ᠪᠠᠶᠢᠭᠠᠯᠢ ᠶᠢᠨ ᠭᠠᠵᠠᠷ ᠵᠦᠢ
ᠨᠡᠶᠢᠲᠡᠯᠡᠭᠰᠡᠨ ᠴᠠᠭ᠄
2021/4/22
      ᠬᠥᠬᠡᠬᠤᠲᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ ᠲᠤ ᠪᠠᠶᠢᠷᠰᠢᠯᠠᠵᠤ᠂ ᠵᠡᠭᠦᠨ ᠤᠷᠲᠤᠷᠢᠭ ᠤᠨ 110 ᠭᠷᠠᠳᠦ᠋ᠰ 46 ᠮᠢᠨᠦ᠋ᠲ -112 ᠭᠷᠠᠳᠦ᠋ᠰ10 ᠮᠢᠨᠦ᠋ᠲ᠂ ᠤᠮᠠᠷᠠᠲᠤ ᠥᠷᠭᠡᠷᠢᠭ ᠤᠨ 40 ᠭᠷᠠᠳᠦ᠋ᠰ 51ᠮᠢᠨᠦ᠋ᠲ -41ᠭᠷᠠᠳᠦ᠋ᠰ 8ᠮᠢᠨᠦ᠋ᠲ ᠳᠤ ᠣᠷᠤᠰᠢᠵᠤ᠂ ᠪᠦᠬᠦ ᠣᠷᠣᠨ ᠤ ᠤᠯᠤᠰ ᠲᠦᠷᠦ᠂ ᠠᠵᠤ ᠠᠬᠤᠶ᠂ ᠰᠣᠶᠣᠯ᠂ ᠰᠢᠨᠵᠢᠯᠡᠬᠦ ᠤᠬᠠᠭᠠᠨ᠂ ᠰᠤᠷᠭᠠᠨ ᠬᠥᠮᠦᠵᠢᠯ᠂ ᠮᠥᠩᠭᠦᠨ ᠭᠦᠢᠯᠭᠡᠭᠡᠨ ᠤ ᠲᠥᠪ ᠪᠣᠯᠤᠨ᠎ᠠ᠃ ᠪᠥᠬᠦ ᠬᠤᠲᠠ ᠶᠢᠨ ᠶᠡᠷᠦᠩᠬᠡᠶ ᠲᠠᠯᠠᠪᠠᠶ ᠨᠢ 1.7 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠮᠠᠨ ᠤ ᠤᠯᠤᠰ ᠤᠨ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠢ ᠬᠤᠯᠪᠣᠭᠰᠠᠨ ᠴᠢᠬᠤᠯᠠ ᠬᠦᠢᠰᠦ ᠬᠤᠲᠠ ᠮᠥᠨ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠬᠤᠲᠠ ᠶᠢᠨ ᠪᠥᠭᠡᠮᠨᠡᠷᠡᠯ ᠤᠨ ᠣᠷᠣᠨ ᠪᠦᠰᠡ ᠶᠢᠨ ᠴᠢᠨᠠᠷᠲᠠᠶ ᠲᠥᠪ ᠬᠤᠲᠠ ᠮᠥᠨ᠂ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠵᠠᠩᠭᠢᠯᠠᠭ᠎ᠠ ᠶᠢᠨ ᠬᠤᠲᠠ ᠮᠥᠨ᠂ ᠪᠠᠰᠠ ᠴᠤ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ︽ᠬᠥᠭᠦᠷᠭᠡᠨ ᠪᠠᠬᠢᠯᠡᠯᠲᠡ︾ ᠮᠥᠨ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠢ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠬᠡᠮᠡᠨ ᠵᠦᠢᠷᠯᠡᠪᠡ᠂ ᠥᠪᠡᠷᠲᠡᠭᠡᠨ ᠵᠠᠰᠠᠬᠤ ᠣᠷᠣᠨ ᠤ ᠲᠥᠪ ᠪᠣᠯᠬᠤ ᠬᠥᠬᠡᠬᠤᠲᠠ ᠨᠢ ᠡᠨᠡᠬᠦ ᠦᠵᠡᠮᠵᠢ ᠶᠢᠨ ᠣᠷᠣᠨ ᠤ ᠨᠢᠭᠡᠨ ᠭᠡᠷᠡᠯᠲᠦ ᠰᠤᠪᠤᠳ ᠪᠣᠯᠬᠤ ᠨᠢ ᠳᠠᠮᠵᠢᠭ ᠦᠭᠡᠢ ᠶᠤᠮ᠃       ᠬᠢᠯᠢ ᠶᠢᠨ ᠳᠣᠲᠣᠷ᠎ᠠ ᠭᠤᠣᠯᠳᠠᠭᠤ ᠬᠤᠶᠠᠷ ᠶᠡᠭᠡ ᠭᠠᠵᠠᠷ ᠤᠨ ᠭᠠᠳᠠᠷᠭᠤ ᠶᠢᠨ ᠨᠢᠭᠡᠴᠢ ᠪᠠᠶᠢᠳᠠᠭ᠂ ᠲᠤᠬᠠᠶᠢᠯᠠᠪᠠᠯ᠄ ᠤᠮᠠᠷᠠᠲᠤ ᠬᠡᠰᠡᠭ ᠤᠨ ᠳᠠᠯᠠᠨ ᠬᠠᠷ᠎ᠠ ᠠᠭᠤᠯᠠ ᠪᠠ ᠵᠡᠭᠦᠨ ᠡᠮᠦᠨᠡᠲᠦ ᠬᠡᠰᠡᠭ ᠤᠨ ᠮᠠᠨ ᠬᠠᠨ ᠱᠠᠨ ᠠᠭᠤᠯᠠ ᠪᠣᠯ ᠠᠭᠤᠯᠠᠷᠬᠠᠭ ᠭᠠᠵᠠᠷ ᠤᠨ ᠪᠠᠶᠢᠴᠠ᠂ ᠡᠮᠦᠨᠡᠲᠦ ᠬᠡᠰᠡᠭ ᠵᠢᠴᠢ ᠪᠠᠷᠠᠭᠤᠨ ᠡᠮᠦᠨᠡᠲᠦ ᠬᠡᠰᠡᠭ ᠨᠢ ᠲᠦᠮᠡᠳ ᠤᠨ ᠲᠠᠯ᠎ᠠ ᠨᠢ ᠲᠠᠯ᠎ᠠ ᠭᠠᠵᠠᠷ ᠤᠨ ᠭᠠᠵᠠᠷ ᠤᠨ ᠪᠠᠶᠢᠴᠠ ᠲᠠᠢ᠃ ᠭᠠᠵᠠᠷ ᠤᠨ ᠪᠠᠶᠢᠴᠠ ᠨᠢ ᠵᠡᠭᠦᠨ ᠬᠤᠶᠢᠲᠤ ᠠᠴᠠ ᠪᠠᠷᠠᠭᠤᠨ ᠡᠮᠦᠨᠡᠰᠢ ᠠᠭᠠᠵᠢᠮ ᠢᠶᠠᠷ ᠬᠡᠯᠪᠡᠶᠢᠭᠰᠡᠨ ᠭᠠᠵᠠᠷ ᠤᠨ ᠪᠠᠶᠢᠴᠠ ᠲᠠᠢ᠃ ᠳᠠᠯᠠᠢ ᠶᠢᠨ ᠲᠥᠪᠰᠢᠨ ᠠᠴᠠ ᠬᠠᠮᠤᠭ ᠥᠨᠳᠦᠷ ᠭᠠᠵᠠᠷ ᠨᠢ ᠳᠠᠯᠠᠨ ᠬᠠᠷ᠎ᠠ ᠠᠭᠤᠯᠠ ᠶᠢᠨ ᠯᠠᠤᠸᠠᠨ ᠳ᠋ᠢᠶᠠᠨ ᠤ ᠣᠷᠤᠢ ᠶᠢᠨ ᠬᠡᠰᠡᠭ 2280 ᠮᠧᠲᠷ ᠡᠷᠭᠦᠭᠳᠡᠵᠦ᠂ ᠬᠠᠮᠤᠭ ᠤᠨ ᠳᠣᠣᠷ᠎ᠠ ᠭᠠᠵᠠᠷ ᠨᠢ ᠲᠣᠭᠲᠠᠬᠤ ᠰᠢᠶᠠᠨ ᠤ ᠵᠥᠩ ᠲᠠᠨ ᠰᠢᠶᠠᠩ 986 ᠮᠧᠲᠷ ᠡᠷᠭᠦᠭᠳᠡᠵᠦ᠂ ᠬᠤᠲᠠ ᠲᠣᠭᠤᠷᠢᠭ ᠨᠢ 1040 ᠮᠧᠲᠷ ᠡᠷᠭᠦᠭᠳᠡᠵᠦ ᠪᠣᠢ᠃ ᠳᠠᠯᠠᠨ ᠬᠠᠷ᠎ᠠ ᠠᠭᠤᠯᠠ ᠨᠢ ᠮᠤᠨᠢ ᠠᠭᠤᠯᠠ ᠨᠢᠷᠤᠭᠤ ᠶᠢᠨ ᠳᠤᠮᠳᠠ ᠬᠡᠰᠡᠭ ᠢᠶᠠᠷ ᠣᠷᠤᠰᠢᠵᠤ᠂ ᠮᠠᠰᠢ ᠣᠯᠠᠨ ᠭᠤᠯᠳᠤ ᠠᠭᠤᠯᠠ ᠨᠢᠷᠤᠭᠤ ᠣᠷᠭᠢᠯ ᠪᠤᠶ ᠪᠣᠯᠤᠭᠰᠠᠨ ᠶᠤᠮ᠃ ᠪᠠᠷᠠᠭᠤᠨ ᠠᠴᠠ ᠵᠡᠭᠦᠨᠰᠢ ᠭᠤᠣᠯ ᠪᠣᠯᠬᠤ ᠠᠭᠤᠯᠠᠨ ᠣᠷᠭᠢᠯ ᠳᠤ ᠵᠢᠦ ᠹᠧᠩ ᠱᠠᠨ ᠠᠭᠤᠯᠠ᠂ ᠶᠢᠨ ᠢ ᠳ᠋ᠢᠶᠠᠨ ᠱᠠᠨ ᠠᠭᠤᠯᠠ᠂ ᠫᠠᠨ ᠯᠦᠩ ᠱᠠᠨ ᠠᠭᠤᠯᠠ᠂ ᠬᠤ᠋ ᠳᠧᠦ ᠱᠠᠨ ᠠᠭᠤᠯᠠ ᠵᠡᠷᠭᠡ ᠪᠠᠶᠢᠵᠤ᠂ ᠵᠡᠭᠦᠨ ᠡᠮᠦᠨ᠎ᠡ ᠬᠡᠰᠡᠭ ᠨᠢ ᠮᠠᠨ ᠬᠠᠨ ᠱᠠᠨ ᠠᠭᠤᠯᠠ ᠪᠣᠯᠤᠨ᠎ᠠ᠃       ᠭᠤᠣᠯ ᠮᠥᠷᠡᠨ ᠳᠤ ᠶᠡᠭᠡ ᠲᠦᠷᠭᠡᠨ ᠭᠤᠣᠯ᠂ ᠪᠠᠭ᠎ᠠ ᠲᠦᠷᠭᠡᠨ ᠭᠤᠣᠯ ᠪᠣᠢ᠃ 1958 ᠣᠨ ᠳᠤ ᠭᠤᠤ ᠶᠢᠨ ᠠᠮᠠᠰᠠᠷ ᠲᠤ ᠬᠤᠩ ᠯᠢᠩ ᠶᠢᠨ ᠤᠰᠤᠨ ᠴᠥᠭᠦᠷᠥᠮ ᠢ 1 ᠰᠠᠭᠤᠷᠢ ᠪᠠᠶᠢᠭᠤᠯᠵᠤ᠂ ᠴᠥᠭᠦᠷᠥᠮ ᠤᠨ ᠪᠠᠭᠲᠠᠭᠠᠮᠵᠢ ᠨᠢ 1650 ᠲᠦᠮᠡᠨ ᠺᠥᠪ ᠮᠧᠲᠷ᠂ ᠤᠰᠤᠯᠠᠯᠲᠠ ᠶᠢᠨ ᠲᠠᠯᠠᠪᠠᠢ ᠨᠢ 11 ᠲᠦᠮᠡᠨ ᠮᠦ᠃ ᠬᠠᠷᠠᠴᠢᠨ ᠭᠤᠤ ᠶᠢᠨ ᠤᠷᠳᠤ ᠨᠢ 55.6 ᠺᠢᠯᠦᠮᠧᠲᠷ᠂ ᠰᠠᠪᠠ ᠭᠠᠵᠠᠷ ᠤᠨ ᠲᠠᠯᠠᠪᠠᠢ ᠨᠢ 708.7 ᠲᠡᠭᠰᠢ ᠳᠥᠷᠪᠡᠯᠵᠢᠨ ᠺᠢᠯᠦᠮᠧᠲᠷ᠂ ᠵᠢᠯ ᠤᠨ ᠳᠤᠮᠳᠠᠴᠢ ᠤᠷᠤᠰᠬᠠᠯ ᠤᠨ ᠬᠡᠮᠵᠢᠶ᠎ᠡ ᠨᠢ 2622 ᠲᠦᠮᠡᠨ ᠺᠥᠪ ᠮᠧᠲᠷ ᠲᠤ ᠬᠦᠷᠴᠡᠢ᠃ ᠪᠥᠬᠦ ᠬᠤᠲᠠ ᠶᠢᠨ ᠭᠤᠤᠯ ᠮᠥᠷᠡᠨ ᠤ ᠪᠥᠬᠦ ᠣᠷᠳᠣ ᠨᠢ 1075.8 ᠺᠢᠯᠣᠮᠧᠲᠷ᠂ ᠭᠤᠤᠯ ᠤᠨ ᠲᠣᠤᠷ ᠤᠨ ᠨᠢᠭᠲᠠᠴᠠ ᠨᠢ 0.177 ᠺᠢᠯᠣᠮᠧᠲᠷ \ ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃       ᠬᠥᠬᠡᠬᠤᠲᠠ ᠪᠣᠯ ᠳᠤᠮᠳᠠ ᠰᠡᠷᠢᠭᠦᠨ ᠪᠦᠰᠡ ᠶᠢᠨ ᠡᠬᠡ ᠭᠠᠵᠠᠷ ᠤᠨ ᠴᠢᠨᠠᠷᠲᠠᠶ ᠤᠯᠠᠷᠢᠯ ᠤᠨ ᠰᠠᠯᠬᠢᠨ ᠤ ᠠᠭᠤᠷ ᠠᠮᠢᠰᠬᠤᠯ ᠳᠤ ᠬᠠᠷᠢᠶᠠᠯᠠᠭᠳᠠᠵᠤ᠂ ᠳᠥᠷᠪᠡᠨ ᠤᠯᠠᠷᠢᠯ ᠤᠨ ᠠᠭᠤᠷ ᠠᠮᠢᠰᠬᠤᠯ ᠤᠨ ᠬᠤᠪᠢᠷᠠᠯᠲᠠ ᠨᠢ ᠢᠯᠡᠷᠬᠡᠶ᠂ ᠵᠥᠷᠢᠶ᠎ᠡ ᠨᠢ ᠨᠡᠯᠢᠶᠡᠳ ᠶᠡᠭᠡ ᠪᠠᠶᠢᠳᠠᠭ᠂ ᠲᠡᠭᠦᠨ ᠤ ᠣᠨᠴᠠᠯᠢᠭ ᠨᠢ᠄ ᠡᠪᠦᠯ ᠤᠨ ᠤᠯᠠᠷᠢᠯ ᠨᠢ ᠣᠷᠳᠣ ᠮᠥᠷᠲᠡᠭᠡᠨ ᠬᠠᠬᠢᠷ  ᠬᠦᠢᠲᠡᠨ᠂ ᠵᠣᠨ ᠤ ᠤᠯᠠᠷᠢᠯ ᠨᠢ ᠣᠬᠤᠷ ᠮᠥᠷᠲᠡᠭᠡᠨ ᠠᠭᠠᠭᠢᠮ᠎ᠠ ᠬᠠᠯᠠᠭᠤᠨ᠂ ᠬᠠᠪᠤᠷ ᠨᠠᠮᠤᠷ ᠤᠨ ᠬᠤᠶᠠᠷ ᠤᠯᠠᠷᠢᠯ ᠤᠨ ᠠᠭᠤᠷ ᠠᠮᠢᠰᠬᠤᠯ ᠤᠨ ᠬᠤᠪᠢᠷᠠᠯᠲᠠ ᠰᠢᠷᠦᠭᠦᠨ ᠪᠠᠶᠢᠳᠠᠭ᠃ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ ᠤᠮᠠᠷ᠎ᠠ ᠠᠴᠠ ᠡᠮᠦᠨᠡᠰᠢ ᠠᠬᠢᠨ ᠨᠡᠮᠡᠭᠳᠡᠵᠦ᠂ ᠤᠮᠠᠷᠠᠲᠤ ᠬᠡᠰᠡᠭ ᠤᠨ ᠳᠠᠯᠠᠨ ᠬᠠᠷ᠎ᠠ ᠠᠭᠤᠯᠠ ᠶᠢᠨ ᠬᠡᠰᠡᠭ ᠨᠢ ᠵᠥᠪᠬᠡᠨ 2℃ ᠣᠷᠴᠢᠮ ᠪᠠᠶᠢᠵᠤ᠂ ᠡᠮᠦᠨᠡᠲᠦ ᠬᠡᠰᠡᠭ ᠨᠢ 6.7℃ ᠭᠥᠷᠳᠡᠭ᠃ ᠬᠠᠮᠤᠭ ᠤᠨ ᠬᠦᠢᠲᠡᠨ ᠰᠠᠷ᠎ᠠ ᠶᠢᠨ ᠠᠭᠠᠷ ᠤᠨ ᠳᠤᠯᠠᠭᠠᠨ ᠨᠢ- 12.7 ~ 16.1℃ ᠬᠠᠮᠤᠭ ᠤᠨ ᠬᠠᠯᠠᠭᠤᠨ ᠰᠠᠷ᠎ᠠ ᠶᠢᠨ ᠳᠤᠮᠳᠠᠴᠢ ᠠᠭᠠᠷ ᠤᠨ ᠳᠤᠯᠠᠭᠠᠨ ᠨᠢ 17-22.9℃ ᠪᠠᠶᠢᠳᠠᠭ᠃ ᠵᠢᠯ ᠤᠨ ᠳᠤᠮᠳᠠᠴᠢ ᠵᠥᠷᠢᠶ᠎ᠡ ᠨᠢ 34.4 — 35.7℃ ᠪᠠᠶᠢᠵᠤ᠂ ᠡᠳᠦᠷ ᠤᠨ ᠳᠤᠮᠳᠠᠴᠢ ᠵᠥᠷᠢᠶ᠎ᠡ ᠨᠢ 13.5 — 13.7℃ ᠪᠠᠶᠢᠳᠠᠭ᠃ ᠬᠢᠷᠠᠭᠤ ᠥᠬᠡᠶ ᠬᠤᠭᠤᠴᠠᠭ᠎ᠠ᠄ ᠤᠮᠠᠷᠠᠲᠤ ᠬᠡᠰᠡᠭ ᠤᠨ ᠠᠭᠤᠯᠠᠷᠬᠠᠭ ᠣᠷᠣᠨ ᠳᠤ 75 ᠡᠳᠦᠷ᠂ ᠪᠣᠭᠤᠨᠢ ᠠᠭᠤᠯᠠ ᠳᠣᠪᠣᠷᠬᠠᠭ ᠣᠷᠣᠨ ᠳᠤ 110 ᠡᠳᠦᠷ᠂ ᠡᠮᠦᠨᠡᠲᠦ ᠬᠡᠰᠡᠭ ᠤᠨ ᠲᠠᠯ᠎ᠠ ᠭᠠᠵᠠᠷ ᠤᠨ ᠣᠷᠣᠨ ᠳᠤ 113 —134 ᠡᠳᠦᠷ᠄ ᠨᠡᠷᠡᠨ ᠤ ᠲᠤᠰᠤᠯᠲᠠ ᠵᠢᠯ ᠪᠦᠷᠢ ᠳᠤᠮᠳᠠᠴᠢ ᠪᠠᠷ 1600 ᠴᠠᠭ ᠪᠠᠶᠢᠳᠠᠭ᠃ ᠬᠤᠷ᠎ᠠ ᠲᠤᠨᠳᠠᠰᠤᠨ ᠤ ᠬᠡᠮᠵᠢᠶ᠎ᠡ᠄ ᠵᠢᠯ ᠤᠨ ᠳᠤᠮᠳᠠᠴᠢ ᠬᠤᠷ᠎ᠠ ᠲᠤᠨᠳᠠᠰᠤᠨ ᠤ ᠬᠡᠮᠵᠢᠶ᠎ᠡ ᠨᠢ 335.2 —534.6 ᠮᠢᠯᠢᠮᠧᠲᠷ ᠪᠠᠶᠢᠵᠤ᠂ ᠲᠡᠭᠦᠨ ᠤ ᠭᠠᠵᠠᠷ ᠣᠷᠣᠨ ᠤ ᠲᠠᠷᠬᠠᠯᠲᠠ ᠨᠢ ᠪᠠᠷᠠᠭᠤᠨ ᠡᠮᠦᠨᠡᠲᠦ ᠣᠷᠣᠨ ᠳᠤ ᠬᠠᠮᠤᠭ ᠪᠠᠭ᠎ᠠ᠂ ᠵᠢᠯ ᠤᠨ ᠬᠤᠷ᠎ᠠ ᠲᠤᠨᠳᠠᠰᠤᠨ ᠤ ᠬᠡᠮᠵᠢᠶ᠎ᠡ ᠨᠢ ᠵᠥᠪᠬᠡᠨ 350 ᠮᠢᠯᠢᠮᠧᠲᠷ ᠯᠡ ᠪᠠᠶᠢᠳᠠᠭ᠂ ᠲᠠᠯ᠎ᠠ ᠭᠠᠵᠠᠷ ᠨᠢ 400 ᠮᠢᠯᠢᠮᠧᠲᠷ ᠣᠷᠴᠢᠮ ᠪᠠᠶᠢᠳᠠᠭ᠂ ᠳᠠᠯᠠᠨ ᠬᠠᠷ᠎ᠠ ᠠᠭᠤᠯᠠ ᠶᠢᠨ ᠬᠡᠰᠡᠭ ᠨᠢ 430 —500 ᠮᠢᠯᠢᠮᠧᠲᠷ︔ ᠬᠠᠮᠤᠭ ᠠᠷᠪᠢᠨ ᠳᠠᠭᠠᠨ ᠳ᠋ᠠ ᠴᠢᠩ ᠱᠠᠨ ᠰᠢᠶᠠᠩ ᠤᠨ ᠢ ᠴᠢᠶᠠᠨ ᠰᠢᠶᠠᠩ ᠲᠣᠰᠬᠤᠨ ᠪᠠᠶᠢᠵᠤ᠂ ᠵᠢᠯ ᠤᠨ ᠳᠤᠮᠳᠠᠴᠢ ᠬᠤᠷ᠎ᠠ ᠲᠣᠨᠣᠳᠠᠰᠤ ᠨᠢ 534.6 ᠮᠢᠯᠢᠮᠧᠲᠷ ᠲᠤ ᠬᠦᠷᠴᠦ᠂ ᠳᠠᠷᠠᠭᠠᠯᠠᠪᠠᠯ ᠵᠢᠩ ᠰᠢᠶᠠᠩ ᠪᠣᠯᠤᠨ᠎ᠠ᠂ ᠵᠢᠯ ᠤᠨ ᠳᠤᠮᠳᠠᠴᠢ ᠬᠤᠷ᠎ᠠ ᠲᠣᠨᠣᠳᠠᠰᠤ ᠶᠢᠨ ᠬᠡᠮᠵᠢᠶ᠎ᠡ ᠨᠢ 489.3 ᠮᠢᠯᠢᠮᠧᠲᠷ ᠲᠤ ᠬᠦᠷᠴᠦ᠂ ᠬᠠᠮᠤᠭ ᠪᠠᠭ᠎ᠠ ᠳᠠᠭᠠᠨ ᠨᠠᠨᠫᠢᠩ ᠰᠢᠶᠠᠩ᠂ ᠾᠧᠢ ᠴᠧᠩ ᠰᠢᠶᠠᠩ᠂ ᠰᠢᠨ ᠶᠢᠩ ᠪᠠᠯᠭᠠᠰᠤ ᠣᠷᠴᠢᠮ ᠪᠠᠶᠢᠵᠤ᠂ ᠵᠢᠯ ᠤᠨ ᠳᠤᠮᠳᠠᠴᠢ ᠬᠤᠷ᠎ᠠ ᠲᠣᠨᠣᠳᠠᠰᠤ ᠶᠢᠨ ᠬᠡᠮᠵᠢᠶ᠎ᠡ ᠨᠢ ᠵᠥᠪᠬᠡᠨ 335.2 — 362.8 ᠮᠢᠯᠢᠮᠧᠲᠷ ᠲᠤ ᠬᠦᠷᠳᠡᠭ᠃
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ