︽ᠬᠥᠬᠡᠬᠤᠲᠠ ᠶᠢᠨ ᠭᠤᠣᠯᠯᠠᠭᠴᠢ ᠡᠷᠦᠭᠡ ᠶᠢᠨ ᠴᠡᠷᠢᠭ ᠢ ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠮᠡᠳᠡᠭᠳᠡᠯ
ᠨᠡᠶᠢᠲᠡᠯᠡᠭᠰᠡᠨ ᠴᠠᠭ᠄
2021/4/25
                 ᠬᠥᠬᠡᠬᠤᠲᠠ ᠵᠠᠰᠠᠭ ᠲᠠᠷᠬᠠᠭᠠᠭᠰᠠᠨ ﹇2021﹈ 56 ᠳ᠋ᠤᠭᠠᠷ ᠲᠣᠭᠠᠲᠤᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠄      ᠡᠲᠦᠭᠡ  ︽ᠬᠥᠬᠡᠬᠤᠲᠠ ᠶᠢᠨ ᠭᠤᠣᠯᠯᠠᠭᠴᠢ ᠡᠷᠦᠭᠡ ᠶᠢᠨ ᠴᠡᠷᠢᠭ ᠢ ᠬᠠᠷᠠᠭᠠᠯᠵᠠᠬᠤ ᠪᠠ ᠡᠷᠬᠡ ᠠᠰᠢᠭ ᠢ ᠪᠠᠲᠤᠯᠠᠬᠤ ᠬᠡᠷᠡᠭᠵᠢᠭᠦᠯᠬᠦ ᠲᠥᠰᠥᠯ︾  ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃            ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ      ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ            2021 ᠣᠨ ᠤ 3 ᠳ᠋ᠤᠭᠠᠷ ᠰᠠᠷ᠎ᠠ ᠶᠢᠨ 17 ᠤ ᠡᠳᠦᠷ      ᠬᠥᠬᠡᠬᠤᠲᠠ ᠶᠢᠨ ᠭᠤᠣᠯᠯᠠᠭᠴᠢ ᠡᠷᠦᠭᠡ ᠶᠢᠨ ᠴᠡᠷᠢᠭ ᠢ ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠬᠡᠷᠡᠭᠵᠢᠭᠦᠯᠬᠦ ᠲᠥᠰᠥᠯ ᠢ ᠬᠥᠬᠡᠬᠤᠲᠠ ᠶᠢᠨ ᠡᠷᠦᠬᠡ ᠶᠢᠨ ᠴᠡᠷᠢᠭ ᠤᠯᠤᠰ ᠤᠨ ᠪᠠᠲᠤᠯᠠᠨ  ᠬᠠᠮᠠᠭᠠᠯᠠᠯᠲᠠ ᠶᠢᠨ ᠡᠭᠦᠷᠭᠡ ᠵᠢᠷᠦᠮ ᠢᠶᠠᠨ ᠭᠦᠢᠴᠡᠳᠬᠡᠬᠦ ᠳᠤ ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠠᠵᠢᠯ ᠢ ᠰᠠᠶᠢᠲᠤᠷ ᠬᠢᠵᠦ᠂ ᠠᠷᠠᠳ ᠣᠯᠠᠨ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠢᠨ ᠤ ᠡᠷᠦᠬᠡ ᠶᠢᠨ ᠴᠡᠷᠢᠭ ᠤᠨ ᠠᠵᠢᠯ ᠢ ᠳᠡᠮᠵᠢᠵᠦ ᠲᠡᠭᠦᠨ ᠳᠤ ᠣᠷᠣᠯᠴᠠᠬᠤ ᠢᠷᠠᠭᠤ ᠠᠯᠳᠠᠷ ᠤᠨ ᠰᠡᠳᠬᠢᠯᠭᠡ᠂ ᠬᠦᠷᠲᠡᠮᠵᠢ ᠶᠢᠨ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠶᠢ ᠭᠦᠢᠴᠡᠳ ᠬᠥᠭᠵᠢᠭᠡᠵᠦ᠂ ᠪᠦᠬᠦ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠦᠲᠦᠭᠡᠨ ᠪᠠᠶᠢᠭᠤᠯᠤᠯᠲᠠ ᠶᠢᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠯᠠᠭᠴᠢ ᠡᠷᠦᠬᠡ ᠶᠢᠨ ᠴᠡᠷᠢᠭ ᠢ ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2020﹈ 15 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠵᠤ ᠲᠤᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃      ᠨᠢᠭᠡ᠂ ᠬᠠᠷᠠᠭᠠᠯᠵᠠᠵᠤ ᠦᠢᠯᠡᠴᠢᠯᠡᠬᠦ ᠡᠲᠡᠭᠡᠳ      ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠡᠲᠡᠭᠡᠳ ᠪᠣᠯ ᠬᠥᠬᠡᠬᠤᠲᠠ ᠶᠢᠨ ᠣᠷᠣᠨ ᠲᠤᠭ᠎ᠠ ᠲᠠᠢ ᠭᠤᠣᠯᠯᠠᠭᠴᠢ ᠡᠷᠦᠬᠡ ᠶᠢᠨ ᠴᠡᠷᠢᠭ ᠪᠠ ᠲᠤᠭᠤᠶᠢᠯᠠᠩ ᠬᠤᠪᠢᠶᠠᠭᠰᠠᠨ ᠡᠷᠦᠬᠡ ᠶᠢᠨ ᠴᠡᠷᠢᠭ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ᠎ᠠ᠃ ᠭᠤᠣᠯᠯᠠᠭᠴᠢ ᠡᠷᠦᠬᠡ ᠶᠢᠨ ᠴᠡᠷᠢᠭ ᠤᠨ ᠬᠤᠪᠢ ᠬᠥᠮᠥᠨ ᠤ ᠬᠦᠴᠦᠨ ᠪᠦᠬᠦᠢ ᠦᠨᠡᠮᠯᠡᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠪᠣᠯᠣᠨ᠎ᠠ᠃      ᠬᠤᠶᠠᠷ᠂ ᠬᠠᠷᠠᠭᠠᠯᠵᠠᠵᠤ ᠦᠢᠯᠡᠴᠢᠯᠡᠬᠦ ᠵᠢᠴᠢ ᠡᠷᠬᠡ ᠠᠰᠢᠭ ᠢ ᠪᠠᠲᠤᠯᠠᠬᠤ ᠠᠷᠭ᠎ᠠ ᠬᠡᠮᠵᠢᠶ᠎ᠡ      ︵ᠨᠢᠭᠡ︶ ᠦᠢᠯᠡᠴᠢᠯᠡᠬᠦ ᠴᠣᠩᠬᠤ ᠭᠠᠷᠭᠠᠨ᠎ᠠ      ᠪᠦᠬᠦ ᠬᠤᠲᠠ ᠶᠢᠨ ᠡᠯ᠎ᠡ ᠱᠠᠲᠤᠨ ᠤ ᠥᠯᠥ ᠬᠦᠳᠡᠯᠬᠦ ᠬᠥᠷᠥᠩᠭᠡ ᠶᠢ ᠳᠠᠩᠰᠠᠯᠠᠬᠤ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠳᠣᠲᠣᠭᠠᠳᠤ ᠶᠢ ᠬᠠᠮᠠᠭᠠᠯᠠᠬᠤ ᠡᠷᠦᠬᠡ ᠠᠮᠠ ᠶᠢᠨ ᠦᠢᠯᠡᠴᠢᠯᠡᠭᠡᠨ ᠤ ᠲᠢᠩᠬᠢᠮ᠂ ᠤᠷ᠎ᠠ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ᠂ ᠠᠯᠪᠠᠨ ᠠᠴᠠ ᠡᠷᠬᠢᠯᠡᠭᠰᠡᠨ ᠵᠢᠴᠢ ᠠᠷᠠᠳ ᠠᠴᠠ ᠡᠷᠬᠢᠯᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠪᠠᠩᠬᠢ ᠶᠢᠨ ᠦᠢᠯᠡᠴᠢᠯᠡᠭᠡᠨ ᠤ ᠭᠠᠵᠠᠷ᠂ ᠵᠠᠰᠠᠮᠠᠯ ᠵᠠᠮ ᠲᠡᠮᠦᠷ ᠵᠠᠮ ᠤᠨ ᠠᠶᠠᠨᠴᠢᠳ ᠤᠨ ᠥᠷᠲᠡᠭᠡ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ᠂ ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠭᠠᠵᠠᠷ᠂ ᠰᠣᠶᠣᠯ ᠤᠨ ᠲᠠᠯᠠᠪᠠᠢ ᠣᠷᠳᠣᠨ᠂ ᠬᠤᠲᠠ ᠶᠢᠨ ᠴᠡᠴᠡᠷᠯᠢᠭ ᠲᠤ ᠭᠤᠣᠯᠯᠠᠭᠴᠢ ᠡᠷᠦᠬᠡ ᠶᠢᠨ ᠴᠡᠷᠢᠭ ᠲᠤ ᠦᠢᠯᠡᠴᠢᠯᠡᠬᠦ ᠴᠣᠩᠬᠤ ᠭᠠᠷᠭᠠᠵᠤ᠂ ᠢᠯᠡᠷᠬᠡᠢ ᠲᠡᠮᠳᠡᠭ ᠲᠠᠯᠪᠢᠨ᠎ᠠ᠃︵ᠬᠤᠶᠠᠷ︶ ᠤᠷᠢᠳᠠᠪᠠᠷ ᠦᠢᠯᠡᠴᠢᠯᠡᠭᠡ ᠬᠠᠩᠭᠠᠨ᠎ᠠ      ᠭᠤᠣᠯᠯᠠᠭᠴᠢ ᠡᠷᠦᠬᠡ ᠶᠢᠨ ᠴᠡᠷᠢᠭ ᠪᠦᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠳᠣᠲᠣᠷ᠎ᠠ᠂ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢᠶᠠᠨ ᠭᠠᠷᠭᠠᠨ ᠳᠣᠣᠷᠠᠬᠢ ᠦᠢᠯᠡᠴᠢᠯᠡᠭᠡ ᠨᠦᠭᠦᠳ ᠢ ᠤᠷᠢᠳᠠᠪᠠᠷ ᠬᠦᠷᠲᠡᠨ᠎ᠡ᠄      1. ᠡᠷᠦᠬᠡ ᠠᠮᠠ ᠪᠠ  ᠤᠷᠤᠭ ᠤᠨ ᠲᠠᠩᠰᠠᠯᠠᠯ ᠤᠨ ᠭᠠᠷ ᠭᠦᠢᠴᠡᠳᠬᠡᠯ ᠢ ᠤᠷᠢᠳᠠᠪᠠᠷ ᠭᠦᠢᠴᠡᠳᠬᠡᠨ᠎ᠡ︔      2. ᠠᠵᠢᠯ ᠣᠯᠵᠤ ᠦᠢᠯᠡᠰ ᠪᠣᠰᠬᠠᠬᠤ ᠳᠡᠮᠵᠢᠯᠭᠡ ᠪᠠ ᠠᠵᠢᠯ ᠣᠯᠭᠤᠬᠤ ᠬᠠᠪᠰᠤᠷᠤᠯᠭ᠎ᠠ ᠶᠢ ᠤᠷᠢᠳᠠᠪᠠᠷ ᠬᠦᠷᠲᠡᠨ᠎ᠡ︔      3. ᠥᠯᠥ ᠬᠦᠳᠡᠯᠬᠦ ᠬᠥᠷᠥᠩᠭᠡ ᠶᠢ ᠳᠠᠩᠰᠠᠯᠠᠬᠤ ᠬᠤᠯᠪᠣᠭᠳᠠᠯ ᠪᠦᠬᠦᠢ ᠤᠴᠢᠷ ᠢ ᠤᠷᠢᠳᠠᠪᠠᠷ ᠭᠦᠢᠴᠡᠳᠬᠡᠨ᠎ᠡ︔      4. ᠡᠯ᠎ᠡ ᠵᠠᠰᠠᠮᠠᠯ ᠵᠠᠮ ᠲᠡᠮᠦᠷ ᠵᠠᠮ ᠤᠨ ᠠᠶᠠᠨᠴᠢᠳ ᠤᠨ ᠥᠷᠲᠡᠭᠡ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠳᠤ ᠪᠢᠯᠧᠲ ᠠᠪᠬᠤ᠂ ᠠᠶᠤᠯᠭᠦᠢ ᠶᠢᠨ ᠪᠠᠶᠢᠴᠠᠭᠠᠯᠲᠠ ᠶᠢ ᠥᠩᠭᠡᠷᠡᠬᠦ᠂ ᠲᠡᠷᠭᠡᠨ ᠳᠤ ᠭᠠᠷᠬᠤ ᠵᠡᠷᠭᠡ ᠦᠢᠯᠡᠴᠢᠯᠡᠭᠡ ᠶᠢ ᠤᠷᠢᠳᠠᠪᠠᠷ ᠬᠦᠷᠲᠡᠨ᠎ᠡ᠃      5.ᠡᠯ᠎ᠡ ᠱᠠᠲᠤᠨ ᠤ ᠠᠯᠪᠠᠨ ᠠᠴᠠ ᠡᠷᠬᠢᠯᠡᠭᠰᠡᠨ ᠵᠢᠴᠢ ᠠᠷᠠᠳ ᠠᠴᠠ ᠡᠷᠬᠢᠯᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠡᠮᠴᠢᠯᠡᠭᠦᠯᠬᠦ ᠳᠤ ᠳ᠋ᠤᠭᠠᠷᠯᠠᠬᠤ᠂ ᠰᠢᠨᠵᠢᠯᠡᠭᠡ ᠬᠢᠯᠭᠡᠬᠦ᠂ ᠪᠠᠶᠢᠴᠠᠭᠠᠯᠲᠠ ᠬᠢᠯᠭᠡᠬᠦ᠂ ᠡᠮ ᠠᠪᠬᠤ᠂ ᠡᠮᠨᠡᠯᠭᠡ ᠳᠤ ᠰᠠᠭᠤᠬᠤ ᠵᠡᠷᠭᠡ ᠤᠨᠤᠰᠢᠯᠠᠯᠲᠠ ᠡᠮᠴᠢᠯᠡᠭᠡ ᠶᠢᠨ ᠦᠢᠯᠡᠴᠢᠯᠡᠭᠡ ᠶᠢ ᠤᠷᠢᠳᠠᠪᠠᠷ ᠬᠦᠷᠲᠡᠨ᠎ᠡ︔      6. ᠡᠯ᠎ᠡ ᠱᠠᠲᠤᠨ ᠤ ᠪᠠᠩᠬᠢ ᠶᠢᠨ ᠦᠢᠯᠡᠴᠢᠯᠡᠭᠡᠨ ᠤ ᠭᠠᠵᠠᠷ ᠳᠠᠩᠰᠠᠨ ᠡᠷᠦᠬᠡ ᠪᠠᠶᠢᠭᠤᠯᠵᠤ ᠬᠠᠰᠤᠭᠤᠯᠬᠤ᠂ ᠵᠣᠭᠤᠰ ᠭᠠᠷᠭᠠᠵᠤ ᠠᠪᠬᠤ᠂ ᠳᠠᠩᠰᠠ ᠰᠢᠯᠵᠢᠭᠦᠯᠵᠦ ᠵᠣᠭᠤᠰ ᠭᠤᠪᠢᠭᠤᠯᠬᠤ ᠵᠡᠷᠭᠡ ᠲᠤᠬᠠᠶᠢᠯᠠᠭᠰᠠᠨ ᠠᠵᠢᠯ ᠢ ᠤᠷᠢᠳᠠᠪᠠᠷ ᠭᠦᠢᠴᠡᠳᠬᠡᠨ᠎ᠡ︔      7. ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠭᠠᠵᠠᠷ ᠲᠠᠶᠢᠯᠪᠤᠷᠢᠯᠠᠬᠤ᠂ ᠵᠠᠮᠴᠢᠯᠠᠬᠤ ᠵᠡᠷᠭᠡ ᠦᠢᠯᠡᠴᠢᠯᠡᠭᠡ ᠶᠢ ᠤᠷᠢᠳᠠᠪᠠᠷ ᠬᠦᠷᠲᠡᠨ᠎ᠡ︔      ︵ᠭᠤᠷᠪᠠ︶  ᠬᠠᠷᠠᠭᠠᠯᠵᠠᠯ ᠤᠨ ᠦᠢᠯᠡᠴᠢᠯᠡᠭᠡ ᠬᠠᠩᠭᠠᠨ᠎ᠠ      ᠭᠤᠣᠯᠯᠠᠭᠴᠢ ᠡᠷᠦᠬᠡ ᠶᠢᠨ ᠴᠡᠷᠢᠭ ᠲᠤᠰ ᠬᠤᠲᠠ ᠶᠢᠨ ᠵᠠᠰᠠᠭ ᠵᠠᠬᠢᠷᠭᠠᠨ ᠤ ᠣᠷᠣᠨ ᠳᠣᠲᠣᠷ᠎ᠠ᠂ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢᠶᠠᠨ ᠭᠠᠷᠭᠠᠨ ᠳᠣᠣᠷᠠᠬᠢ ᠬᠠᠷᠠᠭᠠᠯᠵᠠᠯ ᠤᠳ ᠢ ᠬᠦᠷᠲᠡᠨ᠎ᠡ᠄      1. ᠭᠤᠣᠯᠯᠠᠭᠴᠢ ᠡᠷᠦᠬᠡ ᠶᠢᠨ ᠴᠡᠷᠢᠭ ᠤᠨ ᠬᠠᠷᠠᠭᠠᠯᠵᠠᠯ ᠤᠨ ᠺᠠᠷᠲ ᠢ ᠬᠢᠯᠭᠡᠵᠦ᠂ 8 ᠪᠠᠷ ᠨᠤᠭᠤᠯᠬᠤ ᠬᠢᠮᠳᠠᠷᠠᠯ ᠲᠠᠢ ᠪᠠᠷ ᠨᠡᠶᠢᠲᠡ ᠶᠢᠨ ᠮᠠᠰᠢᠨ ᠳᠤ ᠰᠠᠭᠤᠬᠤ ᠲᠤᠰᠬᠠᠢ ᠬᠠᠷᠠᠭᠠᠯᠵᠠᠯ ᠬᠦᠷᠲᠡᠨ᠎ᠡ︔      2. ᠮᠧᠲᠷᠤ᠋ ᠶᠢᠨ ᠲᠠᠩ ᠴᠢᠭᠯᠡᠯ ᠤᠨ ᠪᠢᠯᠧᠲ ᠤᠨ ᠮᠥᠩᠭᠦ ᠶᠢ ᠬᠠᠭᠠᠰ ᠢᠶᠠᠷ ᠬᠢᠮᠳᠠᠷᠠᠵᠤ᠂ ᠬᠠᠳᠠᠭᠠᠯᠠᠮᠵᠢ ᠲᠠᠢ ᠺᠠᠷᠲ ᠳᠤ 9.5 ᠪᠠᠷ ᠨᠤᠭᠤᠯᠬᠤ ᠬᠠᠷᠠᠭᠠᠯᠵᠠᠯ ᠬᠦᠷᠲᠡᠨ᠎ᠡ︔     3. ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠰᠣᠶᠣᠯ ᠤᠨ ᠣᠷᠳᠣᠨ᠂ ᠦᠵᠡᠰᠬᠦᠯᠡᠩ ᠤᠨ ᠣᠷᠳᠣᠨ᠂ ᠮᠦᠽᠧᠢ᠂ ᠳᠤᠷᠠᠰᠬᠠᠯ ᠤᠨ ᠣᠷᠳᠣᠨ᠂ ᠴᠡᠴᠡᠷᠯᠢᠭ᠂ ᠨᠡᠭᠡᠭᠡᠯᠲᠡ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ᠂ ᠨᠡᠷᠡᠲᠦ ᠦᠵᠡᠮᠵᠢ ᠶᠢᠨ ᠭᠠᠵᠠᠷ ᠡᠷᠲᠡᠨ ᠤ ᠲᠡᠥᠬᠡᠨ ᠪᠠᠭᠤᠷᠢ ᠪᠠ ᠡᠯ᠎ᠡ ᠲᠥᠷᠥᠯ ᠤᠨ A ᠲᠡᠰ ᠤᠨ ᠵᠢᠭᠤᠯᠴᠢᠯᠠᠯ ᠤᠨ ᠦᠵᠡᠮᠵᠢ ᠶᠢᠨ ᠭᠠᠵᠠᠷ ᠢᠶᠠᠷ ᠲᠣᠭᠤᠷᠢᠨ ᠵᠤᠭᠠᠴᠠᠬᠤ ᠳᠤ ᠠᠩᠬᠠᠨ ᠤ ᠡᠭᠦᠳᠡᠨ ᠪᠢᠯᠧᠲ ᠠᠴᠠ ᠵᠣᠭᠤᠰ ᠬᠤᠷᠢᠶᠠᠬᠤ ᠦᠭᠡᠢ᠃      4. ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ︽ᠥᠪᠡᠷᠲᠡᠭᠡᠨ ᠵᠠᠰᠠᠬᠤ ᠣᠷᠣᠨ ᠤ ᠭᠤᠣᠯᠯᠠᠭᠴᠢ ᠡᠷᠦᠬᠡ ᠶᠢᠨ ᠴᠡᠷᠢᠭ ᠬᠤᠪᠢ ᠳᠠᠭᠠᠨ ᠺᠠᠷᠲ ᠬᠢᠯᠭᠡᠬᠦ ᠳᠤ ᠬᠠᠷᠠᠭᠠᠯᠵᠠᠯ ᠦᠵᠡᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠨᠡᠮᠡᠬᠦ ᠬᠠᠮᠢᠶᠠᠷᠬᠤ ﹇2020﹈ 68 ᠳ᠋ᠤᠭᠠᠷ ᠲᠣᠭᠠᠲᠤ︶᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠥᠪᠥᠷ ᠮᠣᠩᠭᠤᠯ ᠤᠨ ᠴᠢᠯᠠᠭᠤᠨ ᠲᠣᠰᠣᠨ ᠤ ᠬᠤᠪᠢᠶᠠᠷᠢ ᠺᠣᠮᠫᠠᠨᠢ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠯᠠᠭᠴᠢ ᠡᠷᠦᠬᠡ ᠶᠢᠨ ᠴᠡᠷᠢᠭ ᠲᠣᠰᠣ ᠨᠡᠮᠡᠬᠦ ᠬᠠᠷᠠᠭᠠᠯᠵᠠᠯ ᠤᠨ ᠲᠥᠰᠥᠯ︾ ᠤᠨ ᠶᠣᠰᠣᠭᠠᠷ᠂ ᠳᠤᠮᠳᠠᠳᠤ ᠤᠯᠤᠰ ᠤᠨ ᠴᠢᠯᠠᠭᠤᠨ ᠲᠣᠰᠣ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠲᠣᠰᠣ ︵ᠬᠡᠢ︶ ᠨᠡᠮᠡᠬᠦ ᠥᠷᠲᠡᠭᠡᠨ ᠳᠤ ᠭᠡᠷ ᠲᠡᠭᠡᠨ ᠬᠡᠷᠡᠭᠯᠡᠬᠦ ᠲᠡᠷᠭᠡᠨ ᠳᠤ ᠲᠣᠰᠣ ᠨᠡᠮᠡᠬᠦ ᠳᠤ ᠬᠠᠷᠠᠭᠠᠯᠵᠠᠯ ᠬᠦᠷᠲᠡᠨ᠎ᠡ᠃      5. ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠶᠢᠨ ᠡᠵᠡᠩᠨᠡᠯᠲᠡ ᠶᠢᠨ ᠰᠦᠯᠵᠢᠶᠡᠨ ᠳᠤ ᠬᠤᠪᠢ ᠬᠥᠮᠥᠨ ᠤ ᠭᠠᠷ  ᠤᠳᠠᠰᠤᠨ ᠤ ᠴᠢᠮᠡᠭᠡ ᠬᠤᠯᠪᠣᠭᠠᠨ ᠤ ᠨᠤᠭᠤᠯᠵᠤ ᠪᠣᠳᠣᠬᠤ ᠬᠠᠷᠠᠭᠠᠯᠵᠠᠯ ᠢ ᠬᠦᠷᠲᠡᠵᠦ᠂ ᠪᠣᠳᠠᠲᠠᠢ ᠨᠤᠭᠤᠯᠵᠤ ᠪᠣᠳᠣᠬᠤ ᠬᠠᠷᠢᠴᠠᠯ ᠢ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠶᠢᠨ ᠪᠦᠯᠦᠭᠯᠡᠯ ᠤᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠬᠢᠵᠠᠭᠠᠷᠲᠤ ᠺᠣᠮᠫᠠᠨᠢ ᠶᠢᠨ ᠥᠪᠥᠷ  ᠮᠣᠩᠭᠤᠯ ᠤᠨ ᠥᠪᠡᠷᠲᠡᠭᠡᠨ ᠵᠠᠰᠠᠬᠤ ᠤᠷᠤᠨ ᠳᠠᠬᠢ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠶᠢᠨ ᠲᠣᠭᠲᠠᠭᠠᠯ ᠢ ᠬᠡᠷᠡᠭᠵᠢᠭᠦᠯᠦᠨ᠎ᠡ᠃      ︵ᠳᠥᠷᠪᠡ︶ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ      ᠭᠤᠣᠯᠯᠠᠭᠴᠢ ᠡᠷᠦᠬᠡ ᠶᠢᠨ ᠴᠡᠷᠢᠭ ᠳᠠᠶᠢᠨ ᠤ ᠪᠡᠯᠡᠳᠬᠡᠯ ᠳᠤ ᠵᠢᠵᠢᠭᠦᠷᠯᠡᠬᠦ᠂ ᠠᠶᠤᠯ ᠭᠠᠮᠰᠢᠭ ᠠᠴᠠ ᠠᠪᠤᠷᠠᠬᠤ᠂ ᠴᠡᠷᠢᠭ ᠤᠨ ᠪᠣᠯᠪᠠᠰᠤᠷᠠᠯ ᠪᠠ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠬᠤ ᠦᠶ᠎ᠡ ᠳᠤ᠂  ᠳᠤᠭᠤᠶᠢᠯᠠᠩ ᠬᠤᠪᠢᠶᠠᠭᠰᠠᠨ ᠡᠷᠥᠬᠡ ᠶᠢᠨ ᠴᠡᠷᠢᠭ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠴᠠᠯᠢᠩ᠂ ᠱᠠᠩᠨᠠᠯ ᠤᠨ ᠮᠥᠩᠭᠦ᠂ ᠠᠰᠠᠷᠠᠮᠵᠢ ᠬᠠᠷᠠᠭᠠᠯᠵᠠᠯ ᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠢ᠂ ᠡᠭᠦᠨ ᠠᠴᠠ ᠪᠣᠯᠵᠤ ᠬᠥᠳᠡᠯᠮᠦᠷᠢ ᠶᠢᠨ ᠪᠤᠶᠤ ᠤᠷᠢᠨ ᠬᠡᠷᠡᠭᠯᠡᠭᠰᠡᠨ ᠬᠠᠷᠢᠴᠠᠭ᠎ᠠ ᠪᠠᠨ ᠬᠦᠴᠦᠨ ᠦᠭᠡᠢ ᠪᠣᠯᠭᠠᠵᠤ ᠪᠣᠯᠬᠤ ᠦᠭᠡᠢ᠃     ︵ᠲᠠᠪᠤ︶  ᠲᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ       ᠳᠤᠭᠤᠶᠢᠯᠠᠩ ᠬᠤᠪᠢᠶᠠᠭᠰᠠᠨ ᠡᠷᠥᠬᠡ ᠶᠢᠨ ᠴᠡᠷᠢᠭ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠦᠢᠯᠡᠳᠪᠦᠷᠢᠯᠡᠯ ᠡᠵᠡᠩᠨᠡᠯᠲᠡ ᠳᠤ ᠳᠣᠣᠷᠠᠬᠢ ᠲᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠄      1. ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠪᠰᠡᠭᠲᠦ ᠬᠦᠴᠦᠨ ᠤ ᠠᠵᠢᠯ ᠥᠷᠨᠢᠭᠦᠯᠬᠦ ᠵᠠᠷᠤᠳᠠᠯ ᠢ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠲᠤ ᠣᠷᠣᠭᠤᠯᠵᠤ᠂ ᠬᠠᠷᠠᠭᠠᠯᠵᠠᠭᠰᠠᠨ ᠵᠠᠷᠤᠳᠠᠯ ᠢ ᠭᠠᠶᠢᠯᠢ ᠠᠴᠠ ᠡᠮᠦᠨ᠎ᠡ ᠬᠠᠰᠤᠨ᠎ᠠ︔      2. ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠵᠡᠪᠰᠡᠭᠲᠦ ᠬᠦᠴᠦᠨ ᠤ ᠠᠵᠢᠯ ᠤᠨ ᠬᠢᠷᠢ ᠪᠦᠲᠦᠮᠵᠢ ᠨᠢ ᠳᠣᠪᠣᠶᠢᠮ᠎ᠠ ᠪᠠᠶᠢᠬᠤ ᠪᠠᠷ ᠮᠠᠭᠠᠳᠯᠠᠨ ᠲᠤᠭᠲᠠᠭᠠᠭᠰᠠᠨ ᠪᠠᠶᠢᠪᠠᠯ᠂ ᠲᠥᠷᠥᠯ ᠵᠦᠢᠯ᠂ ᠭᠠᠵᠠᠷ ᠬᠡᠷᠡᠭᠯᠡᠬᠦ ᠵᠡᠷᠭᠡ ᠶᠢ ᠬᠢᠨᠠᠨ ᠵᠥᠪᠰᠢᠶᠡᠷᠡᠬᠦ ᠳᠤ ᠤᠷᠢᠳᠠᠪᠠᠷ ᠭᠦᠢᠴᠡᠳᠬᠡᠬᠦ ᠪᠠ ᠳᠠᠷᠠᠭᠠᠯᠠᠯ ᠢ ᠳᠥᠭᠦᠮᠴᠢᠯᠡᠬᠦ ᠲᠥᠷᠥ ᠶᠢᠨ ᠪᠣᠳᠣᠯᠭ᠎ᠠ ᠵᠢᠴᠢ ᠪᠤᠰᠤᠳ ᠬᠠᠮᠢᠶ᠎ᠠ ᠪᠦᠬᠦᠢ ᠲᠡᠮᠵᠢᠯᠭᠡ ᠶᠢᠨ ᠠᠷᠭ᠎ᠠ ᠬᠡᠮᠵᠢᠶ᠎ᠡ ᠶᠢ ᠬᠦᠷᠲᠡᠨ᠎ᠡ︔      3.  ᠵᠢᠯᠣᠭᠤᠳᠤᠯᠭ᠎ᠠ ᠶᠢᠨ ᠴᠢᠮᠡᠭᠡ ᠬᠤᠯᠪᠤᠭ᠎ᠠ᠂ ᠲᠠᠩᠨᠠᠨ ᠠᠵᠢᠭᠯᠠᠵᠤ ᠬᠤᠯᠪᠤᠭ᠎ᠠ ᠠᠪᠬᠤ᠂ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ ᠵᠡᠷᠭᠡ ᠲᠤᠨᠤᠭᠯᠠᠯ ᠪᠠᠭᠠᠵᠢ ᠬᠡᠷᠡᠭᠰᠡᠯ ᠪᠤᠶᠤ ᠬᠤᠯᠪᠣᠭᠳᠠᠯ ᠪᠦᠬᠦᠢ ᠪᠦᠲᠦᠭᠡᠭᠳᠡᠬᠦᠨ ᠢ ᠦᠢᠯᠡᠳᠪᠦᠷᠢᠯᠡᠨ ᠡᠵᠡᠩᠨᠡᠬᠦ ᠮᠥᠷᠲᠡᠭᠡᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠨᠤᠭᠯᠠᠯ ᠪᠠᠭᠠᠵᠢ ᠬᠡᠷᠡᠭᠰᠡᠯ ᠢ ᠬᠤᠳᠠᠯᠳᠤᠨ ᠠᠪᠬᠤ ᠨᠥᠬᠦᠴᠡᠯ ᠳᠤ ᠨᠡᠶᠢᠴᠡᠭᠰᠡᠨ ᠢ ᠵᠠᠰᠠᠭ ᠤᠨ ᠣᠷᠳᠣᠨ ᠤ ᠬᠤᠳᠠᠯᠳᠤᠨ ᠠᠪᠬᠤ ᠭᠠᠷᠴᠠᠭ ᠲᠤ ᠣᠷᠣᠭᠤᠯᠤᠨ᠎ᠠ︔      4. ᠭᠡᠷ ᠭᠠᠵᠠᠷ ᠬᠥᠷᠥᠩᠭᠡ ᠶᠢᠨ ᠠᠵᠤ ᠠᠬᠤᠶᠢᠯᠠᠯ ᠳᠤ ᠭᠠᠵᠠᠷ ᠬᠠᠩᠭᠠᠬᠤ ᠭᠠᠷ ᠭᠦᠢᠴᠡᠳᠬᠡᠯ ᠢ ᠤᠷᠢᠳᠠᠪᠠᠷ ᠭᠦᠢᠴᠡᠳᠬᠡᠨ᠎ᠡ︔      ︵ᠵᠢᠷᠭᠤᠭ᠎ᠠ︶ ᠤᠯᠤᠰ ᠲᠥᠷᠥ ᠶᠢᠨ ᠬᠠᠷᠠᠭᠠᠯᠵᠠᠯ ᠣᠯᠭᠤᠨ᠎ᠠ      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠵᠡᠪᠰᠡᠭᠲᠦ ᠬᠦᠴᠦᠨ ᠤ ᠠᠵᠢᠯ ᠤᠨ ᠬᠢᠷᠢ ᠪᠦᠲᠦᠮᠵᠢ ᠳᠣᠪᠣᠶᠢᠮ᠎ᠠ ᠪᠠᠶᠢᠬᠤ ᠪᠠᠷ  ᠮᠠᠭᠠᠳᠯᠠᠨ ᠲᠤᠭᠲᠠᠭᠠᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠬᠤᠪᠢ ᠬᠥᠮᠥᠨ᠂ ᠳᠣᠣᠷᠠᠬᠢ ᠤᠯᠤᠰ ᠲᠥᠷᠥ ᠶᠢᠨ ᠬᠠᠷᠠᠭᠠᠯᠵᠠᠯ ᠢ ᠬᠦᠷᠲᠡᠨ᠎ᠡ᠄      1. ᠥᠪᠥᠷ ᠮᠣᠩᠭᠤᠯ ᠤᠨ ᠴᠡᠷᠢᠭ ᠠᠷᠠᠳ ᠠᠭᠤᠰᠤᠯᠴᠠᠭᠰᠠᠨ ᠭᠤᠣᠯᠳᠠᠯᠭ᠎ᠠ ᠲᠠᠢ ᠠᠵᠤ ᠠᠬᠤᠶᠢᠯᠠᠯ ᠢ ᠦᠨᠡᠯᠡᠬᠦ ᠳᠤ ᠤᠷᠢᠳᠠᠪᠠᠷ ᠲᠠᠨᠢᠯᠴᠠᠭᠤᠯᠤᠨ᠎ᠠ︔      2. ᠠᠵᠤ ᠠᠬᠤᠶᠢᠯᠠᠯ ᠤᠨ ᠪᠡᠯᠡ ᠭᠠᠷᠭᠠᠭᠰᠠᠨ ᠬᠥᠮᠥᠨ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠢ ᠡᠯ᠎ᠡ ᠱᠠᠲᠤᠨ ᠤ ᠠᠷᠠᠳ ‍ᠤᠨ‌‍ᠲ᠋ᠦ᠋ᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠲᠠᠨᠢᠯᠴᠠᠭᠤᠯᠬᠤ ᠳᠤ᠂ ᠵᠢᠱᠢᠭᠳᠡᠭᠴᠢ ᠶᠢᠨ ᠪᠠᠷᠢᠮᠵᠢᠶ᠎ᠠ ᠨᠥᠬᠦᠴᠡᠯ ᠪᠠ ᠪᠦᠲᠦᠴᠡ ᠶᠢᠨ ᠬᠠᠷᠢᠴᠠᠯ ᠢ ᠦᠨᠳᠦᠰᠦᠯᠡᠨ ᠤᠷᠢᠳᠠᠪᠠᠷ ᠲᠠᠨᠢᠯᠴᠠᠭᠤᠯᠤᠨ᠎ᠠ︔      ᠭᠤᠷᠪᠠ᠂ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢ ᠬᠡᠷᠡᠭᠯᠡᠬᠦ ᠬᠠᠮᠢᠶᠠᠷᠤᠯᠲᠠ      ︵ᠨᠢᠭᠡ︶  ᠰᠡᠷᠭᠡᠶᠢᠯᠡᠯᠲᠡ ᠶᠢᠨ ᠲᠣᠭᠤᠷᠢᠭ ᠠᠴᠠ ᠳᠤᠭᠤᠶᠢᠯᠠᠩ ᠬᠤᠪᠢᠶᠠᠭᠰᠠᠨ ᠡᠷᠦᠬᠡ ᠶᠢᠨ ᠴᠡᠷᠢᠭ ᠲᠤ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢ ᠣᠯᠭᠤᠬᠤ᠂ ᠬᠢᠨᠠᠨ ᠰᠢᠯᠭᠠᠬᠤ᠂ ᠰᠣᠯᠢᠬᠤ ᠠᠵᠢᠯ ᠢ ᠬᠠᠷᠢᠭᠤᠴᠠᠨ᠎ᠠ᠃      ︵ᠬᠤᠶᠠᠷ︶  ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢ ᠵᠢᠯ ᠪᠦᠷᠢ ᠨᠢᠭᠡ ᠤᠳᠠᠭ᠎ᠠ ᠬᠢᠨᠠᠨ ᠰᠢᠯᠭᠠᠵᠤ᠂ ᠤᠳᠠᠭ᠎ᠠ ᠪᠦᠷᠢ ᠶᠢᠨ ᠬᠢᠨᠠᠨ ᠰᠢᠯᠭᠠᠯᠲᠠ ᠶᠢᠨ ᠬᠦᠴᠦᠨ ᠲᠠᠢ ᠬᠤᠭᠤᠴᠠᠭ᠎ᠠ ᠨᠢ ᠨᠢᠭᠡ ᠵᠢᠯ᠂ ᠭᠤᠣᠯᠯᠠᠭᠴᠢ ᠡᠷᠦᠬᠡ ᠶᠢᠨ ᠴᠡᠷᠢᠭ ᠬᠦᠴᠦᠨ ᠲᠠᠢ ᠬᠤᠭᠤᠴᠠᠭᠠᠨ ᠳᠤ ᠬᠤᠯᠪᠣᠭᠳᠠᠯ ᠪᠦᠬᠦᠢ ᠡᠷᠬᠡ ᠠᠰᠢᠭ ᠤᠨ ᠪᠠᠲᠤᠯᠠᠭ᠎ᠠ ᠶᠢᠨ ᠠᠭᠤᠯᠭ᠎ᠠ ᠶᠢ ᠬᠦᠷᠲᠡᠨ᠎ᠡ᠃ ᠦᠨᠡᠮᠯᠡᠯ ᠨᠢ ᠬᠤᠭᠤᠴᠠᠭ᠎ᠠ ᠳᠦᠭᠦᠷᠦᠭᠡᠳ ᠬᠢᠨᠠᠨ ᠰᠢᠯᠭᠠᠭᠤᠯᠤᠭᠰᠠᠨ ᠦᠭᠡᠢ ᠪᠤᠶᠤ ᠡᠷᠦᠬᠡ ᠶᠢᠨ ᠴᠡᠷᠢᠭ ᠠᠴᠠ ᠭᠠᠷᠬᠤ ᠦᠶ᠎ᠡ ᠳᠤ ᠠᠶᠠᠨᠳᠠᠭᠠᠨ ᠬᠦᠴᠦᠨ ᠦᠭᠡᠢ ᠪᠣᠯᠵᠤ᠂ ᠬᠤᠯᠪᠣᠭᠳᠠᠯ ᠪᠦᠬᠦᠢ ᠡᠷᠬᠡ ᠠᠰᠢᠭ ᠢ ᠲᠠᠬᠢᠨ ᠬᠦᠷᠲᠡᠬᠦ ᠦᠭᠡᠢ᠃      ︵ᠭᠤᠷᠪᠠ︶ ᠦᠨᠡᠮᠯᠡᠯ ᠣᠯᠣᠭᠰᠠᠨ ᠬᠥᠮᠥᠨ ᠬᠠᠤᠯᠢ ᠶᠢ ᠵᠥᠷᠢᠴᠡᠭᠰᠡᠨ᠂ ᠰᠠᠬᠢᠯᠭ᠎ᠠ ᠪᠠᠲᠤ ᠶᠢ ᠵᠥᠷᠢᠴᠡᠭᠰᠡᠨ᠂ ᠳᠦᠷᠢᠮ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠣᠯ ᠲᠡᠭᠦᠨ ᠤ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠳᠤ ᠣᠨ ᠤ ᠰᠢᠯᠭᠠᠯᠲᠠ ᠬᠢᠵᠦ ᠥᠭᠬᠦ ᠦᠭᠡᠢ ᠮᠥᠷᠲᠡᠭᠡᠨ ᠭᠤᠣᠯᠯᠠᠭᠴᠢ ᠡᠷᠦᠬᠡ ᠶᠢᠨ ᠴᠡᠷᠢᠭ ᠤᠨ ᠬᠢᠷᠢ ᠬᠡᠮ ᠢ ᠬᠠᠰᠤᠨ᠎ᠠ︔ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠢ ᠣᠯᠵᠤ ᠮᠠᠭᠤ ᠨᠦᠯᠦᠭᠡ ᠭᠠᠷᠭᠠᠭᠰᠠᠨ᠂ ᠶᠠᠯ᠎ᠠ ᠬᠢᠵᠦ ᠡᠷᠡᠭᠦᠦ ᠶᠢᠨ  ᠬᠡᠷᠡᠭ ᠢᠶᠠᠷ  ᠰᠢᠢᠳᠬᠡᠭᠳᠡᠵᠦ ᠲᠤᠷᠭᠠᠭᠳᠠᠭᠰᠠᠨ ᠢ ᠦᠨᠡᠮᠯᠡᠯ ᠣᠯᠭᠤᠭᠰᠠᠨ ᠨᠢᠭᠡᠴᠡ ᠠᠴᠠ ᠲᠡᠭᠦᠨ ᠤ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢ ᠬᠤᠷᠢᠶᠠᠨ ᠠᠪᠤᠨ᠎ᠠ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠢ ᠣᠯᠣᠭᠰᠠᠨ ᠤ ᠳᠠᠷᠠᠭ᠎ᠠ ᠰᠠᠨᠠᠭᠠᠴᠢᠯᠠᠭ᠎ᠠ ᠠᠴᠠ ᠪᠠᠨ ᠪᠤᠷᠤᠭᠤ ᠪᠠᠨ ᠵᠠᠯᠠᠷᠠᠭᠤᠯᠵᠤ᠂ ᠮᠠᠭᠤ ᠨᠥᠯᠥᠭᠡ ᠪᠠᠨ ᠢᠳᠡᠪᠬᠢᠳᠡᠢ ᠠᠷᠢᠯᠭᠠᠭᠰᠠᠨ ᠢ ᠦᠨᠡᠮᠯᠡᠯ ᠣᠯᠭᠤᠭᠰᠠᠨ ᠨᠢᠭᠡᠴᠡ ᠪᠠᠷ ᠬᠢᠨᠠᠨ ᠬᠠᠷᠭᠤᠭᠤᠯᠵᠤ ᠵᠦᠪᠰᠢᠶᠡᠷᠡᠭᠦᠯᠦᠭᠡᠳ᠂ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢ  ᠨᠢ ᠰᠡᠷᠭᠦᠭᠡᠨ ᠣᠯᠭᠤᠵᠤ ᠪᠣᠯᠣᠨ᠎ᠠ᠃      ︵ᠳᠥᠷᠪᠡ︶ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢ ᠵᠥᠪᠬᠡᠨ ᠲᠤᠰ ᠬᠥᠮᠥᠨ ᠬᠡᠷᠡᠭᠯᠡᠵᠦ ᠪᠣᠯᠣᠨ᠎ᠠ᠂ ᠪᠠᠯᠠᠯᠵᠤ ᠥᠭᠡᠷᠡᠴᠢᠯᠡᠭᠰᠡᠨ᠂ ᠪᠤᠰᠤᠳ ᠲᠤ ᠵᠢᠭᠡᠯᠡᠭᠦᠯᠦᠨ ᠬᠡᠷᠡᠭᠯᠡᠭᠦᠯᠦᠭᠰᠡᠨ ᠬᠥᠮᠥᠰ ᠤᠨ ᠦᠨᠡᠮᠯᠡᠯ ᠢ ᠣᠯᠭᠤᠭᠰᠠᠨ ᠨᠢᠭᠡᠴᠡ ᠠᠴᠠ ᠬᠤᠷᠢᠶᠠᠨ ᠠᠪᠤᠨ᠎ᠠ︔ ᠭᠡᠭᠡᠭᠰᠡᠨ ᠪᠤᠶᠤ ᠰᠦᠢᠳᠬᠡᠭᠰᠡᠨ ᠪᠣᠯ ᠴᠠᠭ ᠲᠤᠬᠠᠢ ᠳᠤᠨᠢ ᠳᠡᠭᠡᠭᠰᠢ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃      ︵ᠲᠠᠪᠤ︶ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢ ᠬᠠᠭᠤᠷᠮᠠᠭᠯᠠᠨ ᠵᠣᠬᠢᠶᠠᠵᠤ ᠮᠡᠬᠡᠯᠡᠨ  ᠠᠪᠤᠭᠰᠠᠨ ᠬᠥᠮᠥᠰ ᠢ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠪᠦᠷᠢᠯᠡᠨ᠎ᠡ᠃      ᠳᠥᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠶᠢ ᠴᠢᠩᠭᠠᠳᠬᠠᠨ᠎ᠠ᠃ ᠭᠤᠣᠯᠯᠠᠭᠴᠢ ᠡᠷᠦᠭᠡ ᠶᠢᠨ ᠴᠡᠷᠢᠭ ᠢ ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠪᠣᠯ ᠪᠦᠬᠦ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠢ ᠴᠢᠩᠭᠠᠳᠬᠠᠬᠤ ᠴᠢᠬᠤᠯᠠ ᠠᠭᠤᠯᠭ᠎ᠠ ᠪᠣᠯᠣᠨ᠎ᠠ᠂ ᠡᠯ᠎ᠡ ᠬᠠᠷᠢᠭᠤᠴᠠᠯᠭᠠᠲᠤ ᠨᠢᠭᠡᠴᠡ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠦᠵᠡᠯᠲᠡ ᠲᠠᠨᠢᠯᠲᠠ ᠪᠠᠨ ᠨᠢᠭᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠢ ᠪᠣᠯᠭᠠᠵᠤ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃      ︵ᠬᠤᠶᠠᠷ︶ ᠤᠬᠠᠭᠤᠯᠤᠨ ᠵᠢᠯᠣᠭᠤᠳᠬᠤ ᠶᠢ ᠴᠢᠬᠤᠯᠠᠴᠢᠯᠠᠬᠤ ᠬᠡᠷᠡᠭᠲᠡᠢ᠃ ᠭᠤᠣᠯ ᠤᠷᠤᠰᠬᠠᠯ ᠤᠨ ᠵᠠᠭᠤᠴᠢᠯᠠᠭᠤᠷ᠂ ᠰᠣᠨᠢᠨ ᠮᠡᠳᠡᠭᠡᠨ ᠤ ᠵᠠᠭᠤᠴᠢ ᠲᠠᠪᠴᠠᠩ᠂ ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ ᠰᠠᠮᠪᠠᠷ᠎ᠠ ᠵᠡᠷᠭᠡ ᠵᠠᠭᠤᠴᠢ ᠶᠢ ᠭᠦᠢᠴᠡᠳ ᠠᠰᠢᠭᠯᠠᠨ᠂ ᠭᠤᠣᠯᠯᠠᠭᠴᠢ ᠡᠷᠦᠬᠡ ᠶᠢᠨ ᠴᠡᠷᠢᠭ ᠢ ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠬᠤ ᠬᠡᠷᠡᠭᠲᠡᠢ᠃ ᠡᠯ᠎ᠡ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠪᠠ ᠲᠠᠯᠠᠪᠤᠷ ᠭᠠᠵᠠᠷ ᠲᠤ ᠬᠥᠨᠳᠡᠯᠡᠨ ᠪᠢᠴᠢᠭᠡᠰᠦ ᠡᠯᠭᠦᠬᠦ᠂ ᠲᠡᠮᠳᠡᠭ ᠢᠯᠡᠷᠬᠡᠶᠢᠯᠡᠯ ᠨᠠᠭᠠᠬᠤ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ᠢᠶᠠᠷ ᠲᠠᠨᠢᠯᠴᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠤ ᠮᠡᠳᠡᠬᠦ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃      ︵ᠭᠤᠷᠪᠠ︶ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠬᠦᠢᠴᠡᠳᠬᠡᠯᠭᠡᠬᠦ ᠶᠢ ᠴᠢᠩᠳᠠᠯᠠᠬᠤ ᠬᠡᠷᠡᠭᠲᠡᠢ᠃ ᠭᠤᠣᠯᠯᠠᠭᠴᠢ ᠡᠷᠦᠬᠡ ᠶᠢᠨ ᠴᠡᠷᠢᠭ ᠢ ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠠᠵᠢᠯ ᠢ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠡᠭᠦᠳᠦᠨ ᠪᠠᠶᠢᠭᠤᠯᠬᠤ ᠠᠭᠤᠯᠭ᠎ᠠ ᠳᠤ ᠣᠷᠣᠭᠤᠯᠵᠤ᠂ ᠡᠯ᠎ᠡ ᠬᠠᠷᠢᠭᠤᠴᠠᠯᠭᠠᠲᠤ ᠨᠢᠭᠡᠴᠡ ᠬᠠᠷᠢᠶ᠎ᠠ ᠬᠤᠯᠪᠣᠭᠳᠠᠯ ᠪᠦᠬᠦᠢ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠪᠠ ᠲᠠᠯᠠᠪᠤᠷ ᠭᠠᠵᠠᠷ ᠢ ᠰᠢᠮᠳᠠᠭᠤᠯᠵᠤ ᠪᠠᠶᠢᠭᠠᠳ ᠤᠷᠢᠳᠠᠪᠡᠷ ᠬᠠᠷᠠᠭᠠᠯᠵᠠᠯ ᠦᠵᠡᠭᠦᠯᠬᠦ ᠡᠷᠬᠡ ᠠᠰᠢᠭ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠤᠨ ᠨᠠᠶᠢᠳᠠᠪᠤᠷᠢᠵᠢᠭᠤᠯᠤᠯᠲᠠ ᠮᠠᠭᠤ ᠠᠴᠠ ᠪᠣᠯᠵᠤ ᠵᠠᠭᠠᠯᠳᠤᠯᠭ᠎ᠠ ᠣᠯᠣᠭᠰᠠᠨ ᠵᠢᠴᠢ ᠮᠠᠭᠤ ᠨᠥᠯᠥᠭᠡ ᠭᠠᠷᠭᠠᠭᠰᠠᠨ ᠠᠴᠠ ᠬᠠᠤᠯᠢ ᠴᠠᠭᠠᠵᠠ ᠳᠦᠷᠢᠮ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ 
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ