ᠨᠢᠭᠡ᠂ ᠨᠡᠶᠢᠲᠡᠯᠡᠭᠰᠡᠨ ᠠᠬᠤᠶ ᠪᠠᠶᠢᠳᠠᠯ | ︽ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠬᠦ ᠲᠤᠬᠠᠶ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ᠳᠤ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ | ᠬᠥᠷᠥᠩᠭᠡ ᠶᠢᠨ ᠬᠠᠮᠢᠶᠠᠷᠤᠯᠲᠠ ᠶᠢ ᠪᠦᠷᠢᠨᠰᠢᠭᠦᠯᠬᠦ ᠶᠡᠷᠦᠩᠬᠡᠶ ᠱᠠᠭᠠᠷᠳᠠᠯᠭ᠎ᠠ᠂ ᠦᠨᠳᠦᠰᠦᠨ ᠵᠠᠷᠴᠢᠮ ᠪᠠ ᠭᠤᠤᠯ ᠡᠭᠦᠷᠭᠡ ᠪᠣᠯ ᠤᠯᠤᠰ ᠤᠨ ᠥᠮᠴᠢᠯᠡᠯ ᠤᠨ | ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠮᠥᠨ ᠭᠡᠵᠦ ᠲᠣᠳᠣᠷᠬᠠᠶ | ᠲᠣᠭᠲᠠᠭᠠᠵᠠᠶ᠃ | ︽ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢᠨ ᠲᠤᠬᠠᠢ ᠲᠦᠷ | ᠬᠡᠷᠡᠭᠵᠢᠭᠦᠯᠬᠦ ᠲᠣᠭᠲᠠᠭᠠᠯ ᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠳᠤ | ᠳᠤᠷᠠᠳᠤᠭᠰᠠᠨ ᠨᠢ᠂ ᠡᠷᠬᠡ ᠬᠠᠷᠢᠭᠤᠴᠠᠯᠭ᠎ᠠ ᠶᠢ ᠵᠣᠬᠢᠴᠠᠭᠤᠯᠬᠤ᠂ ᠡᠷᠬᠡ ᠬᠠᠷᠢᠭᠤᠴᠠᠯᠭ᠎ᠠ ᠶᠢ ᠠᠳᠠᠯᠢ ᠲᠡᠭᠰᠢ ᠪᠠᠶᠢᠯᠭᠠᠬᠤ᠂ ᠡᠷᠬᠡ ᠬᠠᠷᠢᠭᠤᠴᠠᠯᠭ᠎ᠠ ᠶᠢ | ᠨᠢᠭᠡᠳᠦᠯᠲᠡᠶ ᠪᠠᠶᠢᠯᠭᠠᠬᠤ ᠵᠠᠷᠴᠢᠮ ᠶᠣᠰᠣᠭᠠᠷ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠣᠰ ᠱᠠᠲᠤᠨ ᠤ ᠵᠠᠰᠠᠭ ᠤᠨ ᠣᠷᠳᠣᠨ ᠤ | ᠣᠯᠭᠤᠭᠰᠠᠨ ᠡᠷᠬᠡ ᠶᠢ ᠦᠨᠳᠦᠰᠦᠯᠡᠨ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠪᠠᠯᠠ ᠭᠠᠷᠭᠠᠭᠴᠢ ᠶᠢᠨ ᠡᠭᠦᠷᠭᠡ | ᠬᠠᠷᠢᠭᠤᠴᠠᠯᠭ᠎ᠠ ᠶᠢ ᠲᠥᠪᠯᠡᠷᠡᠭᠦᠯᠦᠨ ᠨᠢᠭᠡᠳᠦᠯᠲᠡᠶ ᠭᠦᠢᠴᠡᠳᠬᠡᠬᠦ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠬᠦᠷᠦᠩᠬᠡ ᠶᠢ ᠬᠠᠮᠢᠶᠠᠷᠬᠤ ᠪᠠᠷ | ᠭᠤᠣᠯ ᠪᠣᠯᠭᠠᠨ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠬᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ | ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠬᠡ ᠶᠢ ᠪᠠᠶᠢᠷᠢᠰᠢᠭᠤᠯᠬᠤ᠂ ᠬᠦᠷᠦᠩᠬᠡ ᠶᠢᠨ ᠠᠵᠢᠯᠯᠠᠭᠠᠨ ᠢ ᠵᠢᠷᠤᠮᠵᠢᠭᠤᠯᠬᠤ᠂ ᠬᠦᠷᠦᠩᠬᠡ ᠶᠢᠨ ᠠᠰᠢᠭ | ᠣᠯᠵᠠᠪᠤᠷᠢ ᠶᠢ ᠨᠡᠮᠡᠭᠳᠡᠭᠦᠯᠬᠦ᠂ ᠬᠦᠷᠦᠩᠬᠡ ᠶᠢᠨ ᠠᠮᠤᠷ ᠲᠦᠪᠰᠢᠨ ᠢ ᠬᠠᠮᠠᠭᠠᠯᠠᠬᠤ ᠶᠢ ᠭᠤᠣᠯᠳᠠᠯᠭ᠎ᠠ ᠲᠠᠢ ᠰᠠᠶᠢᠲᠤᠷ ᠬᠠᠮᠢᠶᠠᠷᠴᠤ᠂ ᠤᠯᠤᠰ ᠠᠴᠠ ᠪᠡᠯᠡ | ᠭᠠᠷᠭᠠᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠬᠦᠷᠦᠩᠬᠡ ᠶᠢᠨ ᠠᠰᠢᠭ ᠣᠯᠵᠠᠪᠤᠷᠢ ᠤᠯᠬᠤ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ | ᠲᠣᠭᠲᠠᠭᠠᠬᠤ ᠳᠤ ᠣᠷᠣᠯᠴᠠᠬᠤ ᠪᠠ ᠬᠠᠮᠢᠶᠠᠷᠤᠭᠴᠢ ᠶᠢ ᠰᠣᠩᠭᠤᠬᠤ ᠵᠡᠷᠭᠡ ᠪᠡᠯᠡ ᠭᠠᠷᠭᠠᠭᠴᠢ ᠶᠢᠨ ᠡᠷᠬᠡ ᠠᠰᠢᠭ ᠢ ᠬᠠᠤᠯᠢ ᠶᠣᠰᠣᠭᠠᠷ ᠡᠳ᠋ᠯᠡᠭᠦᠯᠬᠦ ᠬᠡᠷᠡᠭᠲᠡᠢ᠃ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠲᠥᠯᠥᠪᠯᠡᠭᠡ ᠳᠤ ᠠᠰᠲᠠᠭᠠᠨ ᠵᠢᠭᠰᠠᠭᠠᠭᠰᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠲᠣᠰ ᠲᠣᠭᠲᠠᠭᠠᠯ ᠢ ᠦᠨᠳᠦᠰᠦᠯᠡᠨ᠂ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠪᠠ ᠬᠠᠮᠢᠶᠠᠷᠤᠯᠲᠠ ᠶᠢᠨ ᠣᠳᠣᠬᠢ | ᠪᠠᠶᠢᠳᠠᠯ ᠲᠠᠢ ᠪᠠᠨ ᠤᠶᠠᠯᠳᠤᠭᠤᠯᠵᠤ᠂ ᠪᠣᠳᠠᠲᠠᠶ ᠬᠡᠷᠡᠭᠵᠢᠭᠦᠯᠬᠦ ᠲᠣᠭᠲᠠᠭᠠᠯ ᠲᠣᠭᠲᠠᠭᠠᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ | ᠬᠤᠶᠠᠷ᠂ ᠨᠡᠶᠢᠲᠡᠯᠡᠭᠰᠡᠨ ᠵᠣᠷᠢᠯᠭ᠎ᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ | ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢᠨ ᠲᠤᠬᠠᠢ ᠬᠡᠷᠡᠭᠵᠢᠭᠦᠯᠬᠦ ᠲᠣᠭᠲᠠᠭᠠᠯ ︵ᠲᠦᠷ ᠬᠡᠷᠡᠭᠵᠢᠭᠦᠯᠬᠦ︶︾ ᠢ ᠨᠡᠶᠢᠲᠡᠯᠡᠭᠰᠡᠨ ᠨᠢ᠂ ᠪᠠᠯᠠ | ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠠᠯᠠ ᠭᠠᠷᠭᠠᠭᠴᠢ ᠶᠢᠨ ᠬᠠᠮᠢᠶᠠᠷᠤᠯᠲᠠ ᠶᠢᠨ ᠠᠭᠤᠯᠭ᠎ᠠ ᠶᠢ | ᠲᠣᠭᠲᠠᠭᠠᠨ᠂ ᠪᠠᠯᠠ ᠭᠠᠷᠭᠠᠭᠴᠢ ᠶᠢᠨ ᠬᠠᠮᠢᠶᠠᠷᠤᠯᠲᠠ ᠶᠢᠨ ᠲᠦᠷᠢᠮ ᠢ ᠵᠢᠷᠤᠮᠵᠢᠭᠤᠯᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠤᠯᠤᠰ ᠤᠨ | ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠳᠦᠷᠢᠮᠵᠢᠭᠦᠯᠬᠦ᠂ ᠵᠢᠷᠤᠮᠵᠢᠭᠤᠯᠬᠤ᠂ ᠲᠠᠰ | ᠳᠠᠷᠠᠭᠠᠵᠢᠭᠤᠯᠬᠤ ᠪᠠ ᠪᠣᠳᠠᠲᠠᠶᠢᠵᠢᠭᠤᠯᠬᠤ ᠶᠢ ᠲᠥᠪᠯᠡᠷᠡᠭᠦᠯᠦᠨ ᠨᠢᠭᠡᠳᠦᠯᠲᠡᠶ ᠭᠦᠢᠴᠡᠳᠬᠡᠬᠦ ᠪᠣᠯ ᠮᠠᠨ ᠤ ᠣᠷᠣᠨ ᠤ ᠲᠥᠪ ᠤᠨ ᠬᠤᠯᠪᠣᠭᠳᠠᠯ ᠪᠥᠬᠦᠶ | ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢ | ᠤᠯᠠᠮ ᠨᠢᠭᠡ ᠠᠯᠬᠤᠮ ᠪᠥᠷᠢᠨᠰᠢᠭᠦᠯᠬᠦ ᠪᠣᠷᠣ ᠲᠥᠯᠥᠪ ᠤᠨ ᠴᠢᠨᠠᠷᠲᠠᠶ ᠲᠦᠷᠢᠮ ᠪᠣᠯᠵᠠᠢ᠃ | ᠭᠤᠷᠪᠠ᠂ ᠭᠤᠣᠯ ᠠᠭᠤᠯᠭ᠎ᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ | ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢᠨ ᠲᠤᠬᠠᠢ ᠬᠡᠷᠡᠭᠵᠢᠭᠦᠯᠬᠦ ᠲᠣᠭᠲᠠᠭᠠᠯ ︵ᠲᠦᠷ ᠬᠡᠷᠡᠭᠵᠢᠭᠦᠯᠬᠦ︶︾ ᠨᠢ ᠲᠣᠰ ᠱᠠᠲᠤᠨ ᠤ ᠤᠯᠤᠰ ᠤᠨ | ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠰᠠᠭᠤᠷᠢ ᠬᠠᠮᠢᠶᠠᠷᠤᠯᠲᠠ᠂ ᠴᠢᠬᠤᠯᠠ ᠶᠡᠭᠡ ᠵᠦᠢᠯᠡᠰ ᠤᠨ ᠬᠠᠮᠢᠶᠠᠷᠤᠯᠲᠠ᠂ ᠬᠠᠮᠢᠶᠠᠷᠤᠭᠴᠢ ᠶᠢ | ᠰᠣᠩᠭᠤᠬᠤ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠴᠠᠯᠢᠩ ᠬᠥᠯᠥᠰᠥ ᠶᠢᠨ ᠬᠠᠮᠢᠶᠠᠷᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ᠂ | ᠨᠡᠶᠢᠲᠡ ᠨᠠᠢᠮᠠᠨ ᠪᠦᠯᠦᠭ ᠬᠡᠰᠡᠭ᠂ ᠭᠤᠴᠢ ᠶᠢᠰᠦᠨ ᠵᠦᠢᠯ ᠵᠤᠷᠪᠤᠰ ᠲᠠᠢ᠃ | ᠨᠢᠭᠡᠳᠦᠭᠡᠷ ᠪᠦᠯᠦᠭ ᠶᠡᠷᠦᠩᠬᠡᠶ ᠲᠦᠷᠢᠮ ᠪᠣᠯᠣᠨ᠎ᠠ᠂ ᠪᠢᠴᠢᠭ ᠮᠠᠲ᠋ᠧᠷᠢᠶᠠᠯ ᠢᠶᠠᠷ ᠲᠣᠭᠲᠠᠭᠠᠭᠰᠠᠨ ᠲᠦᠷᠦ ᠶᠢᠨ ᠪᠤᠳᠤᠯᠭ᠎ᠠ ᠶᠢᠨ ᠦᠨᠳᠦᠰᠦᠯᠡᠯ᠂ | ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠤᠬᠠᠭᠳᠠᠬᠤᠨ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ | ᠬᠦᠷᠦᠩᠭᠡ ᠶᠢᠨ ᠪᠡᠯᠡ ᠭᠠᠷᠭᠠᠭᠴᠢ ᠪᠠ ᠨᠠᠶᠢᠳᠠᠯᠭ᠎ᠠ ᠬᠦᠯᠢᠶᠡᠭᠴᠢ ᠶᠢᠨ ᠤᠬᠠᠭᠳᠠᠬᠤᠨ᠂ ᠪᠦᠬᠦ ᠰᠢᠰᠲ᠋ᠧᠮ ᠤᠨ ᠮᠡᠳᠡᠭᠦᠯᠦᠯᠲᠡ᠂ ᠨᠠᠮ ᠤᠨ ᠪᠠᠶᠢᠭᠤᠯᠤᠯᠲᠠ ᠶᠢ | ᠴᠢᠩᠭᠠᠳᠬᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ | ᠬᠤᠶᠠᠳᠤᠭᠠᠷ ᠪᠦᠯᠦᠭ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠪᠣᠯᠣᠨ᠎ᠠ᠂ ᠪᠡᠯᠡ ᠭᠠᠷᠭᠠᠭᠴᠢ ᠶᠢᠨ ᠡᠷᠬᠡ ᠮᠡᠳᠡᠯ ᠤᠨ ᠨᠠᠷᠢᠨ ᠬᠠᠭᠤᠳᠠᠰᠤ᠂ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢ ᠲᠣᠳᠣᠷᠬᠠᠶᠢᠯᠠᠪᠠ᠃ | ᠭᠤᠷᠪᠠᠳᠤᠭᠠᠷ ᠪᠦᠯᠦᠭ ᠨᠠᠶᠢᠳᠠᠯᠭ᠎ᠠ ᠬᠦᠯᠢᠶᠡᠭᠴᠢ ᠶᠢᠨ ᠡᠭᠦᠷᠭᠡ ᠬᠠᠷᠢᠭᠤᠴᠠᠯᠭ᠎ᠠ ᠪᠣᠯᠣᠨ᠎ᠠ᠂ ᠨᠠᠶᠢᠳᠠᠯᠭ᠎ᠠ ᠬᠦᠯᠢᠶᠡᠭᠴᠢ ᠶᠢᠨ ᠡᠷᠬᠡ ᠪᠠ ᠡᠭᠦᠷᠭᠡ ᠶᠢ | ᠲᠣᠳᠣᠷᠬᠠᠶᠢᠯᠠᠪᠠ᠃ | ᠳᠥᠷᠪᠡᠳᠦᠭᠡᠷ ᠪᠦᠯᠦᠭ ᠰᠠᠭᠤᠷᠢ ᠬᠠᠮᠢᠶᠠᠷᠤᠯᠲᠠ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠪᠠᠯᠠ ᠭᠠᠷᠭᠠᠭᠴᠢ | ᠪᠣᠯᠤᠭᠰᠠᠨ ᠤ ᠬᠤᠪᠢ ᠳᠤ᠂ ᠡᠳ᠋ ᠬᠥᠷᠥᠩᠭᠡ ᠶᠢ ᠪᠦᠷᠢᠳᠬᠡᠨ ᠪᠠᠯᠠ ᠮᠥᠩᠭᠦ ᠶᠢ ᠬᠠᠷᠭᠤᠭᠤᠯᠬᠤ᠂ ᠡᠳ᠋ ᠤᠨ ᠶᠠᠪᠤᠳᠠᠯ ᠤᠨ ᠤᠯᠠᠷᠢᠯ ᠤᠨ ᠮᠡᠳᠡᠭᠦᠯᠦᠯᠲᠡ ᠶᠢᠨ | ᠲᠥᠰᠦᠪ ᠤᠨ ᠭᠦᠢᠴᠡᠳᠬᠡᠯ᠂ ᠥᠮᠴᠢᠯᠡᠬᠦ ᠡᠷᠬᠡ ᠶᠢ ᠳᠠᠩᠰᠠᠯᠠᠬᠤ᠂ ᠥᠮᠴᠢᠯᠡᠬᠦ ᠡᠷᠬᠡ ᠶᠢ ᠰᠢᠯᠵᠢᠭᠦᠯᠬᠦ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ | ᠬᠥᠷᠥᠩᠭᠡ ᠶᠢᠨ ᠠᠰᠢᠭ ᠣᠯᠵᠠᠪᠤᠷᠢ ᠪᠠ ᠡᠵᠡᠩᠨᠡᠯᠲᠡ ᠶᠢᠨ ᠲᠥᠰᠥᠪ ᠪᠠ ᠲᠥᠰᠦᠪ ᠤᠨ ᠭᠦᠢᠴᠡᠳᠬᠡᠯ ᠂ ᠰᠲ᠋ᠣᠺ ᠤᠨ ᠡᠷᠬᠡ ᠶᠢᠨ ᠬᠡᠷᠡᠭ ᠮᠡᠳᠡᠭᠴᠢ ᠲᠣᠮᠢᠯᠠᠬᠤ᠂ | ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢ ᠲᠣᠬᠢᠷᠠᠭᠤᠯᠬᠤ ᠵᠡᠷᠭᠡ ᠰᠠᠭᠤᠷᠢ ᠬᠠᠮᠢᠶᠠᠷᠤᠯᠲᠠ ᠶᠢᠨ ᠠᠭᠤᠯᠭ᠎ᠠ ᠶᠢ | ᠲᠣᠳᠣᠷᠬᠠᠶᠢᠯᠠᠪᠠ᠃ | ᠲᠠᠪᠤᠳᠤᠭᠠᠷ ᠪᠦᠯᠦᠭ ᠴᠢᠬᠤᠯᠠ ᠶᠡᠭᠡ ᠵᠦᠢᠯᠡᠰ ᠤᠨ ᠬᠠᠮᠢᠶᠠᠷᠤᠯᠲᠠ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠵᠢᠴᠢ ᠨᠠᠶᠢᠳᠠᠯᠭ᠎ᠠ ᠬᠦᠯᠢᠶᠡᠭᠴᠢ ᠶᠢ ᠴᠢᠬᠤᠯᠠ ᠶᠡᠭᠡ ᠵᠦᠢᠯᠡᠰ ᠤᠨ ᠬᠠᠮᠢᠶᠠᠷᠤᠯᠲᠠ ᠳᠤ ᠬᠠᠤᠯᠢ ᠲᠣᠭᠲᠠᠭᠠᠯ ᠶᠣᠰᠣᠭᠠᠷ ᠣᠷᠣᠯᠴᠠᠬᠤ ᠶᠢ ᠱᠠᠭᠠᠷᠳᠠᠵᠤ᠂ ᠴᠢᠬᠤᠯᠠ | ᠶᠡᠭᠡ ᠵᠦᠢᠯᠡᠰ ᠤᠨ ᠠᠭᠤᠯᠭ᠎ᠠ ᠪᠠ ᠬᠠᠮᠢᠶᠠᠷᠤᠯᠲᠠ ᠶᠢᠨ ᠲᠦᠷᠢᠮ ᠢ ᠲᠣᠳᠣᠷᠬᠠᠶᠢᠯᠠᠪᠠ᠃ | ᠵᠢᠷᠭᠤᠳᠤᠭᠠᠷ ᠪᠦᠯᠦᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠰᠣᠩᠭᠤᠬᠤ ᠪᠠ ᠠᠵᠢᠯ ᠤᠨ ᠠᠮᠵᠢᠯᠲᠠ ᠪᠦᠲᠦᠮᠵᠢ ᠶᠢ | ᠬᠢᠨᠠᠨ ᠰᠢᠯᠭᠠᠬᠤ ᠪᠣᠯᠣᠨ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠰᠣᠩᠭᠤᠬᠤ ᠠᠷᠭ᠎ᠠ ᠮᠠᠶ᠋ᠢᠭ ᠪᠠ ᠳᠡᠰ ᠳᠠᠷᠠᠭᠠᠯᠠᠯ ᠢ | ᠲᠣᠳᠣᠷᠬᠠᠶᠢᠯᠠᠬᠤ ᠶᠢᠨ ᠬᠠᠮᠲᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠬᠢᠨᠠᠨ ᠰᠢᠯᠭᠠᠵᠤ ᠦᠨᠡᠯᠡᠬᠦ ᠳᠤ ᠲᠦᠷᠢᠮ ᠤᠨ | ᠲᠤᠬᠢᠷᠠᠭᠤᠯᠤᠯᠲᠠ ᠬᠢᠪᠡ᠃ | ᠳᠣᠯᠣᠳᠤᠭᠠᠷ ᠪᠦᠯᠦᠭ ᠴᠠᠯᠢᠩ ᠬᠥᠯᠥᠰᠥ ᠶᠢᠨ ᠬᠠᠮᠢᠶᠠᠷᠤᠯᠲᠠ ᠪᠣᠯᠣᠨ᠎ᠠ᠂ ᠴᠠᠯᠢᠩ ᠬᠥᠯᠥᠰᠥ ᠶᠢᠨ ᠬᠠᠮᠢᠶᠠᠷᠤᠯᠲᠠ ᠶᠢᠨ ᠵᠠᠷᠴᠢᠮ᠂ ᠴᠠᠯᠢᠩ ᠤᠨ | ᠶᠡᠷᠦᠩᠬᠡᠶ ᠲᠤᠭ᠎ᠠ᠂ ᠴᠠᠯᠢᠩ ᠬᠥᠯᠥᠰᠥ ᠶᠢᠨ ᠪᠦᠷᠢᠯᠳᠦᠯ᠂ ᠵᠢᠯ ᠤᠨ ᠦᠨᠳᠦᠰᠦᠨ ᠴᠠᠯᠢᠩ᠂ ᠠᠵᠢᠯ ᠤᠨ ᠠᠮᠵᠢᠯᠲᠠ ᠪᠦᠲᠦᠮᠵᠢ ᠶᠢᠨ ᠵᠢᠯ ᠤᠨ ᠴᠠᠯᠢᠩ᠂ | ᠲᠤᠰᠢᠶᠠᠯ ᠤᠨ ᠬᠤᠭᠤᠴᠠᠭᠠᠨ ᠤ ᠤᠷᠮᠠᠰᠢᠭᠤᠯᠤᠯ ᠤᠨ ᠣᠷᠣᠯᠭ᠎ᠠ᠂ ᠴᠠᠯᠢᠩ ᠬᠥᠯᠥᠰᠥ ᠶᠢ ᠪᠣᠳᠠᠲᠠᠶᠢᠵᠢᠭᠤᠯᠬᠤ ᠵᠡᠷᠭᠡ ᠠᠭᠤᠯᠭ᠎ᠠ ᠶᠢ | ᠲᠣᠳᠣᠷᠬᠠᠶᠢᠯᠠᠪᠠ᠃ | ᠨᠠᠢᠮᠠᠳᠤᠭᠠᠷ ᠪᠦᠯᠦᠭ ᠳᠠᠭᠠᠯᠳᠤᠭᠤᠯᠤᠯ ᠲᠦᠷᠢᠮ ᠪᠣᠯᠣᠨ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠠᠵᠤ | ᠠᠬᠤᠶᠢᠯᠠᠯ ᠳᠤ ᠪᠡᠯᠡ ᠣᠷᠤᠭᠤᠯᠤᠨ ᠬᠤᠪᠢ ᠣᠷᠣᠭᠤᠯᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠭᠤᠯᠭ᠎ᠠ ᠶᠢᠨ ᠲᠤᠬᠠᠶ ᠱᠠᠭᠠᠷᠳᠠᠯᠭ᠎ᠠ ᠳᠤᠷᠠᠳᠪᠠ᠃ |