ᠵᠠᠰᠠᠭ ᠵᠠᠬᠢᠷᠭᠠᠨ ᠤ ᠬᠤᠪᠢᠶᠠᠷᠢᠯᠠᠯ
ᠨᠡᠶᠢᠲᠡᠯᠡᠭᠰᠡᠨ ᠴᠠᠭ᠄
2021/4/22
      1949 ᠣᠨ ᠤ 9 ᠰᠠᠷ᠎ᠠ ᠶᠢᠨ 19 ᠤ ᠡᠳᠦᠷ᠂ ᠰᠦᠢᠶᠤᠸᠠᠨ ᠮᠤᠵᠢ ᠨᠠᠶᠢᠷᠠᠮᠳᠠᠯ ᠢᠶᠠᠷ ᠴᠢᠯᠥᠭᠡᠯᠡᠭᠳᠡᠪᠡ᠃ 12 ᠰᠠᠷ᠎ᠠ ᠶᠢᠨ 9 ᠤ ᠡᠳᠦᠷ᠂ ᠰᠦᠢᠶᠤᠸᠠᠨ ᠮᠤᠵᠢ ᠶᠢᠨ ᠴᠡᠷᠢᠭ ᠵᠠᠰᠠᠭ ᠤᠨ ᠵᠥᠪᠯᠡᠯ ᠤᠨ ᠭᠦᠢ ᠰᠦᠢ ᠬᠤᠳᠠ ᠶᠢᠨ ᠠᠵᠢᠯᠯᠠᠬᠤ ᠪᠦᠯᠬᠦᠮ ᠭᠦᠢ ᠰᠦᠢ ᠳᠤ ᠬᠦᠷᠪᠡ᠃ 1954 ᠣᠨ ᠤ 4 ᠰᠠᠷ᠎ᠠ ᠶᠢᠨ 25 ᠤ ᠡᠳᠦᠷ ᠠᠴᠠ ᠡᠬᠢᠯᠡᠵᠦ᠂ ︽ᠭᠦᠢ ᠰᠦᠢ ᠬᠤᠳᠠ︾ ᠶᠢ ︽ᠬᠥᠬᠡᠬᠤᠲᠠ︾ ᠭᠡᠵᠦ ᠬᠠᠯᠠᠪᠠ᠃ 1960 ᠣᠨ ᠠᠴᠠ ᠡᠮᠦᠨ᠎ᠡ᠂ ᠬᠥᠬᠡᠬᠤᠲᠠ ᠳᠤ ᠰᠢᠨ᠎ᠡ ᠬᠤᠳᠠ ᠲᠣᠭᠤᠷᠢᠭ᠂ ᠬᠤᠲᠤᠩ ᠠᠷᠠᠳ ᠤᠨ ᠲᠣᠭᠤᠷᠢᠭ᠂ ᠢᠦᠢ ᠴᠢᠤᠸᠠᠨ ᠲᠣᠭᠤᠷᠢᠭ ᠪᠣᠯᠤᠨ ᠰᠠᠶᠢᠬᠠᠨ ᠲᠣᠭᠤᠷᠢᠭ ᠢ ᠬᠠᠷᠢᠶᠠᠯᠠᠵᠤ ᠪᠠᠶᠢᠪᠠ᠃ 1960 ᠣᠨ ᠳᠤ᠂ ᠤᠤᠯ ᠳᠠᠭᠠᠨ ᠤᠯᠠᠭᠠᠨᠴᠠᠪ ᠠᠶᠢᠮᠠᠭ ᠲᠤ ᠬᠠᠷᠢᠶᠠᠯᠠᠭᠳᠠᠵᠤ ᠪᠠᠶᠢᠭᠰᠠᠨ ᠲᠦᠮᠡᠳ ᠬᠤᠰᠢᠭᠤ ᠶᠢ ᠬᠥᠬᠡᠬᠤᠲᠠ ᠳᠤ ᠬᠠᠷᠢᠶᠠᠯᠠᠭᠤᠯᠪᠠ᠃ 1971 ᠣᠨ ᠳᠤ᠂ ᠤᠤᠯ ᠨᠢ ᠤᠯᠠᠭᠠᠨᠴᠠᠪ ᠠᠶᠢᠮᠠᠭ ᠲᠤ ᠬᠠᠷᠢᠶᠠᠯᠠᠭᠳᠠᠵᠤ ᠪᠠᠶᠢᠭᠰᠠᠨ ᠲᠣᠭᠲᠠᠬᠤ ᠰᠢᠶᠠᠨ ᠢ ᠬᠥᠬᠡᠬᠤᠲᠠ ᠳᠤ ᠬᠠᠷᠢᠶᠠᠯᠠᠭᠤᠯᠪᠠ᠃ 1995 ᠣᠨ ᠤ 11 ᠰᠠᠷ᠎ᠠ ᠶᠢᠨ 21 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ᠂ ᠤᠯᠠᠭᠠᠨᠴᠠᠪ ᠠᠶᠢᠮᠠᠭ ᠤᠨ ᠬᠤᠷᠢᠨᠭᠡᠷ ᠰᠢᠶᠠᠨ᠂ ᠴᠢᠩ ᠱᠦᠶ ᠾᠧ ᠰᠢᠶᠠᠨ ᠢ ᠬᠥᠬᠡᠬᠤᠲᠠ ᠳᠤ ᠬᠠᠷᠢᠶᠠᠯᠠᠭᠤᠯᠪᠠ᠃ 1996 ᠣᠨ ᠤ 5 ᠰᠠᠷ᠎ᠠ ᠶᠢᠨ 18 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ᠂ ᠤᠯᠠᠭᠠᠨᠴᠠᠪ ᠠᠶᠢᠮᠠᠭ ᠤᠨ ᠦᠴᠤᠸᠠᠨ ᠰᠢᠶᠠᠨ ᠢ ᠬᠥᠬᠡᠬᠤᠲᠠ ᠳᠤ ᠬᠠᠷᠢᠶᠠᠯᠠᠭᠤᠯᠪᠠ᠃ ᠬᠥᠬᠡᠬᠤᠲᠠ ᠶᠢᠨ ᠣᠲᠣ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠳᠤ ᠨᠡᠶᠢᠲᠡ 9 ᠬᠤᠰᠢᠭᠤ ᠰᠢᠶᠠᠨ ᠲᠣᠭᠤᠷᠢᠭ ᠢ ᠬᠠᠷᠢᠶᠠᠯᠠᠵᠤ ᠪᠣᠶ᠃ ᠪᠥᠬᠦ ᠬᠤᠲᠠ ᠶᠢᠨ ᠭᠠᠵᠠᠷ ᠰᠢᠷᠣᠶ ᠶᠢᠨ ᠶᠡᠷᠦᠩᠬᠡᠶ ᠲᠠᠯᠠᠪᠠᠶ ᠨᠢ 1.72 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠡᠭᠦᠨ ᠳᠤ᠂ ᠬᠤᠲᠠ ᠶᠢᠨ ᠲᠣᠭᠤᠷᠢᠭ ᠤᠨ ᠲᠠᠯᠠᠪᠠᠶ ᠨᠢ 2065 ᠲᠡᠭᠰᠢ ᠳᠥᠷᠪᠡᠯᠵᠢᠨ ᠺᠢᠯᠣᠮᠧᠲᠷ᠂ ᠬᠤᠰᠢᠭᠤ ᠰᠢᠶᠠᠨ ᠤ ᠲᠣᠭᠤᠷᠢᠭ ᠤᠨ ᠲᠠᠯᠠᠪᠠᠶ ᠨᠢ 15121 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠰᠢᠨ᠎ᠡ ᠬᠤᠲᠠ ᠲᠣᠭᠤᠷᠢᠭ᠂ ᠬᠤᠲᠣᠩ ᠠᠷᠠᠳ ᠤᠨ ᠲᠣᠭᠤᠷᠢᠭ᠂ ᠢᠦᠢ ᠴᠢᠤᠸᠠᠨ ᠲᠣᠭᠤᠷᠢᠭ᠂ ᠰᠠᠶᠢᠬᠠᠨ ᠲᠣᠭᠤᠷᠢᠭ ᠭᠡᠬᠦ ᠬᠤᠲᠠ ᠶᠢᠨ ᠳᠣᠲᠣᠷᠠᠬᠢ ᠳᠥᠷᠪᠡᠨ ᠲᠣᠭᠤᠷᠢᠭ ᠵᠢᠴᠢ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠴᠢᠩ ᠱᠦᠶ ᠾᠧ ᠰᠢᠶᠠᠨ᠂ ᠦᠴᠤᠸᠠᠨ ᠰᠢᠶᠠᠨ ᠵᠡᠷᠭᠡ ᠲᠠᠪᠤᠨ ᠬᠤᠰᠢᠭᠤ ᠰᠢᠶᠠᠨ ᠢ ᠬᠠᠷᠢᠶᠠᠯᠠᠨ᠎ᠠ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ