ᠲᠡᠦᠬᠡᠨ ᠬᠤᠪᠢᠰᠤᠯ
ᠨᠡᠶᠢᠲᠡᠯᠡᠭᠰᠡᠨ ᠴᠠᠭ᠄
2021/4/22
      ᠬᠥᠬᠡᠬᠤᠲᠠ ᠨᠢ 2300 ᠭᠠᠷᠤᠢ ᠵᠢᠯ ᠤᠨ ᠲᠡᠦᠬᠡ ᠲᠠᠢ᠃ 1986 ᠣᠨ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠬᠥᠬᠡᠬᠤᠲᠠ ᠶᠢ ᠵᠢᠩᠬᠢᠨᠢ ᠪᠠᠷ ᠲᠡᠦᠬᠡ ᠰᠣᠶᠣᠯ ᠤᠨ ᠨᠡᠷᠡᠳᠦ ᠬᠤᠳᠠ ᠪᠠᠷ ᠨᠡᠷᠡᠯᠡᠵᠠᠢ᠃ ᠬᠥᠬᠡᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠳᠠᠯᠠᠨ ᠬᠠᠷ᠎ᠠ ᠠᠭᠤᠯᠠ ᠶᠢᠨ ᠬᠤᠷᠮᠣᠶ ᠳᠣᠣᠷ᠎ᠠ᠂ ᠬᠠᠲᠤᠨ ᠭᠤᠣᠯ ᠤᠨ ᠬᠥᠪᠡᠭᠡᠨ ᠤ ᠡᠨᠡᠬᠦ ᠭᠠᠶᠢᠬᠠᠮᠰᠢᠭᠲᠤ ᠦᠩ ᠰᠢᠮᠡᠯᠢᠭ ᠭᠠᠵᠠᠷ ᠳᠡᠭᠡᠷ᠎ᠡ ᠦᠶ᠎ᠡ ᠶᠢᠨ ᠦᠶ᠎ᠡ ᠪᠠᠷ ᠢᠶᠠᠨ ᠣᠷᠤᠰᠢᠨ ᠠᠮᠢᠳᠣᠷᠠᠵᠤ᠂ ᠭᠡᠷᠡᠯ ᠰᠠᠴᠤᠷᠠᠩᠭᠤᠢ ᠪᠣᠯᠪᠠᠰᠤᠨ ᠢ ᠬᠠᠮᠲᠤᠪᠠᠷ ᠡᠭᠦᠳᠦᠨ ᠪᠦᠲᠦᠭᠡᠭᠰᠡᠨ ᠶᠤᠮ᠃ ᠡᠨᠡ ᠪᠣᠯ ᠳᠤᠮᠳᠠᠳᠤ ᠶᠢᠨ ᠦᠨᠳᠦᠰᠦᠲᠡᠨ ᠤ ᠡᠭᠦᠰᠦᠭᠰᠡᠨ ᠭᠠᠵᠠᠷ ᠤᠨ ᠨᠢᠭᠡ ᠨᠢ ᠮᠥᠨ︔ ︽ᠳ᠋ᠠ ᠶᠣᠣ ᠶᠢᠨ ᠰᠣᠶᠣᠯ︾ ᠨᠢ ᠬᠥᠬᠡᠬᠤᠲᠠ ᠶᠢᠨ ᠬᠥᠮᠦᠨ ᠲᠥᠷᠥᠯᠬᠢᠲᠡᠨ ᠤ ᠪᠣᠯᠪᠠᠰᠤᠨ ᠤ ᠲᠡᠦᠬᠡ ᠶᠢ ᠰᠡᠬᠦᠵᠡᠢ︔ ᠪᠠᠶᠢᠯᠳᠤᠭᠠᠨᠲᠤ ᠤᠯᠤᠰ ᠤᠨ ᠵᠣᠣ ᠡᠦ ᠯᠢᠩ ᠸᠠᠩ ᠠᠳᠡ ᠶᠦᠨ ᠵᠥᠩ ᠵᠢᠶᠦ᠋ᠨ ᠢ ᠪᠠᠶᠢᠭᠤᠯᠵᠤ᠂ ᠤᠮᠠᠷᠠᠲᠤ ᠸᠧᠶ ᠤᠯᠤᠰ ᠠᠳᠡ ︽ᠱᠧᠩ ᠯᠧ ︾ ᠳᠤ ᠨᠡᠶᠢᠰᠯᠡᠵᠦ᠂ ᠯᠢᠶᠣᠤ ᠤᠯᠤᠰ᠂ ᠶᠢᠨ ᠤᠯᠤᠰ᠂ ᠶᠤᠸᠠᠨ ᠤᠯᠤᠰ ᠤᠨ ᠦᠶ᠎ᠡ ᠳᠤ ᠠᠳᠡ ᠹᠸᠡᠭᠵᠸᠤ ᠬᠤᠲᠠ ᠶᠢ ᠪᠠᠶᠢᠭᠤᠯᠵᠤ᠂ ᠮᠢᠩ ᠤᠯᠤᠰ ᠤᠨ ᠦᠶ᠎ᠡ ᠶᠢᠨ ᠮᠣᠩᠭᠤᠯ ᠦᠨᠳᠦᠰᠦᠲᠡᠨ ᠤ ᠲᠦᠷᠦᠭᠦᠦ ᠠᠯᠳᠠᠨ ᠬᠠᠨ ᠠᠳᠡ ︽ᠬᠦᠬᠡᠬᠤᠲᠠ︾ ᠶᠢ ᠪᠠᠶᠢᠭᠤᠯᠵᠠᠶ᠃ ᠡᠨᠡ ᠭᠠᠵᠠᠷ ᠪᠣᠯ ᠲᠠᠯ᠎ᠠ ᠨᠤᠲᠤᠭ ᠤᠨ ᠲᠣᠷᠭᠠᠨ ᠵᠠᠮ ᠤᠨ ᠵᠠᠪᠠᠯ ᠥᠩᠭᠡᠷᠡᠬᠦ ᠭᠠᠵᠠᠷ ᠪᠣᠯᠤᠨ᠎ᠠ᠂ ᠴᠢᠩ ᠤᠯᠤᠰ ᠤᠨ ᠳᠤᠮᠳᠠᠴᠢ ᠦᠶ᠎ᠡ ᠪᠠᠷ᠂ ᠳᠣᠲᠣᠭᠠᠳᠤ ᠭᠠᠳᠠᠭᠠᠳᠤ ᠳᠤ ᠠᠯᠳᠠᠷᠰᠢᠭᠰᠠᠨ ︽ᠳ᠋ᠠ ᠱᠧᠩ ᠺᠦᠶ︾ ᠵᠡᠷᠭᠡ ᠮᠣᠩᠭᠤᠯ ᠳᠤ ᠵᠢᠭᠤᠯᠴᠢᠯᠠᠭᠰᠠᠨ ᠬᠤᠳᠠᠯᠳᠤᠭᠠᠨ ᠤ ᠭᠠᠵᠠᠷ ᠤᠨ ᠬᠥᠭᠵᠢᠨ ᠮᠠᠨᠳᠤᠬᠤ ᠶᠢ ᠳᠠᠭᠠᠯᠳᠤᠨ᠂ ᠠᠳᠡᠬᠢ ᠨᠢ ᠮᠠᠨ ᠤ ᠤᠯᠤᠰ ᠤᠨ ᠤᠮᠠᠷᠠᠲᠤ ᠣᠷᠣᠨ ᠤ ᠬᠤᠳᠠᠯᠳᠤᠭᠠᠴᠢᠨ ᠮᠠᠶᠢᠮᠠᠶᠢᠴᠢᠨ ᠤ ᠴᠢᠬᠤᠯᠠ ᠪᠠᠯᠭᠠᠰᠤ ᠪᠣᠯᠤᠭᠰᠠᠨ ᠪᠠᠶᠢᠨ᠎ᠠ᠂ ᠴᠢᠩ ᠤᠯᠤᠰ ᠤᠨ ᠰᠢᠯᠦᠭᠴᠢᠳ ︽ᠵᠥᠴᠦᠭᠡ ᠶᠢᠨ ᠬᠦᠷᠢᠶᠡᠯᠡᠩ ᠪᠡᠭᠡᠵᠢᠩ ᠬᠤᠲᠠᠨ᠎ᠠ ᠠᠳᠠᠯᠢ ᠣᠯᠠᠨ ᠪᠣᠯᠵᠤ᠂ ᠬᠤᠳᠠᠯᠳᠤᠭ᠎ᠠ ᠳᠡᠯᠭᠡᠭᠦᠷ ᠣᠯᠠᠰᠢᠷᠠᠨ ᠬᠥᠭᠵᠢᠭᠡᠨ ᠳᠡᠪᠵᠢᠭᠡᠨ ᠪᠢᠯᠬᠠᠨᠠᠮ︾ ᠭᠡᠬᠦ ᠢᠷᠠᠭᠤ ᠰᠠᠶᠢᠬᠠᠨ ᠰᠢᠯᠦᠭ ᠳᠠᠭᠤᠯᠠᠯ ᠢᠶᠠᠷ ᠠᠳᠡᠬᠢ ᠴᠡᠴᠡᠭᠯᠡᠨ ᠬᠥᠭᠵᠢᠭᠰᠡᠨ ᠪᠠᠶᠢᠳᠠᠯ ᠢ ᠵᠢᠷᠤᠭᠯᠠᠭᠰᠠᠨ ᠶᠤᠮ᠃ ᠠᠳᠡᠬᠢ ᠪᠣᠯ ᠮᠠᠨ ᠤ ᠤᠯᠤᠰ ᠤᠨ ᠠᠩᠬᠠᠳᠠᠭᠴᠢ ᠴᠥᠭᠡᠨ ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠲᠥᠪ᠂ ᠲᠠᠯ᠎ᠠ ᠨᠤᠲᠤᠭ ᠤᠨ ᠪᠣᠯᠪᠠᠰᠤᠨ ᠬᠢᠭᠡᠳ ᠲᠠᠷᠢᠶᠠᠯᠠᠬᠤ ᠪᠣᠯᠪᠠᠰᠤᠨ ᠠᠭᠤᠰᠤᠯᠴᠠᠨ ᠬᠥᠭᠵᠢᠭᠰᠡᠨ ᠦᠵᠡᠰᠬᠦᠯᠡᠩᠲᠦ ᠬᠤᠲᠠ ᠶᠤᠮ᠃ ᠠᠳᠡ ᠡᠭᠦᠰᠦᠭᠰᠡᠨ ᠮᠢᠩᠭᠠᠨ ᠣᠨ ᠤ ᠦᠯᠢᠭᠡᠷ ᠪᠣᠯ ᠵᠡᠭᠦᠨ ᠠᠽᠢᠶ᠎ᠠ ᠶᠢᠨ ᠨᠤᠲᠤᠭ ᠳᠡᠪᠢᠰᠬᠡᠷ ᠲᠤ ᠪᠢᠴᠢᠭᠳᠡᠭᠰᠡᠨ ᠰᠦᠷ ᠳᠠᠯᠠᠶᠢᠴᠠᠲᠠᠢ ᠲᠤᠤᠯᠢᠰ ᠮᠦᠨ᠂ ᠮᠥᠨᠴᠦ ᠬᠥᠮᠦᠨ ᠲᠥᠷᠥᠯᠬᠢᠲᠡᠨ ᠤ ᠲᠡᠦᠬᠡ ᠶᠢᠨ ᠴᠢᠬᠤᠯᠠ ᠬᠠᠭᠤᠳᠠᠰᠤ ᠪᠣᠯᠤᠨ᠎ᠠ᠃ ᠠᠳᠡᠬᠢ ᠪᠣᠯ ᠵᠦᠩᠶᠤᠸᠠᠨ ᠣᠷᠣᠨ ᠤ ᠬᠢᠲᠠᠳ ᠦᠨᠳᠦᠰᠦᠲᠡᠨ ᠤ ᠰᠣᠶᠣᠯ ᠪᠣᠯᠤᠨ ᠤᠮᠠᠷᠠᠲᠤ ᠶᠢᠨ ᠴᠥᠭᠡᠨ ᠲᠣᠭᠠᠲᠤ ᠦᠨᠳᠦᠰᠦᠲᠡᠨ ᠤ ᠰᠣᠶᠣᠯ ᠤᠨ ᠨᠡᠶᠢᠯᠡᠯᠲᠡ ᠶᠢᠨ ᠴᠡᠭ ᠪᠣᠯᠤᠨ᠎ᠠ︔ ᠠᠳᠡ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠷᠢᠯᠴᠠᠨ ᠬᠦᠨᠳᠦᠳᠬᠡᠵᠦ ᠬᠠᠷᠢᠯᠴᠠᠨ ᠬᠠᠶᠢᠷᠠᠯᠠᠬᠤ᠂ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠪᠦᠯᠬᠦᠮᠳᠡᠯ ᠤᠨ ᠮᠠᠭᠲᠠᠭᠠᠯ ᠳᠠᠭᠤᠤ ᠳᠠᠭᠤᠷᠢᠰᠴᠤ ᠪᠠᠶᠢᠨ᠎ᠠ᠃      ᠳ᠋ᠠ ᠶᠣᠣ ᠶᠢᠨ ᠰᠣᠶᠣᠯ ᠤᠨ ᠪᠠᠭᠤᠷᠢ᠂ ᠤᠷᠳᠤ ᠴᠠᠭᠠᠨ ᠬᠡᠷᠡᠮ ᠤᠨ ᠪᠠᠭᠤᠷᠢ᠂ ᠶᠦᠨ ᠵᠦᠩ ᠤᠨ ᠡᠷᠲᠡᠨ ᠤ ᠬᠤᠳᠠ᠂ ᠵᠤᠤ ᠵᠢᠶᠦ᠋ᠨ ᠤ ᠤᠩᠭᠤᠨ᠂ ᠸᠠᠨ ᠪᠣᠣ ᠬᠤᠸᠠ ᠶᠠᠨ ᠵᠢᠩ ᠰᠤᠪᠤᠷᠭ᠎ᠠ᠂ ᠶᠡᠭᠡ ᠵᠤᠤ᠂ ᠰᠢᠷᠡᠭᠡᠲᠦ ᠵᠤᠤ᠂ ᠵᠠᠩᠵᠤᠨ ᠤ ᠶᠠᠮᠤᠨ᠂ ᠭᠦᠩᠵᠦ ᠶᠢᠨ ᠣᠷᠳᠣᠨ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠦᠯᠡᠳᠡᠭᠳᠡᠯ ᠪᠣᠯ ᠬᠥᠬᠡᠬᠤᠲᠠ ᠶᠢᠨ ᠬᠢᠯᠠᠯᠵᠠᠭᠰᠠᠨ ᠤᠯᠠ ᠮᠥᠷ ᠮᠦᠨ᠃       ᠬᠥ᠋ ᠾᠦᠨ ᠲᠠᠨ ᠤ ᠬᠡᠷᠡᠭ ᠬᠤᠪᠢᠰᠤᠯ᠂ ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠰᠠᠭᠤᠷᠢᠨ ᠭᠠᠵᠠᠷ᠂ ︽9.19︾ ᠤ ᠨᠠᠶᠢᠷᠠᠮᠳᠠᠯ ᠤᠨ ᠪᠣᠰᠣᠯᠭ᠎ᠠ ᠪᠣᠯ ᠡᠨᠡ ᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠴᠢᠰᠤᠨ ᠪᠠᠶᠢᠯᠳᠤᠭᠠᠨ ᠬᠢᠵᠦ᠂ ᠡᠮᠦᠨᠡᠬᠢ ᠨᠢ ᠤᠨᠠᠪᠠᠯ ᠬᠤᠶᠢᠨᠠᠬᠢ ᠨᠢ ᠵᠠᠯᠭᠠᠮᠵᠢᠯᠠᠭᠰᠠᠨ ᠢᠷᠠᠭᠤ ᠠᠯᠳᠠᠷᠲᠤ ᠲᠡᠦᠬᠡ ᠪᠣᠯᠤᠨ᠎ᠠ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ