ᠮᠠᠨ ᠤ ᠬᠤᠲᠠ ᠠᠵᠤ ᠠᠬᠤᠶᠢᠯᠠᠯ ᠳᠠᠩᠰᠠᠯᠠᠭᠤᠯᠬᠤ ᠶᠢ ᠬᠠᠭᠠᠰ ᠡᠳᠦᠷ ᠪᠣᠯᠭᠠᠨ ᠪᠣᠭᠤᠨᠢᠰᠬᠠᠵᠠᠢ
ᠨᠡᠶᠢᠲᠡᠯᠡᠭᠰᠡᠨ ᠴᠠᠭ᠄
2021/4/23
      ᠬᠤᠲᠠ ᠶᠢᠨ ᠵᠠᠰᠠᠭ ᠵᠠᠬᠢᠷᠭᠠᠨ ᠤ ᠬᠢᠨᠠᠨ ᠬᠠᠷᠭᠤᠭᠤᠯᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ︽ᠠᠵᠤ ᠠᠬᠤᠶᠢᠯᠠᠯ ᠤᠨ ᠳᠠᠩᠰᠠᠯᠠᠬᠤ ᠶᠢ ᠳᠥᠭᠦᠮᠴᠢᠯᠡᠬᠦ ᠥᠭᠡᠷᠡᠴᠢᠯᠡᠯᠲᠡ︾ ᠶᠢ ᠭᠦᠨᠵᠡᠭᠡᠶᠢᠷᠡᠭᠦᠯᠦᠭᠰᠡᠨ ᠠᠴᠠ ᠨᠠᠰᠢ᠂ ᠠᠵᠤ ᠠᠬᠤᠶᠢᠯᠠᠯ ᠳᠠᠩᠰᠠᠯᠠᠬᠤ ᠶᠢ ᠬᠠᠭᠠᠰ ᠡᠳᠦᠷ ᠲᠤ ᠪᠡᠶᠡᠯᠡᠭᠦᠯᠵᠦ ᠳᠡᠶᠢᠯᠬᠦ ᠮᠥᠷᠲᠡᠭᠡᠨ ︽ᠨᠢᠭᠡ ᠠᠵᠢᠯ ᠢ ᠨᠢᠭᠡ ᠯᠠ ᠤᠳᠠᠭ᠎ᠠ ᠳᠤ ᠭᠦᠢᠴᠡᠳᠬᠡᠬᠦ︾ ᠪᠣᠯᠭᠠᠵᠠᠢ᠃      ᠬᠤᠲᠠ ᠶᠢᠨ ᠵᠠᠰᠠᠭ ᠵᠠᠬᠢᠷᠭᠠᠨ ᠤ ᠬᠢᠨᠠᠨ ᠬᠠᠷᠭᠤᠭᠤᠯᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ ᠳᠤ ︽ᠠᠵᠤ ᠠᠬᠤᠶᠢᠯᠠᠯ ᠳᠠᠩᠰᠠᠯᠠᠭᠤᠯᠬᠤ ᠨᠢᠭᠡ ᠥᠷᠲᠡᠭᠡᠴᠢᠯᠡᠭᠰᠡᠨ ᠦᠢᠯᠡᠴᠢᠯᠡᠭᠡᠨ ᠤ ᠲᠤᠰᠬᠠᠢ ᠲᠣᠭᠤᠷᠢᠭ︾ ᠲᠣᠬᠢᠷᠠᠭᠤᠯᠤᠭᠰᠠᠨ ᠪᠠᠶᠢᠯ᠎ᠠ᠃ ᠡᠵᠡᠩᠨᠡᠯᠲᠡ ᠶᠢᠨ ᠦᠨᠡᠮᠯᠡᠯ ᠭᠦᠢᠴᠡᠳᠬᠡᠬᠦ᠂ ᠠᠯᠪᠠᠨ ᠲᠠᠮᠠᠭ᠎ᠠ ᠰᠡᠶᠢᠯᠬᠦ᠂ ᠪᠠᠷᠢᠮᠲᠠ ᠭᠤᠶᠤᠴᠢᠯᠠᠬᠤ᠂ ᠪᠠᠩᠬᠢ ᠳᠤ ᠳᠠᠩᠰᠠ ᠨᠡᠭᠡᠭᠡᠬᠦ᠂ ᠠᠵᠢᠯᠲᠠᠳ ᠢᠶᠠᠨ ᠨᠡᠶᠢᠭᠡᠮ ᠤᠨ ᠳᠠᠭᠠᠳᠬᠠᠯ ᠳᠤ ᠳᠠᠩᠰᠠᠯᠠᠭᠤᠯᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠵᠤ ᠳᠠᠩᠰᠠᠯᠠᠭᠤᠯᠬᠤ ᠵᠡᠷᠭᠡ ᠵᠢᠷᠭᠤᠭᠠᠨ ᠠᠵᠢᠯ ᠲᠥᠷᠥᠯ ᠢ ᠡᠨᠡ ᠬᠦ ᠲᠣᠭᠤᠷᠢᠭ ᠲᠤ ᠲᠥᠪᠯᠡᠷᠡᠭᠦᠯᠦᠨ ᠭᠦᠢᠴᠡᠳᠬᠡᠬᠦ ᠪᠣᠯᠣᠭᠰᠠᠨ ᠪᠠᠶᠢᠨ᠎ᠠ᠃ ᠥᠩᠭᠡᠷᠡᠭᠰᠡᠨ ᠳᠤ᠂ ᠠᠵᠤ ᠠᠬᠤᠶᠢᠯᠠᠯ ᠳᠠᠩᠰᠠᠯᠠᠭᠤᠯᠬᠤ ᠳᠤ ᠵᠢᠷᠭᠤᠭᠠᠨ ᠰᠠᠯᠠᠭ᠎ᠠ ᠮᠥᠴᠢᠷ ᠲᠤ ᠬᠦᠷᠴᠦ᠂ ᠬᠤᠷᠢᠭᠠᠳ ᠮᠠᠲ᠋ᠧᠷᠢᠶᠠᠯ ᠲᠤᠰᠢᠶᠠᠵᠤ ᠪᠠᠶᠢᠭᠰᠠᠨ ᠪᠣᠯ᠂ ᠣᠳᠣ ᠬᠠᠭᠠᠰ ᠠᠵᠢᠯ ᠤᠨ ᠡᠳᠦᠷ ᠲᠤ ᠳᠠᠩᠰᠠᠯᠠᠭᠤᠯᠵᠤ ᠳᠡᠶᠢᠯᠬᠦ ᠪᠣᠯᠣᠭᠰᠠᠨ ᠮᠥᠷᠲᠡᠭᠡᠨ ᠵᠥᠪᠬᠡᠨ ᠵᠢᠷᠭᠤᠭᠠᠨ ᠮᠠᠲ᠋ᠧᠷᠢᠶᠠᠯ ᠲᠤᠰᠢᠶᠠᠪᠠᠯ ᠪᠣᠯᠴᠢᠬᠠᠨ᠎ᠠ᠃ ᠣᠨᠴᠠᠭᠠᠶᠢᠯᠠᠨ ᠠᠵᠤ ᠠᠬᠤᠶᠢᠯᠠᠯ ᠤᠨ ᠪᠠᠩᠬᠢ ᠳᠤ ᠳᠠᠩᠰᠠ ᠨᠡᠭᠡᠭᠡᠬᠦ ᠳᠤ ᠲᠤᠬᠠᠢ ᠶᠢᠨ ᠲᠠᠯᠠᠪᠤᠷ ᠲᠤ ᠪᠠᠷᠢᠨ ᠨᠡᠭᠡᠭᠡᠵᠦ ᠳᠠᠷᠤᠶᠢᠬᠠᠨ ᠬᠡᠷᠡᠭᠯᠡᠵᠦ ᠳᠡᠶᠢᠯᠬᠦ ᠪᠣᠯᠣᠭᠰᠠᠨ ᠨᠢ ᠪᠦᠬᠦ ᠤᠯᠤᠰ ᠳᠠᠶᠠᠭᠠᠷ ᠤᠨ ᠠᠩᠬᠠᠨ ᠤ ᠵᠢᠱᠢᠶ᠎ᠡ ᠪᠣᠯᠵᠤ ᠪᠠᠶᠢᠭ᠎ᠠ ᠶᠤᠮ᠃      ᠬᠤᠲᠠ ᠶᠢᠨ ᠵᠠᠰᠠᠭ ᠵᠠᠬᠢᠷᠭᠠᠨ ᠤ ᠬᠢᠨᠠᠨ ᠬᠠᠷᠭᠤᠭᠤᠯᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠪᠠᠰᠠ᠂ ᠦᠨ᠎ᠡ ᠲᠥᠯᠥᠪᠦᠷᠢ ᠦᠭᠡᠢ ᠪᠠᠷ ᠠᠯᠪᠠᠨ ᠲᠠᠮᠠᠭ᠎ᠠ ᠰᠡᠶᠢᠯᠬᠦ᠂ ᠭᠠᠶᠢᠯᠢ ᠡᠵᠡᠮᠰᠢᠬᠦ ᠲᠥᠬᠦᠭᠡᠷᠦᠮᠵᠢ ᠲᠠᠷᠬᠠᠭᠠᠬᠤ᠂ ᠭᠡᠷᠡᠴᠢ ᠦᠨᠡᠮᠯᠡᠯ ᠢ ᠰᠢᠤᠳᠠᠨ ᠢᠶᠠᠷ ᠭᠤᠪᠢᠭᠤᠯᠤᠨ ᠬᠦᠷᠭᠡᠬᠦ ᠵᠡᠷᠭᠡ ᠦᠢᠯᠡᠴᠢᠯᠡᠭᠡ ᠬᠠᠩᠭᠠᠨ᠂ ᠠᠵᠤ ᠠᠬᠤᠶᠢᠯᠠᠯ ᠳᠠᠩᠰᠠᠯᠠᠬᠤ ᠳᠤ ᠵᠠᠷᠤᠳᠠᠯ ᠠᠪᠬᠤ ᠦᠭᠡᠢ᠂ ᠦᠢᠯᠡᠰ ᠪᠣᠰᠬᠠᠭᠴᠢᠳ ᠤᠨ ᠳᠠᠷᠤᠭᠠᠰᠤ ᠶᠢ ᠬᠥᠩᠭᠡᠷᠡᠭᠦᠯᠵᠦ ᠪᠠᠶᠢᠨ᠎ᠠ᠃
ᠢᠷᠡᠯᠲᠡ᠄ ᠬᠥᠬᠡᠬᠤᠲᠠ ᠶᠢᠨ ᠮᠣᠩᠭᠤᠯ ᠷᠠᠳᠢᠤ᠋
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ