ᠳᠠᠷᠠᠭ᠎ᠠ᠂ ᠲᠠᠷᠠᠭᠠᠴᠢ ᠶᠢᠨ ᠠᠯᠬᠤᠮ ᠳᠤ ︽ᠥᠯᠥ ᠣᠶᠢᠷᠠᠲᠤᠯᠴᠠᠬᠤ ᠬᠡᠯᠪᠡᠷᠢ︾ ᠶᠢᠨ ᠭᠠᠶᠢᠯᠢ | ᠲᠤᠰᠢᠶᠠᠬᠤ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠬᠡᠬᠦ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ | ᠮᠥᠴᠢᠷ ᠪᠠᠰᠠ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠬᠤ ᠪᠣᠶ︖ | ᠯᠢ ᠯᠢᠶᠠᠨ ᠾᠧᠦ᠄ 2020 ᠣᠨ ᠤ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ︽ᠥᠯᠥ | ᠣᠶᠢᠷᠠᠲᠤᠯᠴᠠᠬᠤ ᠬᠡᠯᠪᠡᠷᠢ︾ ᠶᠢᠨ ᠭᠠᠶᠢᠯᠢ ᠰᠦᠢᠳᠬᠡᠯ ᠲᠤᠰᠢᠶᠠᠬᠤ ᠦᠢᠯᠡᠴᠢᠯᠡᠭᠡ ᠭᠠᠷᠭᠠᠵᠤ᠂ ᠥᠷᠭᠡᠨ ᠣᠯᠠᠨ ᠭᠠᠶᠢᠯᠢ ᠰᠦᠢᠳᠬᠡᠯ ᠲᠤᠰᠢᠶᠠᠭᠴᠢ ᠶᠢᠨ | ᠬᠦᠷᠢᠶᠡᠯᠡᠯ ᠢ ᠣᠯᠤᠭᠰᠠᠨ ᠪᠠᠶᠢᠨ᠎ᠠ᠃ ᠭᠠᠶᠢᠯᠢ ᠲᠤᠰᠢᠶᠠᠬᠤ ᠦᠢᠯᠡᠴᠢᠯᠡᠭᠡᠨ ᠤ ᠲᠠᠯᠠᠪᠤᠷ ᠤᠨ ᠬᠥᠮᠦᠰ ᠤᠨ ᠴᠤᠭᠯᠠᠷᠠᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠬᠤ ᠶᠢᠨ ᠲᠥᠯᠥᠭᠡ᠂ ᠠᠷᠭ᠎ᠠ ᠪᠦᠬᠦᠨ ᠢ ᠰᠦᠪᠡᠭᠴᠢᠯᠡᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠵᠤ᠂ ᠥᠪᠡᠷᠲᠡᠭᠡᠨ | ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ︽ᠴᠢᠳᠠᠬᠤ ᠶᠢᠨ ᠳᠣᠲᠣᠷ᠎ᠠ ᠰᠦᠯᠵᠢᠶᠡᠨ ᠳᠡᠭᠡᠷ᠎ᠡ ᠭᠦᠢᠴᠡᠳᠬᠡᠬᠦ︾ ᠵᠠᠷᠴᠢᠮ ᠶᠣᠰᠣᠭᠠᠷ᠂ | ᠲᠣᠰ ᠪᠡᠶ᠎ᠡ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠨᠡᠶᠢᠲᠡᠯᠡᠭᠰᠡᠨ 185 ᠵᠦᠢᠯ ᠤᠨ | ︽ᠥᠯᠥ ᠣᠶᠢᠷᠠᠲᠤᠯᠴᠠᠬᠤ ᠬᠡᠯᠪᠡᠷᠢ︾ ᠶᠢᠨ ᠭᠠᠶᠢᠯᠢ ᠭᠦᠢᠴᠡᠳᠬᠡᠬᠦ ᠨᠠᠷᠢᠨ ᠬᠠᠭᠤᠳᠠᠰᠤ ᠶᠢᠨ ᠰᠠᠭᠤᠷᠢᠨ ᠳᠡᠭᠡᠷ᠎ᠡ᠂ ᠭᠠᠶᠢᠯᠢ ᠭᠦᠢᠴᠡᠳᠬᠡᠬᠦ ᠰᠦᠢᠳᠬᠡᠯ | ᠲᠤᠰᠢᠶᠠᠬᠤ ᠵᠦᠢᠯᠡᠰ ᠢ 218 ᠬᠦᠷᠲᠡᠯ᠎ᠡ ᠨᠡᠮᠡᠵᠦ᠂ ᠡᠭᠦᠨ ᠳᠤ ᠪᠥᠬᠦ ᠶᠠᠪᠤᠴᠠ ᠳᠤ ᠰᠦᠯᠵᠢᠶᠡᠨ ᠳᠡᠭᠡᠷ᠎ᠡ ᠭᠦᠢᠴᠡᠳᠬᠡᠬᠦ ᠨᠢ 198 ᠵᠦᠢᠯ ᠪᠠᠶᠢᠵᠤ᠂ | ᠰᠦᠯᠵᠢᠶᠡᠨ ᠳᠡᠭᠡᠷ᠎ᠡ ᠭᠥᠯᠢᠶᠡᠨ ᠠᠪᠴᠤ ᠰᠦᠯᠵᠢᠶᠡᠨ ᠭᠠᠳᠠᠨ᠎ᠠ ᠭᠦᠢᠴᠡᠳᠬᠡᠬᠦ ᠨᠢ 20 ᠵᠦᠢᠯ ᠢ ᠪᠠᠶᠢᠨ᠎ᠠ᠃ 2020 ᠣᠨ ᠳᠤ᠂ ᠡᠯᠧᠺᠲᠷᠣᠨ ᠭᠠᠶᠢᠯᠢ ᠶᠢᠨ | ᠶᠠᠪᠤᠳᠠᠯ ᠤᠨ ᠲᠣᠪᠴᠢᠶ᠎ᠠ 78 ᠵᠦᠢᠯ ᠤᠨ ᠲᠤᠬᠠᠶᠢᠯᠠᠭᠰᠠᠨ ᠠᠵᠢᠯ ᠢ ᠲᠠᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ ︽ᠬᠤᠲᠠ ᠪᠠᠯᠭᠠᠰᠤᠨ ᠤ ᠭᠠᠵᠠᠷ | ᠰᠢᠷᠣᠶ ᠶᠢᠨ ᠬᠡᠷᠡᠭᠯᠡᠭᠡᠨ ᠤ ᠭᠠᠶᠢᠯᠢ ᠬᠡᠷ ᠬᠥᠷᠥᠩᠭᠡ ᠶᠢᠨ ᠭᠠᠶᠢᠯᠢ ᠶᠢ ᠭᠤᠶᠤᠴᠢᠯᠠᠨ ᠮᠡᠳᠡᠭᠦᠯᠬᠦ︾ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ | 2020 ᠣᠨ ᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠬᠤᠶᠢᠰᠢᠯᠠᠭᠤᠯᠤᠨ ᠲᠤᠰᠢᠶᠠᠬᠤ︾ ᠵᠡᠷᠭᠡ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ | ᠨᠡᠭᠡᠭᠡᠨ ᠬᠥᠭᠵᠢᠭᠦᠯᠪᠡ᠃ ︽ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠶᠢ | ᠤᠬᠠᠭᠤᠯᠤᠨ ᠰᠠᠨᠠᠭᠤᠯᠬᠤ ᠴᠢᠳᠠᠮᠵᠢ︾ ᠵᠡᠷᠭᠡ 2631 ᠵᠤᠷᠪᠤᠰ ᠤᠬᠠᠭᠤᠯᠤᠨ ᠰᠠᠨᠠᠭᠤᠯᠬᠤ ᠮᠡᠳᠡᠭᠡ ᠵᠠᠩᠭᠢ ᠶᠢ ᠰᠢᠨ᠎ᠡ ᠪᠠᠷ ᠨᠡᠮᠡᠨ ᠰᠢᠯᠢᠳᠡᠭᠵᠢᠭᠦᠯᠵᠦ᠂ | ᠭᠠᠶᠢᠯᠢ ᠰᠦᠢᠳᠬᠡᠯ ᠲᠤᠰᠢᠶᠠᠭᠴᠢ ᠶᠢᠨ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢ ᠠᠵᠢᠯᠯᠠᠭᠤᠯᠬᠤ ᠳᠤ ᠳᠥᠭᠦᠮ ᠲᠣᠳᠣᠷᠬᠠᠶ ᠰᠠᠨᠠᠭᠤᠯᠬᠤ | ᠮᠡᠳᠡᠭᠡ ᠵᠠᠩᠭᠢ ᠶᠢ ᠬᠠᠩᠭᠠᠪᠠ᠃ ᠭᠠᠶᠢᠯᠢ ᠰᠦᠢᠳᠬᠡᠯ ᠲᠤᠰᠢᠶᠠᠭᠴᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠪᠠᠶᠢᠭᠠᠯᠢ ᠬᠥᠮᠦᠨ ᠤ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠷᠲᠡᠭ ᠨᠡᠮᠡᠭᠳᠡᠯ ᠤᠨ ᠭᠠᠶᠢᠯᠢ ᠶᠢᠨ ᠪᠠᠷᠢᠮᠲᠠ ᠶᠢᠨ | ᠭᠠᠶᠢᠯᠢ ᠶᠢᠨ ᠡᠵᠡᠮᠳᠡᠯ ᠤᠨ ᠪᠠᠷᠢᠮᠲᠠ ᠬᠢᠵᠦ ᠥᠭᠬᠦ ᠰᠣᠹᠲ ᠢᠶᠠᠷ ᠳᠠᠮᠵᠢᠭᠤᠯᠤᠨ ᠭᠠᠶᠢᠯᠢ ᠳᠤ ᠬᠤᠯᠪᠣᠭᠳᠠᠬᠤ ᠵᠦᠢᠯᠡᠰ ᠢ ᠰᠦᠯᠵᠢᠶᠡᠨ ᠳᠡᠭᠡᠷ᠎ᠡ | ᠭᠦᠢᠴᠡᠳᠬᠡᠬᠦ ᠶᠢ ᠪᠡᠶᠡᠯᠡᠭᠦᠯᠵᠦ᠂ ᠵᠣᠩᠬᠢᠯᠠᠬᠤ ᠣᠯᠠᠨ ᠲᠣᠭᠠᠨ ᠤ ᠲᠤᠬᠠᠶᠢᠯᠠᠭᠰᠠᠨ ᠠᠵᠢᠯ ᠢ ︽ᠰᠦᠯᠵᠢᠶᠡᠨ ᠳᠡᠭᠡᠷ᠎ᠡ ᠭᠦᠢᠴᠡᠳᠬᠡᠬᠦ︾᠂ ︽ᠭᠠᠷ | ᠤᠲᠠᠰᠤ ᠪᠠᠷ ᠭᠦᠢᠴᠡᠳᠬᠡᠬᠦ︾ ᠶᠢ ᠪᠡᠶᠡᠯᠡᠭᠦᠯᠪᠡ᠃ | 2021 ᠣᠨ ᠳᠤ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠭᠠᠶᠢᠯᠢ ᠰᠦᠢᠳᠬᠡᠯ ᠲᠤᠰᠢᠶᠠᠭᠴᠢ ᠶᠢᠨ ᠬᠡᠷᠡᠭᠴᠡᠭᠡ | ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ︽ᠥᠯᠥ | ᠣᠶᠢᠷᠠᠲᠤᠯᠴᠠᠬᠤ ᠬᠡᠯᠪᠡᠷᠢ︾ ᠶᠢᠨ ᠭᠠᠶᠢᠯᠢ ᠭᠦᠢᠴᠡᠳᠬᠡᠬᠦ ᠵᠦᠢᠯᠡᠰ ᠢ 222 ᠪᠣᠯᠭᠠᠨ ᠨᠡᠮᠡᠭᠳᠡᠭᠦᠯᠵᠦ᠂ ᠡᠭᠦᠨ ᠳᠤ ᠪᠥᠬᠦ ᠶᠠᠪᠤᠴᠠ ᠳᠤ ᠰᠦᠯᠵᠢᠶᠡᠨ ᠳᠡᠭᠡᠷ᠎ᠡ | ᠭᠦᠢᠴᠡᠳᠬᠡᠬᠦ ᠨᠢ 202 ᠵᠦᠢᠯ᠂ ᠰᠦᠯᠵᠢᠶᠡᠨ ᠳᠡᠭᠡᠷ᠎ᠡ ᠭᠥᠯᠢᠶᠡᠨ ᠠᠪᠴᠤ ᠰᠦᠯᠵᠢᠶᠡᠨ ᠭᠠᠳᠠᠨ᠎ᠠ ᠭᠦᠢᠴᠡᠳᠬᠡᠬᠦ ᠨᠢ 20 ᠵᠦᠢᠯ ᠪᠠᠶᠢᠨ᠎ᠠ᠃ | ᠭᠤᠤᠯᠳᠠᠯᠭ᠎ᠠ ᠲᠠᠢ ᠲᠣᠳᠣᠷᠬᠠᠶᠢᠯᠠᠬᠤ ᠴᠢᠬᠤᠯᠠᠲᠠᠶ ᠵᠦᠢᠯ ᠭᠡᠪᠡᠯ᠂ ᠣᠶᠢᠷ᠎ᠠ ᠶᠢᠨ ᠬᠤᠭᠤᠴᠠᠭᠠᠨ ᠳᠤ ᠪᠢᠳᠡ ︽ᠠᠯᠲᠠᠨ ᠭᠠᠶᠢᠯᠢ ᠶᠢᠨ ᠭᠤᠷᠪᠠᠳᠤᠭᠠᠷ | ᠬᠤᠭᠤᠴᠠᠭᠠᠨ ᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠬᠠᠮᠢᠶᠠᠷᠬᠤ ᠮᠡᠳᠡᠭᠡ ᠵᠠᠩᠭᠢ ᠶᠢᠨ ᠰᠢᠰᠲ᠋ᠧᠮ︾ ᠢ ᠰᠦᠯᠵᠢᠶᠡᠨ ᠳᠤ ᠭᠠᠷᠭᠠᠵᠤ | ᠨᠢᠭᠡᠴᠢ ᠪᠠ ᠪᠠᠶᠢᠭᠠᠯᠢ ᠬᠥᠮᠦᠨ ᠳᠤ ᠣᠯᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠠᠷᠭ᠎ᠠ ᠵᠠᠮ ᠢ ᠬᠠᠩᠭᠠᠵᠤ᠂ ︽ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ᠂ ᠬᠤᠲᠠ ᠬᠥᠳᠡᠭᠡ︾ ᠶᠢᠨ ᠬᠠᠮ ᠦᠢᠯᠡᠴᠢᠯᠡᠭᠡᠨ ᠤ ᠲᠣᠤᠷ ᠰᠦᠯᠵᠢᠶ᠎ᠡ ᠶᠢ ᠴᠣᠭᠴᠠᠯᠠᠬᠤ ᠪᠣᠯᠤᠨ᠎ᠠ᠃ | ᠠᠷᠠᠳ ᠤᠨ ᠰᠦᠯᠵᠢᠶᠡᠨ ᠤ ᠰᠤᠷᠪᠤᠯᠵᠢᠯᠠᠭᠴᠢ᠄ ︽ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ︾ ᠪᠣᠯ ᠡᠨᠡ ᠵᠢᠯ ᠤᠨ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠤᠨ ᠬᠠᠯᠠᠮᠰᠢᠯ ᠦᠭᠡ ᠮᠥᠨ᠂ ᠪᠢᠳᠡ ᠡᠨᠡ ᠵᠢᠯ ᠤᠨ ᠲᠥᠷᠥ ᠶᠢᠨ ᠪᠣᠳᠣᠯᠭ᠎ᠠ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠪᠠ | ᠲᠥᠷᠥ ᠶᠢᠨ ᠪᠣᠳᠣᠯᠭ᠎ᠠ ᠶᠢᠨ ᠦᠢᠯᠡᠳᠦᠯ ᠤᠨ ᠬᠦᠷᠢᠶᠡᠨ ᠳᠤ ᠨᠠᠩ ᠢᠯᠡᠭᠦᠤ ᠠᠩᠬᠠᠷᠤᠯ ᠢᠶᠠᠨ ᠲᠥᠪᠯᠡᠷᠡᠭᠦᠯᠬᠦ ᠶᠢ ᠠᠩᠬᠠᠷᠴᠤ᠂ ᠭᠤᠤᠯᠳᠠᠭᠤ ᠪᠠᠭ᠎ᠠ | ᠬᠡᠪᠴᠢᠶᠡᠨ ᠤ ᠭᠠᠶᠢᠯᠢ ᠲᠤᠰᠢᠶᠠᠭᠴᠢ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠵᠠᠬ᠎ᠠ | ᠳᠡᠯᠭᠡᠭᠦᠷ ᠤᠨ ᠭᠤᠤᠯ ᠴᠣᠭᠴᠠ ᠳᠤ ᠠᠩᠬᠠᠷᠤᠯ ᠢᠶᠠᠨ ᠬᠠᠨᠳᠤᠭᠤᠯᠵᠤ ᠪᠠᠶᠢᠨ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠬᠡᠷᠬᠢᠨ ᠨᠠᠩ ᠣᠨᠣᠪᠴᠢᠲᠠᠶ ᠪᠠᠲᠤᠯᠠᠬᠤ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠤᠭᠠᠳ ᠦᠭᠭᠦᠨ᠎ᠡ ᠦᠦ︖ | ᠵᠣᠣ ᠳ᠋ᠦᠩ ᠯᠢ᠄ 2019 ᠣᠨ ᠠᠴᠠ ᠨᠠᠭᠠᠰᠢ᠂ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠵᠢᠵᠢᠭ ᠪᠢᠴᠢᠯ ᠠᠵᠤ ᠠᠬᠤᠶᠢᠯᠠᠯ ᠢ ᠲᠡᠳᠬᠦᠨ | ᠳᠡᠮᠵᠢᠬᠦ ᠲᠠᠯ᠎ᠠ ᠪᠠᠷ ᠠᠯᠢ ᠣᠯᠠᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠭᠠᠶᠢᠯᠢ ᠬᠥᠩᠭᠡᠯᠡᠬᠦ ᠠᠷᠭ᠎ᠠ ᠬᠡᠮᠵᠢᠶ᠎ᠡ ᠨᠡᠶᠢᠲᠡᠯᠡᠵᠦ᠂ ᠠᠵᠤ ᠠᠬᠤᠶᠢᠯᠠᠯ ᠤᠨ | ᠳᠠᠷᠤᠭᠠᠰᠤ ᠶᠢ ᠬᠥᠩᠭᠡᠷᠡᠭᠦᠯᠬᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠪᠠ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠳᠡᠮᠵᠢᠬᠦ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃ ᠪᠦᠷᠢᠳᠬᠡᠯ ᠠᠴᠠ | ᠦᠵᠡᠪᠡᠯ᠂ 2020 ᠣᠨ ᠳᠤ᠂ ᠥᠪᠡᠷᠲᠡᠭᠡᠨ ᠵᠠᠰᠠᠬᠤ ᠣᠷᠣᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠤᠭᠰᠠᠨ ᠵᠠᠷᠤᠳᠠᠯ ᠨᠡᠶᠢᠲᠡ 319.4 | ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠪᠡ᠃ | ᠡᠨᠡ ᠵᠢᠯ ᠤᠨ ︽ᠬᠤᠶᠠᠷ ᠬᠤᠷᠠᠯ︾ ᠳᠡᠭᠡᠷ᠎ᠡ᠂ ᠶᠡᠷᠦᠩᠬᠡᠶ ᠰᠠᠶᠢᠳ ᠯᠢ ᠺᠧ ᠴᠢᠶᠠᠩ 2020 ᠣᠨ ᠤ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠤ ᠪᠠᠨ ᠲᠦᠷᠢᠮ ᠤᠨ ᠴᠢᠨᠠᠷᠲᠠᠶ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠪᠦᠲᠦᠴᠡ ᠶᠢᠨ ᠴᠢᠨᠠᠷᠲᠠᠶ | ᠭᠠᠶᠢᠯᠢ ᠬᠥᠩᠭᠡᠯᠡᠬᠦ ᠰᠢᠨ᠎ᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ ᠭᠡᠵᠦ ᠳᠤᠷᠠᠳᠤᠨ ᠭᠠᠷᠭᠠᠭᠰᠠᠨ ᠨᠢ ᠥᠷᠭᠡᠨ ᠣᠯᠠᠨ ᠵᠢᠵᠢᠭ ᠪᠢᠴᠢᠯ ᠠᠵᠤ | ᠠᠬᠤᠶᠢᠯᠠᠯ ᠳᠤ ᠤᠯᠠᠮ ᠨᠢᠭᠡ ᠠᠯᠬᠤᠮ ᠠᠰᠢᠭ ᠬᠦᠷᠲᠡᠭᠡᠬᠦ ᠪᠣᠯᠤᠨ᠎ᠠ᠃ ᠭᠤᠣᠯ ᠲᠥᠷᠥ ᠶᠢᠨ ᠪᠣᠳᠣᠯᠭ᠎ᠠ— ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠳᠤ | ᠠᠪᠴᠤ ᠬᠡᠯᠡᠪᠡᠯ᠂ ᠥᠷᠲᠡᠭ ᠨᠡᠮᠡᠭᠳᠡᠯ ᠤᠨ ᠭᠠᠶᠢᠯᠢ ᠶᠢᠨ ᠡᠬᠢᠯᠡᠵᠦ ᠲᠠᠲᠠᠪᠤᠷᠢᠯᠠᠬᠤ ᠴᠡᠭ ᠢ ᠳᠡᠭᠡᠭᠰᠢᠯᠡᠭᠦᠯᠵᠦ᠂ ᠰᠠᠷ᠎ᠠ ᠶᠢᠨ ᠪᠣᠷᠣᠯᠠᠭᠤᠯᠭ᠎ᠠ ᠶᠢᠨ ᠵᠣᠭᠤᠰ ᠤᠨ | ᠲᠤᠭ᠎ᠠ ᠶᠢ 10 ᠲᠦᠮᠡᠨ ᠲᠥᠭᠦᠷᠢᠭ ᠪᠠᠶᠢᠭᠰᠠᠨ ᠠᠴᠠ 15 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠪᠡ᠃ ᠬᠤᠶᠠᠷ ᠲᠤ ᠵᠢᠵᠢᠭ ᠬᠡᠯᠪᠡᠷᠢ ᠶᠢᠨ ᠥᠴᠦᠬᠡᠨ | ᠠᠰᠢᠭ ᠣᠯᠵᠠᠪᠤᠷᠢ ᠲᠠᠢ ᠠᠵᠤ ᠠᠬᠤᠶᠢᠯᠠᠯ ᠤᠨ ᠵᠢᠯ ᠤᠨ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ᠲᠤ | ᠬᠥᠷᠬᠦ ᠥᠬᠡᠶ ᠬᠡᠰᠡᠭ ᠠᠴᠠ ᠣᠲᠣ ᠶᠢᠨ ᠬᠡᠷᠡᠭᠵᠢᠭᠦᠯᠵᠦ ᠪᠠᠶᠢᠭ᠎ᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠠᠵᠤ ᠠᠬᠤᠶᠢᠯᠠᠯ ᠤᠨ | ᠠᠰᠢᠭ ᠣᠷᠣᠯᠭ᠎ᠠ ᠶᠢᠨ ᠭᠠᠶᠢᠯᠢ ᠶᠢ ᠳᠠᠬᠢᠨ ᠬᠠᠭᠠᠰ ᠢᠶᠠᠷ ᠬᠠᠰᠤᠵᠤ ᠲᠠᠲᠠᠪᠤᠷᠢᠯᠠᠨ᠎ᠠ᠃ ᠭᠤᠷᠪᠠ ᠳᠤ ᠦᠢᠯᠡᠳᠬᠦ ᠦᠢᠯᠡᠰ ᠤᠨ ᠲᠠᠯ᠎ᠠ ᠪᠠᠷ᠂ ᠨᠢᠭᠡ ᠨᠢ | ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ 75% ᠪᠠᠶᠢᠭᠰᠠᠨ ᠠᠴᠠ 100% ᠪᠣᠯᠭᠠᠨ᠎ᠡ︔ ᠨᠥᠭᠦᠭᠡ ᠨᠢᠭᠡ | ᠵᠦᠢᠯ ᠨᠢ ᠲᠡᠷᠢᠭᠦᠨ ᠤ ᠦᠢᠯᠡᠳᠬᠦ ᠦᠢᠯᠡᠰ ᠤᠨ ᠠᠵᠤ ᠠᠬᠤᠶᠢᠯᠠᠯ ᠳᠤ ᠥᠷᠲᠡᠭ ᠨᠡᠮᠡᠭᠳᠡᠯ ᠤᠨ ᠭᠠᠶᠢᠯᠢ ᠶᠢᠨ ᠨᠡᠮᠡᠭᠳᠡᠯ ᠤᠨ ᠬᠡᠮᠵᠢᠶᠡᠨ ᠤ ᠦᠯᠡᠳᠡᠭᠡᠨ | ᠰᠠᠭᠤᠯᠭᠠᠭᠰᠠᠨ ᠭᠠᠶᠢᠯᠢ ᠶᠢᠨ ᠲᠤᠭ᠎ᠠ ᠶᠢ ᠰᠠᠷ᠎ᠠ ᠪᠦᠷᠢ ᠪᠥᠬᠦ ᠲᠤᠭ᠎ᠠ ᠪᠠᠷ ᠪᠤᠴᠠᠭᠠᠨ᠎ᠠ᠃ | ᠲᠠᠷᠠᠭᠠᠴᠢ ᠶᠢᠨ ᠠᠯᠬᠤᠮ ᠳᠤ ᠪᠥᠬᠦ ᠣᠷᠣᠨ ᠤ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠡᠯ᠎ᠡ ᠵᠦᠢᠯ ᠤᠨ ᠭᠠᠶᠢᠯᠢ ᠰᠦᠢᠳᠬᠡᠯ ᠤᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠶᠢ ᠰᠤᠳᠤᠯᠤᠨ ᠨᠠᠷᠢᠯᠢᠬᠵᠢᠭᠤᠯᠵᠤ᠂ ᠡᠯ᠎ᠡ | ᠵᠦᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠰᠢᠭᠤᠳ ᠲᠥᠷᠭᠡᠨ ᠬᠦᠷᠲᠡᠭᠡᠬᠦ ᠶᠢ ᠪᠠᠲᠤᠯᠠᠨ᠎ᠠ᠃ ᠨᠢᠭᠡ ᠳᠤ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠬᠦ ᠠᠴᠠ ᠡᠮᠦᠨᠡᠬᠢ ᠪᠡᠯᠡᠳᠬᠡᠯ ᠠᠵᠢᠯ ᠢ ᠰᠠᠶᠢᠲᠤᠷ ᠬᠢᠵᠦ᠂ ᠭᠠᠶᠢᠯᠢ ᠲᠠᠲᠠᠪᠤᠷᠢᠯᠠᠬᠤ ᠬᠠᠮᠢᠶᠠᠷᠤᠯᠲᠠ ᠪᠠ ᠭᠠᠶᠢᠯᠢ ᠲᠤᠰᠢᠶᠠᠬᠤ | ᠦᠢᠯᠡᠴᠢᠯᠡᠭᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠮᠠᠨ ᠤ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠡᠨᠡ | ᠵᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠤᠷᠢᠳᠴᠢᠯᠠᠨ ᠲᠥᠯᠥᠪᠯᠡᠵᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠴᠠ ᠡᠮᠦᠨᠡᠬᠢ | ᠡᠯ᠎ᠡ ᠵᠦᠢᠯ ᠤᠨ ᠪᠡᠯᠡᠳᠬᠡᠯ ᠠᠵᠢᠯ ᠢ ᠴᠠᠭ ᠲᠤᠬᠠᠶ ᠳᠤ ᠨᠢ ᠪᠠᠶᠢᠷᠢᠯᠠᠭᠤᠯᠤᠨ ᠡᠬᠢᠯᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠲᠥᠷᠥ ᠶᠢᠨ | ᠪᠣᠳᠣᠯᠭ᠎ᠠ ᠶᠢᠨ ᠠᠰᠢᠭ ᠲᠤᠰᠠ ᠶᠢ ᠡᠷᠲᠡᠬᠡᠨ ᠬᠦᠷᠲᠡᠭᠡᠬᠦ ᠪᠠᠷ ᠪᠣᠶ᠃ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠶᠢᠯᠢ ᠲᠠᠲᠠᠪᠤᠷᠢᠯᠠᠬᠤ ᠪᠠ | ᠲᠤᠰᠢᠶᠠᠬᠤ ᠶᠢ ᠬᠠᠷᠢᠯᠴᠠᠨ ᠠᠬᠢᠭᠤᠯᠬᠤ ᠲᠠᠪᠴᠠᠩ ᠵᠡᠷᠭᠡ ᠰᠢᠰᠲ᠋ᠧᠮ ᠢ ᠲᠠᠰ ᠳᠡᠪᠰᠢᠭᠦᠯᠦᠨ ᠲᠡᠭᠦᠯᠳᠡᠷᠵᠢᠭᠦᠯᠬᠦ ᠠᠵᠢᠯ ᠢ ᠪᠣᠳᠠᠲᠠᠶ ᠪᠠᠷ ᠰᠠᠶᠢᠲᠤᠷ ᠬᠢᠵᠦ᠂ | ᠭᠠᠶᠢᠯᠢ ᠲᠤᠰᠢᠶᠠᠬᠤ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ 12366 ᠭᠠᠶᠢᠯᠢ ᠲᠤᠰᠢᠶᠠᠬᠤ ᠦᠢᠯᠡᠴᠢᠯᠡᠭᠡᠨ ᠤ ᠬᠠᠯᠠᠮᠰᠢᠯ ᠤᠲᠠᠰᠤ᠂ | ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠤᠨ ᠠᠰᠠᠭᠤᠨ ᠯᠠᠪᠯᠠᠵᠤ ᠬᠥᠲᠥᠯᠦᠨ ᠵᠢᠯᠣᠭᠤᠳᠬᠤ ᠬᠦᠴᠦᠨ ᠤ ᠲᠣᠬᠢᠷᠠᠭᠤᠯᠤᠯᠲᠠ ᠶᠢ ᠴᠢᠩᠭᠠᠳᠬᠠᠵᠤ᠂ | ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ᠂ ᠲᠥᠷᠥ ᠶᠢᠨ ᠪᠣᠳᠣᠯᠭ᠎ᠠ ᠳᠤ ᠴᠠᠭᠠᠷᠠᠭᠰᠠᠨ ᠭᠤᠤᠯᠯᠠᠭᠴᠢ ᠠᠵᠢᠯᠲᠠᠨ ᠢ ᠰᠣᠩᠭᠤᠨ ᠭᠠᠶᠢᠯᠢ ᠵᠢᠯᠣᠭᠤᠳᠬᠤ᠂ | ᠠᠰᠠᠭᠤᠨ ᠯᠠᠪᠯᠠᠬᠤ ᠠᠵᠢᠯ ᠤᠨ ᠪᠠᠶᠢᠷᠢ ᠳᠤ ᠲᠣᠮᠢᠯᠠᠵᠤ᠂ ᠲᠢᠩᠬᠢᠮ ᠳᠤ ᠤᠷᠤᠭᠰᠠᠨ ᠭᠠᠶᠢᠯᠢ ᠲᠤᠰᠢᠶᠠᠭᠴᠢ ᠳᠤ ᠲᠥᠷᠥ ᠶᠢᠨ ᠪᠣᠳᠣᠯᠭ᠎ᠠ ᠶᠢᠨ ᠬᠠᠪᠰᠤᠷᠤᠨ | ᠵᠢᠯᠣᠭᠤᠳᠬᠤ ᠠᠵᠢᠯ ᠢ ᠯᠠᠪᠳᠠᠭᠤᠨ ᠢᠶᠠᠷ ᠰᠠᠶᠢᠲᠤᠷ ᠬᠢᠨ᠎ᠠ᠃ ᠬᠤᠶᠠᠷ ᠲᠤ ᠭᠠᠶᠢᠯᠢ ᠰᠦᠢᠳᠬᠡᠯ ᠤᠨ ᠬᠠᠮᠵᠢᠯᠴᠠᠬᠤ ᠲᠣᠭᠲᠠᠴᠠ ᠶᠢ ᠭᠦᠢᠴᠡᠳ ᠠᠰᠢᠭᠯᠠᠵᠤ᠂ | ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ | ᠴᠠᠭ ᠲᠤᠬᠠᠶ ᠳᠤ ᠨᠢ ᠮᠥᠷᠳᠡᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠦᠨᠡᠯᠡᠨ | ᠵᠢᠱᠢᠬᠦ ᠠᠵᠢᠯ ᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ︽ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠵᠦ᠂ ᠠᠰᠠᠭᠤᠳᠠᠯ ᠢ | ᠡᠷᠲᠡᠬᠡᠨ ᠰᠢᠢᠳᠪᠦᠷᠢᠯᠡᠬᠦ︾ ᠶᠢ ᠪᠡᠶᠡᠯᠡᠭᠦᠯᠦᠨ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠶᠢᠨ | ᠲᠣᠭᠤᠷᠢᠨ ᠳᠤ᠂ ᠪᠠᠶᠢᠴᠠᠭᠠᠨ ᠰᠤᠳᠤᠯᠤᠯᠲᠠ ᠪᠣᠯᠣᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠭᠦᠨᠵᠡᠭᠡᠶ | ᠥᠷᠨᠢᠭᠦᠯᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠦᠷ᠎ᠡ ᠪᠦᠲᠦᠮᠵᠢ ᠶᠢ ᠬᠠᠮᠤᠭ ᠤᠨ ᠶᠡᠭᠡ ᠪᠣᠯᠭᠠᠬᠤ ᠪᠠᠷ ᠴᠢᠷᠮᠠᠶᠢᠨ᠎ᠠ᠃ | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠪᠢᠳᠡᠨ ᠤ ᠣᠶᠢᠯᠠᠭᠠᠭᠰᠠᠨ ᠢᠶᠠᠷ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ | ᠦᠨᠡᠨᠴᠢ ᠢᠲᠡᠭᠡᠮᠵᠢ ᠶᠢᠨ ᠤᠷᠮᠠᠰᠢᠭᠤᠯᠤᠯ ᠤᠨ ᠲᠠᠯ᠎ᠠ ᠪᠠᠷ ︽ᠪᠠᠩᠬᠢ ᠭᠠᠶᠢᠯᠢ ᠶᠢᠨ ᠬᠠᠷᠢᠯᠴᠠᠨ ᠬᠦᠳᠡᠯᠦᠯᠴᠡᠬᠦ︾ ᠶᠢ ᠬᠡᠷᠡᠭᠵᠢᠭᠦᠯᠵᠦ᠂ ᠵᠢᠵᠢᠭ ᠪᠢᠴᠢᠯ ᠠᠵᠤ | ᠠᠬᠤᠶᠢᠯᠠᠯ ᠢ ᠳᠡᠮᠵᠢᠨ ᠪᠠᠯᠠ ᠲᠣᠬᠢᠷᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠨᠠᠮᠳᠠᠭᠤᠯᠬᠤ ᠳᠤ ᠴᠢᠬᠤᠯᠠ ᠦᠢᠯᠡᠳᠦᠯ ᠦᠵᠡᠭᠦᠯᠪᠡ᠂ ᠬᠠᠮᠢᠶ᠎ᠠ ᠪᠥᠬᠦᠶ | ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ ᠡᠨᠡ ᠵᠢᠯ ︽ᠪᠠᠩᠬᠢ ᠭᠠᠶᠢᠯᠢ ᠶᠢᠨ ᠬᠠᠷᠢᠯᠴᠠᠨ ᠬᠦᠳᠡᠯᠦᠯᠴᠡᠬᠦ︾ ᠶᠢ ᠠᠬᠢᠭᠤᠯᠬᠤ ᠲᠠᠯ᠎ᠠ ᠪᠠᠷ᠂ | ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖ | ᠸᠠᠩ ᠰᠢᠶᠠᠩ ᠹᠧᠩ᠄ ᠣᠶᠢᠷ᠎ᠠ ᠶᠢᠨ ᠵᠢᠯ ᠤᠳ ᠲᠤ᠂ ᠦᠨᠡᠨᠴᠢ ᠢᠲᠡᠭᠡᠮᠵᠢ ᠶᠢᠨ ᠨᠡᠶᠢᠭᠡᠮ ᠤᠨ ᠪᠠᠶᠢᠭᠤᠯᠤᠯᠲᠠ ᠶᠢᠨ ᠲᠠᠰᠤᠷᠠᠯᠲᠠ ᠥᠬᠡᠶ | ᠭᠦᠨᠵᠡᠭᠡᠶᠢᠷᠡᠬᠦ ᠶᠢ ᠳᠠᠭᠠᠯᠳᠤᠨ᠂ ᠭᠠᠶᠢᠯᠢ ᠲᠤᠰᠢᠶᠠᠬᠤ ᠢᠲᠡᠭᠡᠮᠵᠢ ᠶᠢᠨ ᠬᠠᠮᠢᠶᠠᠷᠤᠯᠲᠠ ᠶᠢᠨ ᠲᠦᠷᠢᠮ ᠲᠠᠰᠤᠷᠠᠯᠲᠠ ᠥᠬᠡᠶ ᠲᠡᠭᠦᠯᠳᠡᠷᠵᠢᠵᠦ᠂ ᠭᠠᠶᠢᠯᠢ | ᠲᠤᠰᠢᠶᠠᠬᠤ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠣᠯᠠᠨ ᠬᠦᠷᠢᠶ᠎ᠡ ᠴᠠᠷᠠᠭ᠎ᠠ ᠳᠤ ᠥᠷᠭᠡᠵᠢᠨ᠂ ᠰᠢᠯᠢᠳᠡᠭ ᠰᠠᠶᠢᠨ ᠭᠠᠶᠢᠯᠢ | ᠲᠤᠰᠢᠶᠠᠬᠤ ᠢᠲᠡᠭᠡᠮᠵᠢ ᠨᠢ ᠡᠳᠦᠷ ᠢᠷᠡᠬᠦᠶ᠎ᠡ ᠠᠵᠤ ᠠᠬᠤᠶᠢᠯᠠᠯ ᠤᠨ ᠠᠯᠤᠰ ᠬᠡᠲᠦ ᠶᠢᠨ ᠬᠥᠭᠵᠢᠯᠲᠡ ᠶᠢᠨ ︽ᠠᠯᠲᠠᠨ ᠨᠡᠷ᠎ᠡ ᠶᠢᠨ ᠬᠠᠭᠤᠳᠠᠰᠤ︾ ᠪᠣᠯᠵᠣ | ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠠᠶᠢᠯᠢ ᠲᠤᠰᠢᠶᠠᠬᠤ ᠢᠲᠡᠭᠡᠮᠵᠢ ᠶᠢᠨ ᠪᠠᠶᠢᠭᠤᠯᠤᠯᠲᠠ ᠶᠢ 2015 | ᠣᠨ ᠠᠴᠠ ᠡᠬᠢᠯᠡᠨ ᠥᠪᠥᠷ ᠮᠣᠩᠭᠤᠯ ᠤᠨ ᠪᠠᠩᠬᠢ ᠭᠠᠶᠢᠯᠢ ᠶᠢᠨ ᠬᠠᠷᠢᠯᠴᠠᠨ ᠬᠦᠳᠡᠯᠦᠯᠴᠡᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ︽ᠭᠠᠶᠢᠯᠢ | ᠲᠤᠰᠢᠶᠠᠬᠤ ᠢᠲᠡᠭᠡᠮᠵᠢ︾ ᠪᠠ ︽ᠪᠠᠯᠠ ᠲᠣᠬᠢᠷᠠᠭᠤᠯᠭ᠎ᠠ ᠶᠢᠨ ᠢᠲᠡᠭᠡᠮᠵᠢ︾ ᠶᠢ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠵᠦ᠂ ᠭᠠᠶᠢᠯᠢ ᠲᠤᠰᠢᠶᠠᠬᠤ | ᠢᠲᠡᠭᠡᠮᠵᠢ ᠶᠢ ᠠᠮᠵᠢᠯᠲᠠ ᠲᠠᠢ ᠪᠠᠷ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠥᠷᠥᠩᠭᠡ ᠪᠣᠯᠭᠠᠨ ᠬᠤᠪᠢᠷᠠᠭᠤᠯᠵᠤ᠂ ᠢᠲᠡᠭᠡᠮᠵᠢ ᠲᠠᠢ ᠵᠢᠵᠢᠭ ᠪᠢᠴᠢᠯ | ᠠᠵᠤ ᠠᠬᠤᠶᠢᠯᠠᠯ ᠳᠤ ᠪᠠᠯᠠ ᠲᠣᠬᠢᠷᠠᠭᠤᠯᠭ᠎ᠠ ᠶᠢᠨ ᠳᠡᠮᠵᠢᠯᠭᠡ ᠬᠠᠩᠭᠠᠪᠠ᠃ | ︽ᠪᠠᠩᠬᠢ ᠭᠠᠶᠢᠯᠢ ᠶᠢᠨ ᠬᠠᠷᠢᠯᠴᠠᠨ ᠬᠥᠳᠡᠯᠦᠯᠴᠡᠬᠦ︾ ᠪᠣᠯ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ᠂ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠭᠡᠳ ᠬᠤᠳᠠᠯᠳᠤᠭᠠᠨ ᠤ ᠪᠠᠩᠬᠢ ᠭᠤᠷᠪᠠᠨ ᠲᠠᠯ᠎ᠠ ᠪᠠᠷ ᠢᠶᠠᠨ ᠪᠠᠩᠬᠢ ᠭᠠᠶᠢᠯᠢ ᠶᠢᠨ ᠬᠠᠮᠲᠤᠷᠠᠯᠴᠠᠭᠠᠨ ᠤ ᠲᠣᠭᠲᠠᠴᠠ ᠶᠢ | ᠪᠠᠶᠢᠭᠤᠯᠵᠤ᠂ ᠪᠠᠩᠬᠢ ᠠᠴᠠ ᠭᠠᠶᠢᠯᠢ ᠶᠢᠨ ᠶᠠᠪᠤᠳᠠᠯ ᠤᠨ ᠲᠤᠭ᠎ᠠ ᠪᠠᠷᠢᠮᠲᠠ ᠶᠢ ᠵᠠᠳᠠᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠪᠠ ᠢᠲᠡᠭᠡᠮᠵᠢ ᠶᠢᠨ ᠪᠠᠶᠢᠳᠠᠯ ᠢ ᠨᠠᠩ ᠣᠨᠣᠪᠴᠢᠲᠠᠶ ᠡᠵᠡᠮᠰᠢᠵᠦ᠂ ᠬᠡᠷᠡᠭᠯᠡᠭᠴᠢᠳ ᠢ ᠪᠦᠲᠦᠮᠵᠢᠲᠡᠶ ᠪᠠᠷ ᠢᠯᠭᠠᠨ ᠲᠠᠨᠢᠵᠤ᠂ ᠢᠲᠡᠭᠡᠮᠵᠢ ᠣᠯᠭᠤᠬᠤ | ᠲᠦᠭᠰᠢᠭᠦᠷᠢ ᠶᠢ ᠡᠵᠡᠮᠰᠢᠨ᠂ ᠬᠢᠨᠠᠨ ᠵᠥᠪᠰᠢᠶᠡᠷᠡᠯ ᠤᠨ ᠴᠠᠭ ᠢ ᠶᠡᠭᠡ ᠪᠠᠷ ᠪᠣᠭᠤᠨᠢᠰᠬᠠᠵᠤ᠂ ᠵᠢᠭᠡᠯᠡᠯᠭᠡ ᠲᠠᠯᠪᠢᠬᠤ ᠦᠷ᠎ᠡ ᠪᠦᠲᠦᠮᠵᠢ ᠶᠢ ᠪᠦᠲᠦᠮᠵᠢᠲᠡᠶ | ᠳᠡᠭᠡᠭᠰᠢᠯᠡᠭᠦᠯᠪᠡ︔ ᠵᠢᠵᠢᠭ ᠪᠢᠴᠢᠯ ᠠᠵᠤ ᠠᠬᠤᠶᠢᠯᠠᠯ ᠤᠳ ᠲᠣᠰ ᠪᠡᠶ᠎ᠡ ᠶᠢᠨ ᠭᠠᠶᠢᠯᠢ ᠲᠤᠰᠢᠶᠠᠬᠤ ᠢᠲᠡᠭᠡᠮᠵᠢ ᠪᠠᠷ ᠢᠶᠠᠨ ᠲᠠᠪᠴᠠᠩ ᠤᠨ ᠮᠥᠩᠭᠦᠨ | ᠭᠦᠢᠯᠭᠡᠭᠡᠨ ᠤ ᠨᠡᠷᠡᠳᠬᠦᠨ ᠢᠶᠠᠷ ᠳᠡᠮᠵᠢᠨ ᠵᠢᠭᠡᠯᠡᠯᠭᠡ ᠭᠤᠶᠤᠴᠢᠯᠠᠵᠤ᠂ ᠵᠢᠭᠡᠯᠡᠯᠭᠡ ᠶᠢᠨ ᠴᠠᠭ ᠢ ᠠᠷᠪᠢᠯᠠᠨ᠂ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ | ᠪᠠᠭᠤᠷᠠᠭᠤᠯᠪᠠ᠃ ᠣᠲᠣ ᠪᠣᠯᠲᠠᠯ᠎ᠠ᠂ ᠪᠠᠩᠬᠢ ᠭᠠᠶᠢᠯᠢ ᠶᠢᠨ ᠬᠠᠷᠢᠯᠴᠠᠨ ᠬᠦᠳᠡᠯᠦᠯᠴᠡᠬᠦ ᠦᠢᠯᠡᠴᠢᠯᠡᠭᠡᠨ ᠤ ᠲᠠᠪᠴᠠᠩ ᠳᠤ 11 ᠪᠠᠩᠬᠢ ᠶᠢ ᠵᠠᠯᠭᠠᠨ ᠣᠷᠣᠭᠤᠯᠵᠤ | ᠂ ᠲᠠᠪᠴᠠᠩ ᠤᠨ ᠳᠠᠩᠰᠠᠯᠠᠭᠤᠯᠤᠭᠰᠠᠨ ᠬᠡᠷᠡᠭᠯᠡᠭᠴᠢ 18.5 ᠲᠦᠮᠡ ᠪᠠᠶᠢᠵᠤ᠂ 2020 ᠣᠨ ᠳᠤ ᠨᠡᠶᠢᠲᠡ 2 ᠲᠦᠮᠡᠨ ᠬᠤᠪᠢ ᠢᠲᠡᠭᠡᠮᠵᠢ ᠣᠯᠭᠤᠵᠤ᠂ | ᠢᠲᠡᠭᠡᠮᠵᠢ ᠣᠯᠭᠤᠭᠰᠠᠨ ᠵᠣᠭᠤᠰ ᠤᠨ ᠲᠤᠭ᠎ᠠ ᠨᠢ 117 ᠳ᠋ᠦᠩᠰᠢᠭᠤᠷ ᠲᠥᠭᠦᠷᠢᠭ ᠲᠤ ᠬᠦᠷᠴᠡᠶ᠃ ᠵᠢᠵᠢᠭ ᠪᠢᠴᠢᠯ ᠠᠵᠤ ᠠᠬᠤᠶᠢᠯᠠᠯ ᠤᠨ ᠪᠠᠯᠠ | ᠲᠣᠬᠢᠷᠠᠭᠤᠯᠬᠤ ᠳᠤ ᠬᠦᠴᠢᠷᠲᠡᠶ ᠪᠠᠯᠠ ᠲᠣᠬᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠵᠤ᠂ ᠠᠵᠤ ᠠᠬᠤᠶᠢᠯᠠᠯ ᠤᠨ ᠠᠵᠢᠯ | ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠷᠭᠡᠳᠬᠡᠬᠦ ᠳᠤ ᠬᠦᠴᠦᠨ ᠨᠡᠮᠡᠷᠢᠯᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠪᠠ | ᠬᠥᠭᠵᠢᠯᠲᠡ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠪᠡ᠃ | 2021 ᠣᠨ ᠳᠤ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠪᠠᠩᠬᠢ ᠭᠠᠶᠢᠯᠢ ᠶᠢᠨ ᠬᠠᠷᠢᠯᠴᠠᠨ ᠬᠥᠳᠡᠯᠦᠯᠴᠡᠬᠦ︾ ᠶᠢ | ᠤᠯᠠᠮ ᠨᠢᠭᠡ ᠠᠯᠬᠤᠮ ᠠᠬᠢᠭᠤᠯᠬᠤ ᠲᠠᠯ᠎ᠠ ᠪᠠᠷ᠂ ᠨᠢᠭᠡ ᠳᠤ ᠪᠠᠩᠬᠢ ᠭᠠᠶᠢᠯᠢ ᠶᠢᠨ ᠬᠠᠷᠢᠯᠴᠠᠨ ᠬᠥᠳᠡᠯᠦᠯᠴᠡᠬᠦ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ | ︽ᠪᠠᠩᠬᠢ ᠭᠠᠶᠢᠯᠢ ᠶᠢᠨ ᠬᠠᠷᠢᠯᠴᠠᠨ ᠬᠥᠳᠡᠯᠦᠯᠴᠡᠬᠦ︾ ᠠᠵᠢᠯᠯᠠᠭᠠᠨ ᠤ ᠵᠠᠭᠪᠤᠷ ᠢ ᠰᠢᠯᠢᠳᠡᠭᠵᠢᠭᠦᠯᠦᠨ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠲᠠᠢ ᠬᠠᠮᠲᠤᠷᠠᠯᠴᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠷᠣᠯᠴᠠᠬᠤ ᠬᠡᠪᠴᠢᠶ᠎ᠡ ᠶᠢ ᠥᠷᠭᠡᠳᠬᠡᠨ᠂ ᠠᠳᠠᠯᠢ ᠪᠤᠰᠤ ᠲᠥᠷᠥᠯ | ᠬᠡᠯᠪᠡᠷᠢ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠬᠦᠤ ᠮᠥᠩᠭᠦ ᠶᠢᠨ ᠨᠣᠷᠮ᠎ᠠ ᠪᠠᠷ ᠳᠣᠤᠷ᠎ᠠ᠂ ᠬᠤᠷᠳᠤᠴᠠ ᠪᠠᠷ ᠲᠦᠷᠭᠡᠨ᠂ ᠪᠠᠷᠢᠴᠠᠭ᠎ᠠ ᠥᠬᠡᠶ᠂ | ᠰᠦᠯᠵᠢᠶᠡᠨ ᠳᠡᠭᠡᠷ᠎ᠡ ᠡᠷᠭᠢᠯᠡᠬᠦ ᠮᠥᠩᠭᠦᠨ ᠭᠦᠢᠯᠭᠡᠭᠡᠨ ᠤ ᠨᠡᠷᠡᠳᠬᠦᠨ ᠢ ᠪᠡᠶ᠎ᠡ ᠳᠤ ᠨᠢ ᠲᠣᠬᠢᠷᠠᠭᠤᠯᠤᠨ ᠲᠣᠭᠲᠠᠭᠠᠨ ᠥᠭᠴᠦ᠂ ᠵᠢᠵᠢᠭ ᠪᠢᠴᠢᠯ ᠠᠵᠤ | ᠠᠬᠤᠶᠢᠯᠠᠯ ᠢ ᠬᠠᠪᠰᠤᠷᠤᠨ ᠪᠠᠯᠠ ᠲᠣᠬᠢᠷᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ᠃ ᠬᠤᠶᠠᠷ ᠲᠤ ᠭᠠᠶᠢᠯᠢ | ᠲᠠᠲᠠᠪᠤᠷᠢ ᠶᠢᠨ ᠬᠠᠷᠠᠭᠠᠯᠵᠠᠯ ᠬᠥᠷᠳᠡᠵᠤ ᠪᠠᠶᠢᠭ᠎ᠠ ᠠᠵᠤ ᠠᠬᠤᠶᠢᠯᠠᠯ ᠳᠤ ᠢᠲᠡᠭᠡᠮᠵᠢ ᠣᠯᠭᠤᠬᠤ ᠶᠢ ᠨᠡᠮᠡᠭᠳᠡᠭᠦᠯᠵᠦ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠭᠠᠶᠢᠯᠢ ᠶᠢ ᠬᠥᠩᠭᠡᠯᠡᠵᠦ ᠭᠠᠶᠢᠯᠢ ᠠᠴᠠ ᠬᠡᠯᠲᠦᠷᠢᠭᠦᠯᠬᠦ ᠲᠤᠭ᠎ᠠ ᠪᠠᠷᠢᠮᠲᠠ ᠶᠢ ᠠᠰᠢᠭᠯᠠᠨ ᠭᠠᠶᠢᠯᠢ ᠶᠢ ᠬᠥᠩᠭᠡᠯᠡᠬᠦ ᠵᠢᠭᠡᠯᠡᠯᠭᠡ ᠶᠢᠨ ᠨᠡᠷᠡᠳᠬᠦᠨ ᠢ | ᠨᠡᠭᠡᠭᠡᠨ ᠬᠥᠭᠵᠢᠭᠦᠯᠬᠦ ᠶᠢ ᠲᠡᠮᠵᠢᠵᠤ᠂ ᠤᠯᠤᠰ ᠤᠨ ᠭᠠᠶᠢᠯᠢ ᠰᠦᠢᠳᠬᠡᠯ ᠢ ᠬᠥᠩᠭᠡᠯᠡᠵᠦ ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢᠨ ᠦᠢᠯᠡᠳᠦᠯ ᠢ | ᠲᠠᠬᠢᠨ ᠢᠶᠠᠷ ᠨᠡᠮᠡᠭᠳᠡᠭᠦᠯᠬᠦ ᠪᠠᠭᠠᠵᠢ ᠪᠣᠯᠭᠠᠨ᠎ᠠ᠃ ᠭᠤᠷᠪᠠ ᠳᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠪᠠᠶᠢᠯᠳᠤᠬᠤ ᠪᠤᠳᠤᠯᠭ᠎ᠠ ᠶᠢᠨ | ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠣᠣᠷ ᠴᠡᠭ ᠤᠯᠠᠨ᠂ ᠦᠢᠯᠡᠴᠢᠯᠡᠭᠡ ᠰᠠᠶᠢᠨ ᠪᠠᠶᠢᠬᠤ | ᠳᠠᠪᠠᠭᠤᠯᠢᠭ ᠢ ᠠᠰᠢᠭᠯᠠᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠪᠡᠰᠦᠪᠡᠨ ᠦᠢᠯᠡᠴᠢᠯᠡᠬᠦ ᠮᠠᠰᠢᠨ ᠳᠡᠭᠡᠷ᠎ᠡ ᠭᠠᠶᠢᠯᠢ ᠰᠦᠢᠳᠬᠡᠯ ᠲᠤᠰᠢᠶᠠᠬᠤ ᠵᠡᠷᠭᠡ | ᠭᠠᠶᠢᠯᠢ ᠰᠦᠢᠳᠬᠡᠯ ᠤᠨ ᠦᠢᠯᠡᠴᠢᠯᠡᠭᠡ ᠶᠢ ᠪᠡᠶᠡᠯᠡᠭᠦᠯᠦᠨ᠎ᠡ᠃ ᠲᠦᠷᠪᠡ ᠳᠤ ᠭᠠᠶᠢᠯᠢ ᠲᠤᠰᠢᠶᠠᠬᠤ ᠢᠲᠡᠭᠡᠮᠵᠢ ᠶᠢᠨ ᠦᠨᠡᠯᠡᠯᠲᠡ ᠶᠢ ᠰᠢᠯᠢᠳᠡᠭᠵᠢᠭᠦᠯᠦᠨ᠂ | ᠲᠡᠷᠢᠭᠦᠨ ᠤ ᠬᠥᠭᠵᠢᠭᠰᠡᠨ ᠭᠠᠵᠠᠷ ᠣᠷᠣᠨ ᠢᠶᠠᠷ ᠪᠠᠷᠢᠮᠵᠢᠶᠠᠯᠠᠭᠤᠯᠵᠤ᠂ ᠦᠨᠡᠯᠡᠬᠦ ᠠᠷᠭ᠎ᠠ ᠶᠢ ᠰᠢᠯᠢᠳᠡᠭᠵᠢᠭᠦᠯᠦᠨ᠂ ᠰᠠᠨᠠᠯ ᠰᠠᠨᠠᠭᠤᠯᠤᠮᠵᠢ ᠶᠢ ᠣᠨᠣᠪᠴᠢᠲᠠᠢ | ᠬᠦᠷᠭᠡᠬᠦ ᠶᠢ ᠴᠢᠩᠭᠠᠳᠬᠠᠵᠤ᠂ ᠠᠯᠳᠠᠰᠢ ᠵᠡᠷᠭᠡ ᠮᠠᠭᠤ ᠰᠠᠨᠠᠭᠠᠨ ᠤ ᠪᠤᠰᠤ ᠬᠦᠴᠦᠨ ᠵᠦᠢᠯ ᠠᠴᠠ ᠪᠣᠯᠤᠭᠰᠠᠨ ᠢᠲᠡᠭᠡᠮᠵᠢ ᠶᠢᠨ ᠬᠤᠬᠢᠷᠠᠯ ᠠᠴᠠ ᠵᠠᠶᠢᠯᠠᠰᠬᠢᠵᠦ᠂ | ᠭᠠᠶᠢᠯᠢ ᠲᠤᠰᠢᠶᠠᠭᠴᠢ ᠶᠢ ᠬᠠᠪᠰᠤᠷᠤᠨ ᠢᠲᠡᠭᠡᠮᠵᠢ ᠶᠢᠨ ᠰᠡᠷᠭᠦᠭᠡᠯᠲᠡ ᠶᠢ ᠢᠳᠡᠪᠬᠢᠲᠡᠢ ᠥᠷᠨᠢᠭᠦᠯᠵᠦ᠂ ᠭᠠᠶᠢᠯᠢ ᠲᠤᠰᠢᠶᠠᠬᠤ ᠢᠲᠡᠭᠡᠮᠵᠢ ᠶᠢᠨ ᠲᠡᠰ ᠳᠡᠪᠰᠢᠬᠦ ᠶᠢ | ᠢᠳᠡᠪᠬᠢᠲᠡᠢ ᠠᠬᠢᠭᠤᠯᠤᠨ᠎ᠠ᠃ | ᠵᠥᠩ ᠬᠤᠩ ᠰᠦᠯᠵᠢᠶ᠎ᠡ ᠶᠢᠨ ᠰᠤᠷᠪᠤᠯᠵᠢᠯᠠᠭᠴᠢ᠄ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ 12366 ᠭᠠᠶᠢᠯᠢ ᠲᠤᠰᠢᠶᠠᠬᠤ | ᠦᠢᠯᠡᠴᠢᠯᠡᠭᠡᠨ ᠤ ᠯᠠᠪᠯᠠᠯᠲᠠ ᠶᠢᠨ ᠬᠠᠯᠠᠮᠰᠢᠯ ᠤᠲᠠᠰᠤ ᠨᠢ ᠭᠠᠶᠢᠯᠢ ᠲᠤᠰᠢᠶᠠᠭᠴᠢ ᠶᠢᠨ ᠡᠳᠦᠷ ᠲᠤᠲᠤᠮ ᠤᠨ ᠲᠥᠷᠥ ᠶᠢᠨ ᠪᠣᠳᠣᠯᠭ᠎ᠠ ᠶᠢᠨ ᠯᠠᠪᠯᠠᠯᠲᠠ ᠶᠢᠨ | ᠲᠠᠯ᠎ᠠ ᠪᠠᠷ ᠮᠠᠰᠢ ᠶᠡᠭᠡ ᠦᠢᠯᠡᠳᠦᠯ ᠦᠵᠡᠭᠦᠯᠪᠡ᠂ ᠡᠭᠦᠨ ᠤ ᠭᠤᠤᠯ ᠪᠣᠯᠬᠤ ᠦᠷ᠎ᠡ ᠪᠦᠲᠦᠭᠡᠯ ᠢ ᠲᠠᠨᠢᠯᠴᠠᠭᠤᠯᠤᠭᠠᠳ ᠦᠭᠭᠦᠨ᠎ᠡ ᠦᠦ︖ ᠡᠭᠦᠨ ᠠᠴᠠ | ᠭᠠᠳᠠᠨ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠬᠠᠮᠵᠢᠯᠴᠠᠨ ᠠᠵᠢᠯᠯᠠᠬᠤ ᠦᠢᠯᠡᠴᠢᠯᠡᠭᠡᠨ ᠤ ᠲᠤᠰᠬᠠᠶ ᠤᠲᠠᠰᠤ ᠶᠢ ᠨᠡᠪᠲᠡᠷᠡᠭᠦᠯᠦᠭᠰᠡᠨ ᠶᠢ ᠣᠶᠢᠯᠭᠠᠪᠠ | ᠂ ᠲᠤᠰᠬᠠᠢ ᠤᠲᠠᠰᠤ ᠨᠡᠪᠲᠡᠷᠡᠭᠦᠯᠦᠭᠰᠡᠨ ᠵᠣᠷᠢᠯᠭ᠎ᠠ ᠪᠠ ᠦᠢᠯᠡᠳᠦᠯ ᠨᠢ ᠶᠠᠭᠤ ᠪᠣᠢ︖ ᠲᠡᠷᠡ ᠨᠢ 12366 ᠲᠠᠢ ᠶᠠᠮᠠᠷ ᠢᠯᠭᠠᠭ᠎ᠠ ᠲᠠᠢ ᠪᠤᠢ︖ | ᠣᠳᠣᠬᠠᠨ ᠤ ᠠᠵᠢᠯᠯᠠᠭᠠᠨ ᠤ ᠦᠷ᠎ᠡ ᠪᠦᠲᠦᠮᠵᠢ ᠬᠢᠷᠢ ᠵᠡᠷᠭᠡ ᠪᠠᠶᠢᠬᠤ ᠪᠤᠢ︖ | ᠯᠢ ᠯᠢᠶᠠᠨ ᠾᠧᠦ᠄ ᠥᠪᠥᠷ ᠮᠣᠩᠭᠤᠯ ᠤᠨ 12366 ᠭᠠᠶᠢᠯᠢ ᠲᠤᠰᠢᠶᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠪᠣᠯ ᠪᠥᠬᠦ ᠣᠷᠣᠨ ᠤ ᠭᠠᠶᠢᠯᠢ ᠶᠢᠨ | ᠶᠠᠪᠤᠳᠠᠯ ᠤᠨ ᠰᠢᠰᠲ᠋ᠧᠮ ᠤᠨ ᠭᠠᠶᠢᠯᠢ ᠰᠦᠢᠳᠬᠡᠯ ᠤᠨ ᠯᠠᠪᠯᠠᠯᠭ᠎ᠠ ᠶᠢᠨ ᠴᠢᠬᠤᠯᠠ ᠲᠠᠪᠴᠠᠩ ᠮᠥᠨ᠂ ᠭᠠᠶᠢᠯᠢ ᠲᠤᠰᠢᠶᠠᠬᠤ ᠯᠠᠪᠯᠠᠯᠭ᠎ᠠ᠂ ᠭᠠᠶᠢᠯᠢ ᠶᠢᠨ | ᠬᠠᠤᠯᠢ ᠶᠢᠨ ᠤᠬᠠᠭᠤᠯᠭ᠎ᠠ᠂ ᠭᠠᠶᠢᠯᠢ ᠭᠦᠢᠴᠡᠳᠬᠡᠬᠦ ᠦᠢᠯᠡᠴᠢᠯᠡᠭᠡ᠂ ᠵᠠᠭᠠᠯᠳᠤᠵᠤ ᠢᠯᠡᠴᠢᠯᠡᠨ ᠮᠡᠳᠡᠭᠦᠯᠬᠦ᠂ ᠬᠡᠷᠡᠭᠴᠡᠭᠡ ᠱᠠᠭᠠᠷᠳᠠᠯᠭ᠎ᠠ ᠶᠢᠨ ᠬᠠᠮᠢᠶᠠᠷᠤᠯᠲᠠ | ᠵᠡᠷᠭᠡ ᠣᠯᠠᠨ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ᠂ ᠲᠥᠷᠥᠯ ᠲᠡᠮᠳᠡᠭᠲᠦ ᠶᠢᠨ ᠴᠢᠨᠠᠷᠲᠠᠶ ᠭᠠᠶᠢᠯᠢ ᠲᠤᠰᠢᠶᠠᠬᠤ | ᠦᠢᠯᠡᠴᠢᠯᠡᠭᠡᠨ ᠤ ᠲᠠᠪᠴᠠᠩ ᠮᠥᠨ᠃ 12366 ᠭᠠᠶᠢᠯᠢ ᠲᠤᠰᠢᠶᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠨᠢ ᠣᠲᠣ ᠶᠢᠨ ᠬᠡᠷᠡᠭᠵᠢᠭᠦᠯᠵᠦ ᠪᠠᠶᠢᠭ᠎ᠠ ᠪᠣᠶ | ᠪᠥᠬᠦᠶ ᠭᠠᠶᠢᠯᠢ ᠰᠦᠢᠳᠬᠡᠯ ᠤᠨ ᠲᠥᠷᠥᠯ ᠵᠦᠢᠯ ᠪᠠ 8 ᠭᠠᠶᠢᠯᠢ ᠰᠦᠢᠳᠬᠡᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠯᠠᠪᠯᠠᠯᠲᠠ ᠶᠢ ᠴᠥᠮ ᠲᠤᠬᠠᠶᠢᠯᠠᠭᠰᠠᠨ | ᠠᠵᠢᠯ ᠤᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠣᠷᠣᠭᠤᠯᠵᠤ᠂ ︽ᠨᠢᠭᠡ ᠨᠣᠮᠧᠷ ᠢᠶᠠᠷ ᠪᠦᠬᠦᠨ ᠢ ᠬᠠᠷᠢᠭᠤᠯᠬᠤ︾ ᠶᠢ ᠪᠡᠶᠡᠯᠡᠭᠦᠯᠪᠡ᠃ | 2021 ᠣᠨ ᠤ ᠨᠢᠭᠡᠳᠦᠭᠡᠷ ᠤᠯᠠᠷᠢᠯ ᠳᠤ᠂ ᠥᠪᠥᠷ ᠮᠣᠩᠭᠤᠯ ᠤᠨ 12366 ᠦᠢᠯᠡᠴᠢᠯᠡᠭᠡᠨ ᠤ ᠬᠠᠯᠠᠮᠰᠢᠯ ᠤᠲᠠᠰᠤᠨ ᠤ ᠶᠡᠷᠦᠩᠬᠡᠢ ᠬᠡᠮᠵᠢᠶ᠎ᠡ 36.34 | ᠲᠦᠮᠡ ᠳᠤ ᠬᠦᠷᠴᠦ᠂ ᠬᠠᠯᠠᠮᠰᠢᠯ ᠤᠲᠠᠰᠤᠨ ᠤ ᠦᠢᠯᠡᠴᠢᠯᠡᠭᠡᠨ ᠤ ᠴᠢᠳᠠᠮᠵᠢ ᠭᠦᠢᠴᠡᠳ ᠢᠯᠡᠷᠡᠵᠡᠢ᠃ | 12366 ᠭᠠᠶᠢᠯᠢ ᠲᠤᠰᠢᠶᠠᠬᠤ ᠦᠢᠯᠡᠴᠢᠯᠡᠭᠡᠨ ᠤ ᠬᠠᠯᠠᠮᠰᠢᠯ ᠤᠲᠠᠰᠤᠨ ᠤ ᠭᠤᠤᠯᠳᠠᠯᠭ᠎ᠠ ᠨᠢ ᠭᠠᠶᠢᠯᠢ ᠲᠤᠰᠢᠶᠠᠭᠴᠢ ᠶᠢᠨ ᠲᠥᠷᠥ ᠶᠢᠨ | ᠪᠣᠳᠣᠯᠭ᠎ᠠ ᠶᠢᠨ ᠴᠢᠨᠠᠷᠲᠠᠶ᠂ ᠰᠠᠭᠤᠷᠢ ᠴᠢᠨᠠᠷᠲᠠᠶ ᠠᠰᠠᠭᠤᠳᠠᠯ ᠢ ᠰᠢᠢᠳᠪᠦᠷᠢᠯᠡᠬᠦ ᠳᠤ ᠪᠣᠶ᠃ ᠭᠠᠶᠢᠯᠢ ᠰᠦᠢᠳᠬᠡᠯ ᠲᠤᠰᠢᠶᠠᠭᠴᠢ ᠶᠢᠨ ᠥᠪᠡᠷᠮᠢᠴᠡ ᠠᠰᠠᠭᠤᠳᠠᠯ ᠢ | ᠰᠢᠢᠳᠪᠦᠷᠢᠯᠡᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠭᠠᠶᠢᠯᠢ ᠰᠦᠢᠳᠬᠡᠯ ᠢ | ᠲᠠᠲᠠᠪᠤᠷᠢᠯᠠᠨ ᠬᠠᠮᠢᠶᠠᠷᠬᠤ ᠠᠰᠠᠭᠤᠳᠠᠯ ᠢ ᠬᠠᠮᠵᠢᠯᠴᠠᠨ ᠠᠵᠢᠯᠯᠠᠬᠤ ᠲᠣᠭᠲᠠᠴᠠ︾ ᠶᠢ ᠪᠠᠶᠢᠭᠤᠯᠵᠤ᠂ ᠭᠠᠶᠢᠯᠢ ᠰᠦᠢᠳᠬᠡᠯ ᠲᠤᠰᠢᠶᠠᠭᠴᠢᠳ ᠬᠠᠷᠢᠴᠠᠩᠭᠤᠶ ᠪᠠᠷ | ᠲᠥᠪᠯᠡᠷᠡᠭᠰᠡᠨ ᠦᠨᠳᠦᠰᠦᠨ ᠱᠠᠲᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ︽ᠭᠠᠶᠢᠯᠢ ᠰᠦᠢᠳᠬᠡᠯ ᠤᠨ ᠬᠠᠮᠵᠢᠯᠴᠠᠨ ᠠᠵᠢᠯᠯᠠᠬᠤ ᠪᠦᠯᠬᠦᠮ︾ ᠢ | ᠪᠠᠶᠢᠭᠤᠯᠤᠭᠰᠠᠨ ᠪᠥᠭᠡᠳ ︽ᠭᠠᠶᠢᠯᠢ ᠰᠦᠢᠳᠬᠡᠯ ᠤᠨ ᠬᠠᠮᠵᠢᠯᠴᠠᠨ ᠠᠵᠢᠯᠯᠠᠬᠤ ᠦᠢᠯᠡᠴᠢᠯᠡᠭᠡᠨ ᠤ ᠲᠤᠰᠬᠠᠶ ᠱᠤᠭᠤᠮ︾ ᠭᠠᠷᠭᠠᠵᠤ᠂ ᠭᠠᠶᠢᠯᠢ ᠰᠦᠢᠳᠬᠡᠯ | ᠲᠤᠰᠢᠶᠠᠭᠴᠢ ᠶᠢᠨ ᠡᠳᠦᠷ ᠲᠤᠲᠤᠮ ᠤᠨ ᠭᠠᠶᠢᠯᠢ ᠰᠦᠢᠳᠬᠡᠯ ᠲᠤᠰᠢᠶᠠᠬᠤ ᠶᠠᠪᠤᠴᠠ ᠳᠠᠬᠢ ᠥᠪᠡᠷᠮᠢᠴᠡ ᠲᠦᠪᠡᠭᠲᠡᠶ ᠠᠰᠠᠭᠤᠳᠠᠯ ᠢ ᠣᠶᠢᠷ᠎ᠠ ᠵᠠᠶ ᠠᠴᠠ ︽ | ᠨᠢᠭᠤᠷᠲᠠᠨ︾ ᠠᠰᠠᠭᠤᠨ ᠯᠠᠪᠯᠠᠬᠤ ᠳᠤ ᠲᠥᠬᠦᠮ ᠦᠵᠡᠭᠦᠯᠪᠡ᠃ ᠬᠠᠮᠲᠤᠷᠠᠨ ᠠᠵᠢᠯᠯᠠᠬᠤ ᠪᠦᠯᠬᠦᠮ ᠨᠢ ᠭᠠᠶᠢᠯᠢ ᠰᠦᠢᠳᠬᠡᠯ ᠲᠤᠰᠢᠶᠠᠭᠴᠢ ᠶᠢᠨ ᠠᠰᠠᠭᠤᠳᠠᠯ ᠢ | ᠭᠥᠯᠢᠶᠡᠨ ᠠᠪᠤᠭᠰᠠᠨ ᠤ ᠳᠠᠷᠠᠭ᠎ᠠ᠂ ᠣᠯᠠᠩᠬᠢ ᠠᠰᠠᠭᠤᠳᠠᠯ ᠢ ᠲᠡᠷᠡ ᠳᠠᠷᠤᠶ ᠳᠤ ᠨᠢ ᠬᠠᠷᠢᠭᠤ ᠥᠭᠴᠦ ᠰᠢᠢᠳᠪᠦᠷᠢᠯᠡᠨ᠎ᠡ︔ ᠰᠢᠢᠳᠪᠦᠷᠢᠯᠡᠵᠦ ᠳᠡᠶᠢᠯᠬᠦ ᠥᠬᠡᠶ | ᠠᠰᠠᠭᠤᠳᠠᠯ ᠢ ᠬᠠᠮᠵᠢᠯᠴᠠᠨ ᠠᠵᠢᠯᠯᠠᠬᠤ ᠪᠦᠯᠬᠦᠮ ᠨᠡᠶᠢᠲᠡ ᠠᠴᠠ ᠨᠢᠭᠡᠳᠦᠯᠲᠡᠶ ᠲᠥᠯᠥᠪᠯᠡᠨ ᠲᠣᠪᠴᠢᠶ᠎ᠠ ᠶᠢᠨ ᠳᠣᠲᠣᠭᠠᠳᠤ ᠶᠢᠨ ᠡᠯ᠎ᠡ ᠰᠠᠯᠠᠭ᠎ᠠ ᠮᠥᠴᠢᠷ ᠯᠦᠭᠡ | ᠰᠢᠢᠳᠪᠦᠷᠢᠯᠡᠬᠦ ᠲᠥᠰᠦᠯ ᠢ ᠰᠤᠳᠤᠯᠤᠨ᠎ᠠ︔ ᠲᠣᠰ ᠱᠠᠲᠤᠨ ᠤ ᠰᠢᠢᠳᠪᠦᠷᠢᠯᠡᠵᠦ ᠳᠡᠶᠢᠯᠬᠦ ᠥᠬᠡᠶ ᠶᠢ ᠨᠢ ᠮᠡᠳᠡᠭᠡ ᠵᠠᠩᠭᠢᠵᠢᠯᠲᠠ ᠶᠢᠨ ᠡᠯᠧᠺᠲᠷᠣᠨ ᠠᠵᠢᠯ ᠤᠨ | ᠬᠠᠭᠤᠳᠠᠰᠤ ᠪᠠᠷ ᠳᠠᠮᠵᠢᠭᠤᠯᠤᠨ ᠠᠶᠢᠮᠠᠭ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ | ᠲᠣᠪᠴᠢᠶ᠎ᠠ ᠳᠤ ᠲᠤᠰᠢᠶᠠᠵᠤ᠂ ᠵᠤᠩᠭᠢᠯᠠᠭᠠ ᠶᠢᠨ ᠣᠯᠠᠨ ᠠᠰᠠᠭᠤᠳᠠᠯ ᠢ 3 ᠠᠵᠢᠯᠯᠠᠬᠤ ᠡᠳᠦᠷ ᠤᠨ ᠳᠣᠲᠣᠷ᠎ᠠ ᠰᠤᠳᠤᠯᠤᠨ ᠰᠢᠢᠳᠪᠦᠷᠢᠯᠡᠨ᠎ᠡ᠃ | |