︽ᠬᠥᠬᠡᠬᠤᠲᠠ ᠶᠢᠨ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠠᠷᠭ᠎ᠠ ᠬᠡᠮᠵᠢᠶ᠎ᠡ ᠨᠦᠭᠦᠳ︾ ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/4/23
      ᠨᠢᠭᠡ᠂ ︽ᠠᠷᠭ᠎ᠠ ᠬᠡᠮᠵᠢᠶ᠎ᠡ ᠨᠦᠭᠦᠳ︾ ᠤᠨ ᠬᠠᠷᠠᠯᠲᠠ᠂ ᠠᠴᠢ ᠬᠤᠯᠪᠣᠭᠳᠠᠯ ᠨᠢ ᠶᠠᠭᠤ ᠪᠤᠢ︖      ᠬᠠᠷᠢᠭᠤᠯᠲᠠ᠄ ︽ᠠᠷᠭ᠎ᠠ ᠬᠡᠮᠵᠢᠶ᠎ᠡ ᠨᠦᠭᠦᠳ︾ ᠤᠨ ᠬᠠᠷᠠᠯᠲᠠ᠄ ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠴᠢᠳᠠᠪᠤᠷᠢᠲᠠᠨ ᠤ ᠡᠷᠦᠬᠡ ᠠᠮᠠ ᠣᠷᠣᠬᠤ ᠨᠥᠬᠦᠴᠡᠯ ᠢ ᠪᠦᠬᠦ ᠲᠠᠯ᠎ᠠ ᠪᠠᠷ ᠴᠢᠯᠥᠭᠡᠲᠡᠶ ᠪᠣᠯᠭᠠᠵᠤ᠂ ᠬᠥᠳᠡᠯᠮᠦᠷᠢ ᠬᠦᠴᠦᠨ ᠤ ᠡᠬᠢ ᠪᠠᠶᠠᠯᠢᠭ ᠪᠣᠯᠤᠨ ᠴᠢᠳᠠᠪᠤᠷᠢᠲᠠᠨ ᠤ ᠵᠦᠶ ᠵᠣᠬᠢᠰᠲᠠᠶ ᠪᠥᠭᠡᠳ ᠡᠮᠬᠢ ᠵᠢᠷᠤᠮ ᠲᠠᠢ ᠪᠠᠷ ᠰᠢᠯᠵᠢᠬᠦ ᠶᠢ ᠠᠬᠢᠭᠤᠯᠤᠨ᠂ ᠬᠤᠲᠠ ᠶᠢᠨ ᠬᠥᠮᠦᠨ ᠠᠮᠠ ᠶᠢᠨ ᠬᠡᠪᠴᠢᠶ᠎ᠡ ᠶᠢ ᠪᠤᠵᠠᠭᠠᠶᠢᠷᠠᠭᠤᠯᠵᠤ᠂ ᠨᠡᠩ ᠣᠯᠠᠨ ᠬᠥᠮᠦᠨ ᠠᠮᠠ ᠶᠢ ᠭᠤᠣᠯ ᠬᠤᠲᠠ ᠶᠢᠨ ᠲᠣᠭᠤᠷᠢᠭ ᠲᠤ ᠡᠷᠦᠬᠡ ᠠᠮᠠ ᠤᠷᠤᠭᠤᠯᠬᠤ ᠪᠠᠷ ᠲᠠᠲᠠᠵᠤ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃      ᠠᠴᠢ ᠬᠤᠯᠪᠣᠭᠳᠠᠯ᠄ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠳᠥᠯᠭᠢᠨ ᠠᠬᠢᠭᠤᠯᠵᠤ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠨ᠂ ᠤᠷᠤᠨ ᠤ ᠲᠥᠪ ᠬᠤᠲᠠ ᠶᠢᠨ ᠭᠤᠤᠯᠯᠠᠬᠤ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠤᠯᠤᠰ ᠤᠨ ᠲᠥᠪ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠬᠤᠶᠠᠷ᠂ ︽ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠨ ᠬᠡᠷᠡᠭᠵᠢᠭᠦᠯᠦᠭᠰᠡᠨ ᠲᠦᠷᠦ ᠶᠢᠨ ᠪᠤᠳᠤᠯᠭ᠎ᠠ ᠶᠢᠨ  ᠦᠨᠳᠦᠰᠦᠯᠡᠯ ᠨᠢ ᠶᠠᠭᠤ ᠪᠤᠢ︖      ᠬᠠᠷᠢᠭᠤᠯᠲᠠ᠄ ︵ᠨᠢᠭᠡ︶ 2020 ᠣᠨ ᠤ 4 ᠰᠠᠷ᠎ᠠ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ︽2020 ᠣᠨ ᠤ ᠰᠢᠨ᠎ᠡ  ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠪᠠ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠭᠤᠤᠯᠳᠠᠯᠭ᠎ᠠ ᠲᠠᠢ ᠡᠭᠦᠷᠭᠡ︾ ᠶᠢ ᠳᠠᠷᠤᠮᠠᠯᠯᠠᠨ ᠲᠠᠷᠬᠠᠭᠠᠵᠤ᠂ ᠬᠤᠲᠠ ᠶᠢᠨ ᠲᠣᠭᠤᠷᠢᠭ ᠤᠨ ᠪᠠᠶᠢᠩᠭᠤ ᠰᠠᠭᠤᠭ᠎ᠠ ᠬᠥᠮᠦᠨ ᠠᠮᠠ 300 ᠲᠦᠮᠡ ᠠᠴᠠ ᠳᠣᠷᠣᠭᠰᠢᠬᠢ ᠬᠤᠲᠠ  ᠡᠷᠦᠬᠡ ᠠᠮᠠ ᠣᠷᠣᠬᠤ ᠬᠢᠵᠠᠭᠠᠷᠯᠠᠯ ᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠬᠤ ᠶᠢ ᠰᠢᠮᠳᠠᠭᠤᠯᠪᠠ᠃ ︵ᠬᠤᠶᠠᠷ︶ 2019 ᠣᠨ ᠤ 2 ᠰᠠᠷ᠎ᠠ ᠳᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ ᠴᠢᠯᠥᠭᠡᠲᠡᠶ ᠪᠣᠯᠭᠠᠵᠤ ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢ ᠬᠦᠨᠵᠡᠭᠡᠶᠢᠷᠡᠭᠦᠯᠬᠦ  ᠬᠡᠷᠡᠭᠵᠢᠬᠦᠯᠬᠦ ᠰᠠᠨᠠᠯ︾ ᠮᠠᠨ ᠤ ᠣᠷᠣᠨ ᠤ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ  ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠤᠰᠠᠳᠠ᠂ ᠴᠢᠯᠥᠭᠡᠲᠡᠶ  ᠪᠣᠯᠭᠠᠵᠤ ᠪᠣᠯᠬᠤ ᠶᠢ ᠨᠢ ᠴᠢᠯᠥᠭᠡᠲᠡᠶ  ᠪᠣᠯᠭᠠᠵᠤ᠂ ᠨᠠᠶᠢᠳᠠᠪᠤᠷᠢᠵᠢᠭᠤᠯᠬᠤ ᠶᠣᠰᠣᠲᠠᠶ ᠶᠢ ᠨᠢ ᠴᠥᠮ ᠨᠠᠶᠢᠳᠠᠪᠤᠷᠢᠵᠢᠭᠤᠯᠬᠤ ᠵᠠᠷᠴᠢᠮ ᠶᠣᠰᠣᠭᠠᠷ᠂ ᠬᠤᠲᠠ  ᠪᠠᠯᠭᠠᠰᠤᠨ ᠳᠤ ᠡᠷᠦᠬᠡ ᠠᠮᠠ ᠤᠷᠤᠬᠤ ᠬᠢᠵᠠᠭᠠᠷᠯᠠᠯ ᠢ ᠪᠥᠬᠦ ᠲᠠᠯ᠎ᠠ ᠪᠠᠷ ᠴᠢᠯᠥᠭᠡᠲᠡᠶ ᠪᠣᠯᠭᠠᠵᠤ᠂ ᠡᠷᠦᠬᠡ ᠠᠮᠠ ᠶᠢᠨ ᠬᠠᠷᠢᠶ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠪᠣᠯᠤᠨ ᠪᠤᠰᠤᠳ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠨ ᠳᠤ ᠡᠷᠦᠬᠡ ᠠᠮᠠ ᠤᠷᠤᠬᠤ ᠶᠢ ᠠᠬᠢᠭᠤᠯᠵᠤ᠂ ᠪᠠᠶᠢᠩᠭᠤ ᠰᠠᠭᠤᠭ᠎ᠠ ᠭᠠᠵᠠᠷ ᠲᠤᠨᠢ ᠡᠷᠦᠬᠡ ᠠᠮᠠ ᠲᠡᠮᠳᠡᠭᠯᠡᠬᠦ ᠪᠠᠷ ᠦᠨᠳᠦᠰᠦᠨ ᠬᠡᠯᠪᠡᠷᠢ ᠪᠣᠯᠭᠠᠭᠰᠠᠨ ᠡᠷᠦᠬᠡ ᠠᠮᠠ ᠲᠡᠮᠳᠡᠭᠯᠡᠬᠦ ᠲᠦᠷᠢᠮ ᠢ ᠠᠯᠬᠤᠮ ᠠᠯᠬᠤᠮ ᠢᠶᠠᠷ ᠪᠠᠶᠢᠭᠤᠯᠪᠠ᠃      ᠭᠤᠷᠪᠠ᠂ ︽ᠠᠷᠭ᠎ᠠ ᠬᠡᠮᠵᠢᠶ᠎ᠡ ᠨᠦᠭᠦᠳ︾ ᠤᠨ ᠭᠤᠣᠯ ᠠᠭᠤᠯᠭ᠎ᠠ ᠨᠢ ᠶᠠᠭᠤ ᠶᠠᠭᠤ ᠪᠤᠢ︖      ᠬᠠᠷᠢᠭᠤᠯᠲᠠ᠄      ︵ᠨᠢᠭᠡ︶ ᠴᠢᠳᠠᠪᠤᠷᠢᠲᠠᠨ ᠤ ᠡᠷᠦᠬᠡ ᠠᠮᠠ ᠣᠷᠣᠬᠤ ᠶᠢ ᠬᠢᠵᠠᠭᠠᠷᠯᠠᠬᠤ ᠨᠥᠬᠦᠴᠡᠯ ᠢ ᠪᠥᠬᠦ ᠲᠠᠯ᠎ᠠ ᠪᠠᠷ ᠴᠢᠯᠥᠭᠡᠲᠡᠶ ᠪᠣᠯᠭᠠᠨ᠎ᠠ᠃ ᠴᠢᠳᠠᠪᠤᠷᠢᠲᠠᠨ ᠡᠷᠦᠬᠡ ᠠᠮᠠ ᠣᠷᠣᠬᠤ ᠳᠤ ᠣᠷᠣᠰᠢᠨ ᠰᠠᠭᠤᠬᠤ ᠴᠠᠭ ᠤᠨ ᠬᠢᠵᠠᠭᠠᠷ ᠵᠡᠷᠭᠡ ᠶᠠᠮᠠᠷᠪᠠ ᠨᠥᠬᠦᠴᠡᠯ ᠳᠤ ᠬᠢᠵᠠᠭᠠᠷᠯᠠᠭᠳᠠᠬᠤ ᠥᠬᠡᠶ︔ ᠴᠢᠳᠠᠪᠤᠷᠢᠲᠠᠨ ᠤ ᠡᠷᠦᠬᠡ ᠠᠮᠠ ᠣᠷᠣᠬᠤ ᠳᠤ ᠠᠷᠭ᠎ᠠ ᠵᠠᠮ ᠢ ᠨᠢ ᠥᠷᠭᠡᠳᠬᠡᠬᠦ ᠶᠢᠨ ᠲᠥᠯᠥᠭᠡ᠂ ᠬᠠᠮᠲᠤ ᠶᠢᠨ ᠡᠷᠦᠬᠡ ᠶᠢᠨ ᠰᠢᠭᠤᠳ ᠴᠢᠰᠤᠨ  ᠲᠥᠷᠥᠯ ᠤᠨ ᠬᠠᠮᠢᠶᠠᠲᠠᠨ ᠨᠢ ᠳᠠᠭᠠᠵᠤ ᠨᠡᠭᠦᠵᠦ ᠪᠣᠯᠬᠤ ᠥᠬᠡᠶ ᠭᠡᠰᠡᠨ ᠲᠣᠭᠲᠠᠭᠠᠯ ᠢ ᠬᠦᠴᠦᠨ ᠥᠬᠡᠶ ᠪᠣᠯᠭᠠᠵᠤ᠂ ᠮᠠᠨ ᠤ ᠬᠤᠲᠠ ᠳᠤ ᠬᠡᠷ ᠪᠦᠯᠢ ᠶᠢᠨ ᠡᠷᠦᠬᠡ  ᠭᠥᠯᠢᠶᠡᠨ ᠠᠪᠬᠤ ᠪᠠᠶᠢᠳᠠᠯ ᠳᠣᠤᠷ᠎ᠠ᠂ ᠴᠢᠳᠠᠪᠤᠷᠢᠲᠠᠨ ᠭᠥᠯᠢᠶᠡᠨ ᠠᠪᠤᠭᠴᠢ  ᠶᠢ  ᠲᠦᠰᠢᠵᠦ ᠬᠡᠷ ᠪᠦᠯᠢ ᠶᠢᠨ ᠡᠷᠦᠬᠡ ᠠᠮᠠ ᠣᠷᠣᠬᠤ ᠶᠢ ᠵᠥᠪᠰᠢᠶᠡᠷᠡᠨ᠎ᠡ︔ ᠪᠥᠬᠦ ᠬᠤᠲᠠ ᠶᠢᠨ ᠡᠯ᠎ᠡ ᠡᠷᠦᠬᠡ ᠠᠮᠠ ᠶᠢᠨ ᠲᠠᠩᠰᠠ ᠶᠢᠨ ᠲᠢᠩᠬᠢᠮ ᠨᠢ ᠴᠢᠳᠠᠪᠤᠷᠢᠲᠠᠨ ᠤ ᠡᠷᠦᠬᠡ ᠠᠮᠠ ᠣᠷᠣᠬᠤ ᠳᠤ ︽ᠰᠠᠭᠠᠳ ᠥᠬᠡᠶ ᠨᠡᠪᠲᠡᠷᠡᠬᠦ ᠵᠠᠮ︾ ᠭᠠᠷᠭᠠᠵᠤ ᠴᠢᠨᠠᠷ ᠰᠠᠶᠢᠲᠠᠶ ᠳᠥᠭᠦᠮ ᠳᠥᠲᠡ  ᠦᠢᠯᠡᠴᠢᠯᠡᠭᠡ ᠬᠠᠩᠭᠠᠵᠤ᠂ ᠴᠢᠳᠠᠪᠤᠷᠢᠲᠠᠨ ᠤ ᠮᠠᠨ ᠤ ᠬᠤᠲᠠ ᠳᠤ ᠡᠷᠦᠬᠡ ᠠᠮᠠ ᠣᠷᠣᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠤᠨ᠎ᠠ᠃      ︵ᠬᠤᠶᠠᠷ︶ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠨᠥᠬᠦᠴᠡᠯ ᠢ ᠠᠭᠤᠵᠢᠭᠤ ᠲᠠᠯᠪᠢᠨ᠎ᠠ᠃ ︽ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠲᠠᠢ᠂ ᠬᠠᠤᠯᠢ ᠶᠣᠰᠣᠨ ᠤ ᠲᠣᠭᠲᠠᠪᠤᠷᠢᠲᠠᠶ ᠠᠵᠢᠯ ᠣᠯᠤᠭᠰᠠᠨ ᠪᠤᠶᠤ ᠪᠦᠬᠦᠯᠢ 6 ᠰᠠᠷ᠎ᠠ ᠰᠠᠭᠤᠭᠰᠠᠨ︾ ᠬᠥᠮᠦᠰ ᠬᠤᠲᠠ ᠶᠢᠨ ᠳᠥᠷᠪᠡᠨ ᠲᠣᠭᠤᠷᠢᠭ᠂ ᠨᠡᠭᠡᠭᠡᠯᠲᠡ ᠶᠢᠨ ᠲᠣᠭᠤᠷᠢᠭ᠂ ᠲᠠᠪᠤᠨ ᠬᠤᠰᠢᠭᠤ ᠰᠢᠶᠠᠨ ᠲᠣᠭᠤᠷᠢᠭ ᠤᠨ ᠪᠠᠶᠢᠭᠤᠯᠤᠯᠳᠤ ᠪᠠᠯᠭᠠᠰᠤᠨ ᠳᠤ ᠡᠷᠦᠬᠡ ᠠᠮᠠ ᠤᠷᠤᠬᠤ ᠪᠠᠷ ᠭᠤᠶᠤᠴᠢᠯᠠᠵᠤ ᠪᠣᠯᠤᠨ᠎ᠠ᠃      ︵ᠭᠤᠷᠪᠠ︶ ᠰᠢᠭᠤᠳ ᠴᠢᠰᠤᠨ ᠲᠥᠷᠥᠯ ᠤᠨ ᠬᠠᠷᠢᠴᠠᠭ᠎ᠠ ᠲᠠᠢ ᠬᠠᠮᠢᠶᠠᠳᠠᠨ ᠡᠷᠦᠬᠡ ᠠᠮᠠ ᠣᠷᠣᠵᠤ  ᠤᠷᠤᠰᠢᠨ ᠰᠠᠭᠤᠬᠤ ᠨᠥᠬᠦᠴᠡᠯ ᠢ ᠬᠦᠴᠦᠨ ᠥᠬᠡᠶ ᠪᠣᠯᠭᠠᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠰᠢᠭᠤᠳ ᠴᠢᠰᠤᠨ ᠲᠥᠷᠥᠯ ᠤᠨ ᠬᠠᠷᠢᠴᠠᠭ᠎ᠠ ᠲᠠᠢ ᠬᠠᠮᠢᠶᠠᠳᠠᠨ ᠲᠦᠷᠦᠯ ᠰᠠᠳᠤᠨ ᠢᠶᠠᠨ ᠲᠦᠰᠢᠵᠦ ᠡᠷᠦᠬᠡ ᠠᠮᠠ ᠣᠷᠣᠬᠤ ᠲᠥᠷᠥ ᠶᠢᠨ ᠪᠣᠳᠣᠯᠭ᠎ᠠ ᠶᠢ ᠪᠠᠷᠢᠮᠲᠠᠯᠠᠨ᠎ᠠ᠂ ᠭᠡᠪᠡᠴᠦ ᠰᠢᠭᠤᠳ ᠴᠢᠰᠤᠨ ᠲᠥᠷᠥᠯ ᠤᠨ  ᠬᠠᠷᠢᠴᠠᠭ᠎ᠠ ᠲᠠᠢ ᠬᠠᠮᠢᠶᠠᠳᠠᠨ ᠡᠷᠦᠬᠡ ᠠᠮᠠ ᠣᠷᠣᠬᠤ ᠨᠥᠬᠦᠴᠡᠯ ᠤᠨ ᠬᠢᠵᠠᠭᠠᠷᠯᠠᠯ ᠢ ᠪᠥᠬᠦ ᠲᠠᠯ᠎ᠠ ᠪᠠᠷ ᠴᠢᠯᠥᠭᠡᠲᠡᠶ ᠪᠣᠯᠭᠠᠵᠤ᠂ ᠰᠢᠭᠤᠳ ᠴᠢᠰᠤᠨ ᠲᠥᠷᠥᠯ ᠤᠨ ᠬᠠᠷᠢᠴᠠᠭ᠎ᠠ ᠲᠠᠢ ᠬᠠᠮᠢᠶᠠᠲᠠᠨ ᠲᠦᠷᠦᠯ ᠰᠠᠳᠤᠨ ᠢᠶᠠᠨ ᠲᠦᠰᠢᠵᠦ ᠪᠣᠳᠠᠲᠠᠶ ᠣᠷᠣᠰᠢᠨ ᠰᠠᠭᠤᠬᠤ ᠴᠢᠬᠤᠯᠠᠲᠠᠶ ᠨᠥᠬᠦᠴᠡᠯ ᠢ ᠬᠦᠴᠦᠨ ᠥᠬᠡᠶ ᠪᠣᠯᠭᠠᠬᠤ ᠪᠠᠷ ᠲᠥᠯᠥᠪᠯᠡᠵᠦ ᠪᠠᠶᠢᠨ᠎ᠠ᠃      ︵ᠳᠥᠷᠪᠡ︶ ᠨᠢᠭᠡᠴᠡ ᠶᠢᠨ ᠬᠠᠮᠲᠤ ᠶᠢᠨ ᠡᠷᠦᠬᠡ ᠪᠠᠶᠢᠭᠤᠯᠬᠤ ᠨᠥᠬᠦᠴᠡᠯ ᠢ ᠪᠠᠭᠤᠷᠠᠭᠤᠯᠤᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ 15 ᠬᠥᠮᠦᠨ ᠠᠴᠠ ᠳᠡᠭᠡᠭᠰᠢ ᠲᠣᠭᠠᠨ ᠤ ᠬᠠᠮᠲᠤ ᠶᠢᠨ ᠡᠷᠦᠬᠡ ᠪᠠᠶᠢᠭᠤᠯᠵᠤ ᠪᠠᠶᠢᠭᠰᠠᠨ ᠠᠴᠠ 5 ᠬᠥᠮᠦᠨ ᠠᠴᠠ ᠳᠡᠭᠡᠭᠰᠢ ᠲᠣᠭᠠᠨ ᠤ ᠬᠠᠮᠲᠤ ᠶᠢᠨ ᠡᠷᠦᠬᠡ ᠪᠠᠶᠢᠭᠤᠯᠵᠤ ᠪᠣᠯᠤᠨ᠎ᠠ︔ ᠥᠩᠭᠡᠷᠡᠭᠰᠡᠨ ᠤ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠲᠤ ᠬᠠᠮᠲᠤ ᠶᠢᠨ ᠡᠷᠦᠭᠡ ᠭᠠᠷᠭᠠᠵᠤ ᠪᠣᠯᠤᠨ᠎ᠠ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠵᠡᠷᠭᠡ  ᠴᠤ  ᠬᠠᠮᠲᠤ ᠶᠢᠨ ᠡᠷᠦᠭᠡ  ᠪᠠᠶᠢᠭᠤᠯᠵᠤ ᠪᠣᠯᠬᠤ ᠪᠣᠯᠳᠠᠯ᠎ᠠ ᠠᠭᠤᠵᠢᠭᠤ ᠲᠠᠯᠪᠢᠨ᠎ᠠ ︔ ᠬᠠᠮᠲᠤ ᠶᠢᠨ ᠡᠷᠦᠬᠡ ᠳᠤ ᠡᠷᠦᠬᠡ ᠬᠤᠪᠢᠶᠠᠬᠤ ᠲᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠪᠣᠳᠠᠲᠠᠶ ᠪᠠᠶᠢᠳᠠᠯ ᠪᠠ ᠬᠡᠷᠡᠭᠴᠡᠭᠡ ᠪᠠᠨ ᠦᠨᠳᠦᠰᠦᠯᠡᠨ᠂ ᠠᠵᠢᠯ ᠶᠠᠪᠤᠳᠠᠯ  ᠬᠦᠢᠴᠡᠳᠬᠡᠬᠦ ᠣᠯᠠᠨ ᠲᠦᠮᠡᠨ ᠳᠤ ᠲᠥᠬᠦᠮ ᠦᠵᠡᠭᠦᠯᠬᠦ ᠪᠠᠷ ᠤᠷᠢᠲᠠᠯ ᠪᠣᠯᠭᠠᠵᠤ ᠡᠷᠦᠬᠡ ᠠᠮᠠ ᠶᠢᠨ ᠳᠡᠪᠲᠡᠷ ᠢ ᠠᠰ ᠲᠤᠨᠢ ᠳᠠᠷᠤᠮᠠᠯᠯᠠᠨ᠎ᠠ ︵ᠤᠤᠯ ᠤᠨ ᠬᠠᠮᠲᠤ ᠶᠢᠨ ᠡᠷᠦᠬᠡ ᠶᠢᠨ ᠲᠠᠩ ᠬᠠᠭᠤᠳᠠᠰᠤ ᠶᠢ ᠳᠠᠷᠤᠮᠠᠯᠯᠠᠨ᠎ᠠ᠂ ᠡᠷᠦᠬᠡ ᠠᠮᠠ ᠶᠢᠨ ᠳᠡᠪᠲᠡᠷ ᠢ ᠥᠯᠥ ᠳᠠᠷᠤᠮᠠᠯᠯᠠᠨ᠎ᠠ︶᠃      ︵ᠲᠠᠪᠤ︶ ᠣᠯᠠᠨ ᠶᠠᠩᠵᠤ ᠶᠢᠨ ᠡᠷᠦᠬᠡ ᠠᠮᠠ ᠣᠷᠣᠬᠤ ᠠᠷᠭ᠎ᠠ ᠮᠠᠶ᠋ᠢᠭ ᠢ ᠬᠠᠩᠭᠠᠨ᠎ᠠ᠃ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠲᠠᠢ ᠪᠠᠶᠢᠪᠠᠯ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠳᠤ ᠡᠷᠦᠬᠡ ᠠᠮᠠ ᠤᠷᠤᠨ᠎ᠠ︔ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠦᠭᠡᠢ᠂ ᠬᠤᠪᠢ ᠶᠢᠨ ᠥᠮᠴᠢᠯᠡᠯ ᠤᠨ ᠭᠡᠷ ᠪᠠᠶᠢᠰᠢᠩ ᠢ ᠲᠦᠷᠢᠶᠡᠰᠦᠯᠡᠨ ᠰᠠᠭᠤᠵᠤ ᠪᠠᠶᠢᠪᠠᠯ᠂ ᠭᠡᠷ ᠤᠨ ᠡᠵᠡᠨ ᠢᠶᠠᠷ ᠵᠥᠪᠰᠢᠶᠡᠷᠡᠭᠦᠯᠦᠭᠡᠳ ᠲᠦᠷᠢᠶᠡᠰᠦᠯᠡᠭᠰᠡᠨ ᠭᠡᠷ ᠪᠠᠶᠢᠰᠢᠩ ᠤᠨ ᠬᠠᠶ᠋ᠢᠭ ᠲᠤ ᠡᠷᠦᠭᠡ ᠠᠮᠠ ᠤᠷᠤᠵᠤ ᠪᠣᠯᠤᠨ᠎ᠠ︔ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠪᠠᠶᠢᠬᠤ ᠦᠭᠡᠢ᠂ ᠬᠤᠪᠢ ᠶᠢᠨ ᠥᠮᠴᠢᠯᠡᠯ ᠤᠨ ᠭᠡᠷ ᠪᠠᠶᠢᠰᠢᠩ  ᠪᠠᠨ ᠢᠶᠠᠨ ᠲᠦᠷᠢᠶᠡᠰᠦᠯᠡᠭᠦᠯᠵᠦ ᠪᠠᠶᠢᠭ᠎ᠠ ᠭᠡᠷ ᠤᠨ ᠡᠵᠡᠨ ᠨᠢ ᠡᠷᠦᠬᠡ ᠠᠮᠠ ᠣᠷᠣᠬᠤ ᠶᠢ ᠵᠥᠪᠰᠢᠶᠡᠷᠡᠬᠦ ᠦᠭᠡᠢ ᠪᠠᠶᠢᠪᠠᠯ᠂  ᠨᠢᠭᠡᠴᠡ᠂ ᠴᠢᠳᠠᠪᠤᠷᠢᠲᠠᠨ᠂ ᠨᠡᠶᠢᠭᠡᠮ ᠲᠣᠭᠤᠷᠢᠭ ᠤᠨ ᠬᠠᠮᠲᠤ ᠶᠢᠨ ᠡᠷᠦᠬᠡ ᠳᠤ ᠣᠷᠣᠵᠤ ᠪᠣᠯᠤᠨ᠎ᠠ᠃ ᠡᠷᠦᠬᠡ ᠠᠮᠠ ᠣᠷᠣᠬᠤ ᠪᠣᠳᠠᠲᠠᠶ ᠶᠠᠪᠤᠴᠠ᠂  ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠡᠷᠡᠭᠵᠢᠭᠦᠯᠬᠦ ᠨᠠᠷᠢᠨ ᠲᠦᠷᠢᠮ ᠢ ᠲᠣᠳᠣᠷᠬᠠᠶ ᠪᠣᠯᠭᠠᠨ᠎ᠠ᠃                    ᠢᠷᠡᠯᠲᠡ᠄ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ