︽ᠬᠥᠬᠡᠬᠤᠲᠠ ᠶᠢᠨ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠬᠤ ᠲᠤᠬᠠᠢ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ 
ᠨᠡᠶᠢᠲᠡᠯᠡᠭᠰᠡᠨ ᠴᠠᠭ᠄
2021/4/23
      ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ  ᠦᠢᠯᠡᠰ ᠤᠨ ᠨᠢᠭᠡᠴᠡ ᠳᠤ᠄      ︽ᠬᠥᠬᠡᠬᠤᠲᠠ ᠶᠢᠨ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠠᠷᠭ᠎ᠠ ᠬᠡᠮᠵᠢᠶ᠎ᠡ ᠨᠦᠭᠦᠳ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃                                          ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                      2021 ᠣᠨ ᠤ 3  ᠳ᠋ᠤᠭᠠᠷ ᠰᠠᠷ᠎ᠠ ᠶᠢᠨ 29  ᠤ  ᠡᠳᠦᠷ                       ᠬᠥᠬᠡᠬᠤᠲᠠ ᠶᠢᠨ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠶᠢ ᠤᠯᠠᠮ                       ᠨᠢᠭᠡ ᠠᠯᠬᠤᠮ ᠳᠥᠯᠭᠢᠨ ᠠᠬᠢᠭᠤᠯᠬᠤ ᠠᠷᠭ᠎ᠠ ᠬᠡᠮᠵᠢᠶ᠎ᠡ ᠨᠦᠭᠦᠳ       ᠡᠷᠦᠬᠡ ᠠᠮᠠ ᠶᠢᠨ ᠬᠠᠷᠢᠶ᠎ᠠ ᠶᠢᠨ ᠲᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠬᠢᠵᠠᠭᠠᠷᠯᠠᠯ ᠢ ᠠᠭᠤᠵᠢᠭᠤ ᠲᠠᠯᠪᠢᠬᠤ ᠶᠢ ᠦᠷᠭᠦᠯᠵᠢᠯᠡᠨ ᠠᠬᠢᠭᠤᠯᠵᠤ᠂ ᠴᠢᠳᠠᠪᠤᠷᠢᠲᠠᠨ ᠪᠠ ᠬᠥᠳᠡᠯᠮᠦᠷᠢ ᠬᠦᠴᠦᠨ ᠤ ᠡᠬᠢ ᠪᠠᠶᠠᠯᠢᠭ ᠤᠨ ᠡᠮᠬᠢ ᠵᠢᠷᠤᠮ ᠲᠠᠢ ᠪᠠᠷ ᠣᠷᠣᠵᠤ ᠢᠷᠡᠬᠦ ᠶᠢ ᠠᠬᠢᠭᠤᠯᠬᠤ ᠶᠢᠨ ᠲᠥᠯᠥᠭᠡ᠂ ᠡᠳᠦᠭᠡ ᠳᠣᠤᠷᠠᠬᠢ ᠮᠡᠲᠦ ᠪᠣᠳᠠᠲᠠᠶ ᠠᠷᠭ᠎ᠠ ᠬᠡᠮᠵᠢᠶ᠎ᠡ ᠶᠢ ᠲᠣᠭᠲᠠᠭᠠᠪᠠ᠄      ᠨᠢᠭᠡ᠂ ᠴᠢᠳᠠᠪᠤᠷᠢᠲᠠᠨ ᠤ ᠡᠷᠦᠬᠡ ᠠᠮᠠ ᠣᠷᠣᠬᠤ ᠬᠢᠵᠠᠭᠠᠷᠯᠠᠯ ᠢ ᠪᠥᠬᠦ ᠲᠠᠯ᠎ᠠ ᠪᠠᠷ ᠴᠢᠯᠥᠭᠡᠲᠡᠶ ᠪᠣᠯᠭᠠᠨ᠎ᠠ      ᠴᠢᠳᠠᠪᠤᠷᠢᠲᠠᠨ ᠤ ᠡᠷᠦᠬᠡ ᠠᠮᠠ ᠣᠷᠣᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ᠂ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠵᠤ ᠢᠷᠡᠭᠰᠡᠳ᠂ ᠲᠤᠰᠬᠠᠶ ᠮᠡᠷᠭᠡᠵᠢᠯ ᠤᠨ ᠠᠵᠢᠯᠲᠠᠨ ᠡᠷᠦᠬᠡ ᠠᠮᠠ ᠣᠷᠣᠬᠤ ᠪᠠᠷ ᠭᠤᠶᠤᠴᠢᠯᠠᠬᠤ ᠳᠤ᠂ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ᠂ ᠬᠠᠤᠯᠢ ᠶᠣᠰᠣᠨ ᠤ ᠲᠣᠭᠲᠠᠪᠤᠷᠢᠲᠠᠶ ᠠᠵᠢᠯ ᠣᠯᠭᠤᠯᠲᠠ᠂ ᠬᠤᠲᠠ ᠪᠠᠯᠭᠠᠰᠤ ᠶᠢᠨ ᠨᠡᠶᠢᠭᠡᠮ ᠤᠨ ᠳᠠᠭᠠᠳᠬᠠᠯ ᠳᠤ  ᠤᠷᠤᠯᠴᠠᠭᠰᠠᠨ᠂ ᠣᠷᠣᠰᠢᠨ ᠰᠠᠭᠤᠭᠰᠠᠨ ᠵᠢᠯ ᠬᠤᠭᠤᠴᠠᠭ᠎ᠠ ᠵᠡᠷᠭᠡ ᠨᠥᠬᠦᠴᠡᠯ ᠳᠤ ᠬᠢᠵᠠᠭᠠᠷᠯᠠᠭᠳᠠᠬᠤ ᠥᠬᠡᠶ᠃      ᠬᠤᠶᠠᠷ᠂ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠬᠢᠵᠠᠭᠠᠷᠯᠠᠯ ᠢ ᠤᠯᠠᠮ ᠨᠢᠭᠡ ᠠᠯᠬᠤᠮ ᠠᠭᠤᠵᠢᠭᠤ ᠲᠠᠯᠪᠢᠨ᠎ᠠ      ᠬᠥᠮᠦᠨ ᠢᠶᠠᠷ ᠦᠨᠳᠦᠰᠦ ᠪᠣᠯᠭᠠᠭᠰᠠᠨ᠂ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ᠂ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ ᠰᠢᠨ᠎ᠡ ᠮᠠᠶ᠋ᠢᠭ ᠤᠨ ᠡᠷᠦᠬᠡ ᠠᠮᠠ ᠶᠢᠨ ᠬᠠᠷᠢᠶ᠎ᠠ ᠶᠢᠨ ᠳᠦᠷᠢᠮ ᠢ ᠪᠠᠶᠢᠭᠤᠯᠤᠨ᠎ᠠ᠃ ᠪᠣᠳᠠᠲᠠᠶ ᠰᠠᠭᠤᠭ᠎ᠠ ᠭᠠᠵᠠᠷ ᠲᠠᠭᠠᠨ ᠪᠠᠶᠢᠩᠭᠤ ᠰᠠᠭᠤᠭ᠎ᠠ ᠡᠷᠦᠬᠡ ᠠᠮᠠ ᠲᠠᠩᠰᠠᠯᠠᠬᠤ  ᠪᠠᠷ ᠵᠠᠷᠴᠢᠮ  ᠪᠣᠯᠭᠠᠨ᠂ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠲᠠᠢ᠂ ᠬᠠᠤᠯᠢ ᠶᠣᠰᠣᠨ ᠤ ᠲᠣᠭᠲᠠᠪᠤᠷᠢᠲᠠᠶ ᠠᠵᠢᠯ ᠣᠯᠤᠭᠰᠠᠨ ᠪᠤᠶᠤ ᠪᠦᠬᠦᠯᠢ 6 ᠰᠠᠷ᠎ᠠ ᠰᠠᠭᠤᠭᠰᠠᠨ ᠬᠥᠮᠦᠰ ᠴᠥᠮ ᠬᠤᠲᠠ ᠶᠢᠨ ᠳᠥᠷᠪᠡᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠲᠠᠪᠤᠨ ᠬᠤᠰᠢᠭᠤ ᠰᠢᠶᠠᠨ ᠤ ᠪᠠᠶᠢᠭᠤᠯᠤᠯᠳᠤ ᠪᠠᠯᠭᠠᠰᠤᠨ ᠳᠤ ᠡᠷᠦᠬᠡ ᠠᠮᠠ ᠣᠷᠣᠬᠤ ᠪᠠᠷ ᠭᠤᠶᠤᠴᠢᠯᠠᠵᠤ ᠪᠣᠯᠤᠨ᠎ᠠ᠃      ᠭᠤᠷᠪᠠ᠂ ᠲᠥᠷᠥᠯ ᠰᠠᠳᠤᠨ ᠢᠶᠠᠨ ᠲᠦᠰᠢᠵᠦ ᠡᠷᠦᠬᠡ ᠠᠮᠠ ᠣᠷᠣᠬᠤ ᠶᠢ ᠪᠥᠬᠦ ᠲᠠᠯ᠎ᠠ ᠪᠠᠷ ᠠᠭᠤᠵᠢᠭᠤ ᠲᠠᠯᠪᠢᠨ᠎ᠠ      ᠮᠠᠨ ᠤ ᠬᠤᠲᠠ ᠶᠢᠨ ᠬᠤᠲᠠ ᠪᠠᠯᠭᠠᠰᠤ ᠶᠢᠨ ᠡᠷᠦᠬᠡ ᠠᠮᠠ ᠶᠢᠨ ᠬᠠᠷᠢᠶ᠎ᠠ ᠲᠠᠢ ᠬᠥᠮᠦᠰ ︵ᠬᠠᠮᠲᠤ ᠶᠢᠨ ᠡᠷᠦᠬᠡ ᠠᠮᠠ ᠶᠢ ᠪᠠᠭᠲᠠᠭᠠᠨ᠎ᠠ︶  ᠤᠨ ᠰᠢᠭᠤᠳ ᠴᠢᠰᠤᠨ ᠲᠥᠷᠥᠯ ᠤᠨ ᠬᠠᠷᠢᠴᠠᠭ᠎ᠠ  ᠲᠠᠢ ᠬᠥᠮᠦᠰ ᠨᠢ ᠴᠥᠮ  ᠲᠦᠷᠦᠯ ᠰᠠᠲᠤᠨ ᠢᠶᠠᠨ ᠲᠦᠰᠢᠵᠦ ᠡᠷᠦᠬᠡ ᠠᠮᠠ ᠣᠷᠣᠵᠤ ᠪᠣᠯᠤᠨ᠎ᠠ᠂ ᠣᠷᠣᠰᠢᠨ ᠰᠠᠭᠤᠬᠤ ᠨᠥᠬᠦᠴᠡᠯ ᠤᠨ ᠬᠢᠵᠠᠭᠠᠷᠯᠠᠯ ᠲᠤᠭᠲᠠᠭᠠᠬᠤ ᠥᠬᠡᠶ᠃      ᠳᠥᠷᠪᠡ᠂ ᠡᠷᠦᠬᠡ ᠠᠮᠠ ᠣᠷᠣᠬᠤ ᠭᠠᠵᠠᠷ ᠤᠨ ᠣᠯᠠᠨ ᠶᠠᠩᠵᠤ ᠶᠢᠨ ᠰᠣᠩᠭᠤᠯᠲᠠ ᠶᠢ ᠬᠠᠩᠭᠠᠨ᠎ᠠ      ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠲᠠᠢ ᠪᠠᠶᠢᠪᠠᠯ᠂ ᠲᠡᠭᠦᠨ ᠤ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠳᠤ ᠡᠷᠦᠭᠡ ᠠᠮᠠ ᠤᠷᠤᠨ᠎ᠠ︔ ᠬᠤᠲᠠ ᠶᠢᠨ ᠳᠥᠷᠪᠡᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠵᠢᠴᠢ ᠲᠠᠪᠤᠨ ᠬᠤᠰᠢᠭᠤ ᠰᠢᠶᠠᠨ ᠤ  ᠪᠠᠶᠢᠭᠤᠯᠤᠯᠲᠤ ᠪᠠᠯᠭᠠᠰᠤᠨ ᠳᠤ ᠬᠤᠪᠢ ᠶᠢᠨ ᠥᠮᠴᠢᠯᠡᠯ ᠤᠨ ᠭᠡᠷ ᠪᠠᠶᠢᠰᠢᠩ ᠢ ᠲᠦᠷᠢᠶᠡᠰᠦᠯᠡᠭᠰᠡᠨ ᠪᠣᠯ᠂ ᠭᠡᠷ ᠪᠠᠶᠢᠰᠢᠩ  ᠲᠦᠷᠢᠶᠡᠰᠦᠯᠡᠭᠦᠯᠦᠭᠴᠢ ᠪᠠᠷ ᠵᠦᠪᠰᠢᠶᠡᠷᠡᠭᠦᠯᠦᠭᠡᠳ ᠡᠷᠦᠬᠡ ᠠᠮᠠ ᠤᠷᠤᠵᠤ ᠪᠤᠯᠤᠨ᠎ᠠ᠃      ᠲᠠᠪᠤ᠂ ᠬᠠᠮᠲᠤ ᠶᠢᠨ ᠡᠷᠦᠬᠡ ᠪᠠᠶᠢᠭᠤᠯᠬᠤ ᠨᠥᠬᠦᠴᠡᠯ ᠢ ᠪᠠᠭᠤᠷᠠᠭᠤᠯᠤᠨ᠎ᠠ      ︵ᠨᠢᠭᠡ︶ ᠪᠠᠶᠢᠭᠤᠯᠭ᠎ᠠ᠂ ᠪᠦᠯᠬᠦᠮ᠂ ᠰᠤᠷᠭᠠᠭᠤᠯᠢ᠂ ᠠᠵᠤ ᠠᠬᠤᠶᠢᠯᠠᠯ᠂ ᠠᠵᠢᠯ ᠦᠢᠯᠡᠰ ᠤᠨ  ᠨᠢᠭᠡᠴᠡ ᠳᠤ  ᠨᠢᠭᠡᠴᠡ ᠶᠢᠨ ᠬᠠᠮᠲᠤ ᠶᠢᠨ ᠡᠷᠤᠭᠡ ᠶᠢ ᠪᠠᠶᠢᠭᠤᠯᠤᠨ᠎ᠠ︔      ︵ᠬᠤᠶᠠᠷ︶ ᠴᠢᠳᠠᠪᠤᠷᠢᠲᠠᠨ ᠤ ᠬᠠᠮᠲᠤ ᠶᠢᠨ ᠡᠷᠤᠭᠡ ᠶᠢ ᠪᠠᠶᠢᠭᠤᠯᠤᠨ᠎ᠠ︔      ︵ᠭᠤᠷᠪᠠ︶ ᠨᠡᠶᠢᠭᠡᠮ ᠲᠣᠭᠤᠷᠢᠭ ᠲᠤ ᠬᠠᠮᠲᠤ ᠶᠢᠨ ᠡᠷᠦᠬᠡ ᠶᠢ ᠪᠠᠶᠢᠭᠤᠯᠤᠨ᠎ᠠ᠃      5 ᠬᠥᠮᠦᠨ ᠪᠠᠶᠢᠪᠠᠯ ᠬᠠᠮᠲᠤ ᠶᠢᠨ ᠡᠷᠦᠬᠡ  ᠪᠠᠶᠢᠭᠤᠯᠵᠤ ᠪᠣᠯᠤᠨ᠎ᠠ᠃ ᠬᠠᠮᠲᠤ ᠶᠢᠨ ᠡᠷᠦᠬᠡ ᠨᠢ ᠪᠣᠳᠠᠲᠤ ᠬᠡᠷᠡᠭᠴᠡᠭᠡ ᠪᠠ ᠪᠣᠳᠠᠲᠤ ᠪᠠᠶᠢᠳᠠᠯ ᠢᠶᠠᠨ ᠦᠨᠳᠦᠰᠦᠯᠡᠨ ᠡᠷᠦᠬᠡ ᠬᠤᠪᠢᠶᠠᠬᠤ  ᠲᠦᠷᠢᠮ ᠤᠨ  ᠦᠢᠯᠡᠴᠢᠯᠡᠭᠡᠨ ᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠵᠢᠷᠭᠤᠭ᠎ᠠ᠂ ᠰᠢᠨ᠎ᠡ ᠪᠠᠷ ᠡᠷᠦᠬᠡ ᠠᠮᠠ ᠤᠷᠤᠭᠰᠠᠨ ᠲᠤᠬᠢᠷᠠᠮᠵᠢᠳᠠᠢ ᠨᠠᠰᠤᠨ ᠤ ᠬᠡᠤᠬᠡᠳ ᠤᠨ ᠰᠤᠷᠭᠠᠭᠤᠯᠢ ᠳᠤ ᠣᠷᠣᠬᠤ ᠶᠢ ᠨᠢᠭᠡᠳᠦᠯᠲᠡᠶ  ᠲᠦᠯᠦᠪᠯᠡᠨ ᠲᠤᠬᠢᠷᠠᠭᠤᠯᠤᠨ᠎ᠠ      ᠲᠣᠰ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ᠂  ᠰᠢᠨ᠎ᠡ ᠪᠠᠷ ᠡᠷᠦᠬᠡ ᠠᠮᠠ ᠤᠷᠤᠭᠰᠠᠨ  ᠲᠣᠬᠢᠷᠠᠮᠵᠢᠳᠠᠢ ᠨᠠᠰᠤᠨ ᠤ ᠬᠡᠤᠬᠡᠳ ᠢ ᠣᠲᠣ ᠶᠢᠨ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢᠨ ᠶᠣᠰᠣᠭᠠᠷ ᠳᠣᠭᠢᠷᠠᠭᠤᠯᠤᠨ ᠰᠤᠷᠭᠠᠭᠤᠯᠢ ᠳᠤ ᠣᠷᠣᠭᠤᠯᠤᠨ᠎ᠠ᠃      ᠲᠤᠯᠤᠭ᠎ᠠ᠂ ᠲᠤᠰ ᠠᠷᠭ᠎ᠠ ᠬᠡᠮᠵᠢᠶ᠎ᠡ ᠶᠢᠨ ᠬᠡᠷᠡᠭᠵᠢᠭᠦᠯᠬᠦ ᠨᠠᠷᠢᠨ ᠲᠦᠷᠢᠮ ᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠠᠰ ᠲᠤᠨᠢ ᠨᠡᠶᠢᠲᠡᠯᠡᠨ᠎ᠡ᠃      ᠨᠠᠢᠮᠠ᠂ ᠲᠤᠰ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠡᠳᠦᠷ ᠠᠴᠠ ᠡᠬᠢᠯᠡᠵᠦ 30 ᠡᠳᠦᠷ ᠤᠨ ᠲᠠᠷᠠᠭ᠎ᠠ ᠬᠡᠷᠡᠭᠵᠢᠭᠦᠯᠦᠨ᠎ᠡ᠃ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ