2021 ᠣᠨ ᠤ1 ᠳ᠋ᠤᠭᠡᠷ ᠰᠠᠷ᠎ᠠ ᠶᠢᠨ22 ᠤᠨ ᠡᠳᠦᠷ | 2020 ᠣᠨ ᠳᠤ᠂ ᠮᠠᠨ ᠤ ᠬᠤᠲᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ | ᠬᠤᠷᠠᠯ᠂ ᠲᠥᠪ ᠤᠨ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠪᠣᠯᠤᠨ ᠲᠥᠪ ᠤᠨ ᠬᠠᠤᠯᠢ ᠶᠣᠰᠣᠭᠠᠷ ᠤᠯᠤᠰ ᠢᠶᠠᠨ ᠵᠠᠰᠠᠬᠤ ᠵᠥᠪᠯᠡᠯ ᠤᠨ | ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠬᠤᠷᠠᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠢ ᠦᠨᠳᠦᠰᠦᠨ ᠳᠡᠭᠡᠨ ᠪᠠᠶᠢᠭᠤᠯᠬᠤ ᠲᠣᠭᠲᠠᠭᠰᠠᠨ ᠬᠠᠷᠠᠯᠲᠠ ᠶᠢ ᠪᠡᠶᠡᠯᠡᠭᠦᠯᠬᠦ ᠶᠢᠨ | ᠲᠣᠭᠤᠷᠢᠨ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠥᠬᠡᠬᠤᠲᠠ ᠶᠢᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠵᠠᠢ᠃ ᠬᠥᠬᠡᠬᠤᠲᠠ ᠳᠤᠮᠳᠠᠳᠤ ᠤᠯᠤᠰ ᠤᠨ ᠣᠷᠣᠨ | ᠨᠤᠲᠤᠭ ᠤᠨ ᠵᠠᠰᠠᠭ ᠤᠨ ᠣᠷᠳᠣᠨ ᠤ ᠦᠷ᠎ᠡ ᠪᠦᠳᠦᠮᠵᠢ ᠶᠢᠨ︽ᠵᠠᠭᠤᠨ ᠥᠨᠳᠥᠷ ᠬᠤᠲᠠ︾ ᠪᠠᠷ ᠰᠣᠩᠭᠤᠭᠳᠠᠪᠠ︔ ᠲᠣᠭᠲᠠᠬᠤ ᠰᠢᠶᠠᠨ᠂ ᠢᠥᠢ ᠴᠢᠤᠸᠠᠨ | ᠲᠣᠭᠤᠷᠢᠭ ᠪᠥᠬᠦ ᠣᠷᠣᠨ ᠤ ᠬᠤᠶᠠᠳᠤᠭᠠᠷ ᠪᠦᠯᠦᠭ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠶᠢ ᠡᠭᠦᠳᠦᠨ ᠪᠠᠶᠢᠭᠤᠯᠬᠤ ᠭᠠᠵᠠᠷ | ᠣᠷᠣᠨ ᠢᠶᠠᠷ ᠰᠣᠩᠭᠤᠭᠳᠠᠪᠠ︔ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠲᠣᠪᠴᠢᠶ᠎ᠠ ᠪᠥᠬᠦ | ᠤᠯᠤᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠰᠢᠯᠢᠳᠡᠭ ᠬᠢᠨᠠᠨ ᠬᠠᠮᠢᠶᠠᠷᠬᠤ ᠪᠠᠶᠢᠭᠤᠯᠤᠮᠵᠢ ᠪᠠᠷ ᠦᠨᠡᠯᠡᠭᠳᠡᠵᠦ᠂ ᠬᠥᠬᠡᠬᠤᠲᠠ ᠶᠢᠨ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠪᠥᠬᠦ ᠤᠯᠤᠰ ᠤᠨ ᠠᠷᠪᠠᠨ ᠰᠢᠯᠢᠳᠡᠭ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠲᠥᠪ ︵ᠬᠤᠲᠠ ᠶᠢᠨ ᠲᠠᠰ︶ ᠢᠶᠠᠷ ᠦᠨᠡᠯᠡᠭᠳᠡᠪᠡ᠃ | ᠨᠢᠭᠡ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠬᠠᠤᠯᠢᠵᠢᠯ ᠤᠨ ᠪᠠᠶᠢᠭᠤᠯᠤᠯᠲᠠ ᠶᠢ | ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠦᠨᠡᠨᠬᠦ ᠬᠦᠢᠴᠡᠳᠬᠡᠪᠡ | ︵ᠨᠢᠭᠡ︶ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠪᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠ ᠲᠥᠪ ᠤᠨ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠤᠨ | ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠪᠠ᠃ ᠬᠤᠲᠠ ᠶᠢᠨ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠪᠣᠯᠤᠨ ᠬᠤᠲᠠ ᠶᠢᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠬᠤ ᠶᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠲᠠᠢ ᠣᠷᠭᠠᠨᠢᠭ ᠢᠶᠠᠷ | ᠤᠶᠠᠯᠳᠤᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ | ᠪᠣᠯᠭᠠᠵᠤ᠂ ᠰᠤᠷᠤᠯᠴᠠᠨ ᠣᠶᠢᠯᠠᠭᠠᠬᠤ᠂ ᠨᠡᠪᠲᠡ ᠣᠶᠢᠯᠠᠭᠠᠬᠤ᠂ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠬᠤ ᠶᠢᠨ ᠬᠠᠮᠲᠤ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠦᠬᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠡᠨᠡ ᠵᠢᠯ ᠠᠴᠠ | ᠨᠠᠰᠢ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ ᠤᠨᠤᠯ ᠰᠤᠷᠤᠯᠴᠠᠬᠤ ᠭᠤᠤᠯ ᠳᠤᠭᠤᠶᠢᠯᠠᠩ ᠨᠡᠶᠢᠲᠡ 5 | ᠤᠳᠠᠭ᠎ᠠ ᠬᠠᠤᠯᠢᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢ ᠥᠷᠨᠢᠭᠦᠯᠪᠡ᠃ | ︵ᠬᠤᠶᠠᠷ︶ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠪᠠ᠃ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠨᠠᠮ ᠤᠨ ᠬᠤᠷᠢᠶ᠎ᠠ | ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ 2020 ᠣᠨ ᠤ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠪᠠ᠃ ᠬᠤᠲᠠ ᠶᠢᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ | ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠤᠷᠢᠳ ᠬᠤᠵᠢᠳ ᠣᠯᠠᠨ ᠤᠳᠠᠭ᠎ᠠ ᠡᠷᠬᠢᠯᠡᠨ ᠬᠤᠷᠠᠯᠳᠤᠭᠤᠯᠵᠤ᠂ ᠬᠠᠤᠯᠢᠵᠢᠯ ᠤᠨ | ᠪᠠᠶᠢᠭᠤᠯᠤᠯᠲᠠ ᠶᠢᠨ ᠬᠤᠯᠪᠣᠭᠳᠠᠯ ᠪᠦᠬᠦᠢ ᠵᠥᠪᠯᠡᠬᠦ ᠵᠦᠢᠯ ᠢ ᠬᠢᠨᠠᠨ ᠵᠥᠪᠯᠡᠵᠦ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠣᠬᠢᠷᠠᠭᠤᠯᠤᠯᠲᠠ | ᠪᠠᠶᠢᠷᠢᠯᠠᠭᠤᠯᠤᠯᠲᠠ ᠪᠠ ᠴᠣᠬᠤᠯᠠᠪᠤᠷᠢ ᠱᠠᠭᠠᠷᠳᠠᠯᠭ᠎ᠠ ᠭᠠᠷᠭᠠᠭᠰᠠᠨ ᠪᠥᠭᠡᠳ ᠬᠤᠯᠪᠣᠭᠳᠠᠯ ᠪᠦᠬᠦᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠰᠢᠮᠳᠠᠭᠤᠯᠤᠨ ᠪᠠᠶᠢᠴᠠᠭᠠᠵᠤ᠂ ᠡᠯ᠎ᠡ ᠵᠦᠢᠯ ᠤᠨ ᠠᠵᠢᠯ ᠢ ᠥᠨᠳᠥᠷ ᠪᠠᠶᠢᠷᠢᠨ ᠳᠤ ᠲᠦᠯᠬᠢᠨ ᠠᠬᠢᠭᠤᠯᠬᠤ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ | ᠬᠡᠷᠡᠭᠵᠢᠭᠦᠯᠬᠦ ᠶᠢ ᠪᠡᠶᠡᠯᠡᠭᠦᠯᠵᠦ᠂ ᠮᠠᠨ ᠤ ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠶᠡᠷᠦᠩᠬᠡᠢ ᠠᠵᠢᠯ ᠤᠨ ᠡᠮᠬᠢ ᠵᠢᠷᠤᠮ ᠲᠠᠢ | ᠥᠷᠨᠢᠬᠦ ᠶᠢ ᠬᠦᠴᠦᠲᠡᠶ ᠲᠦᠯᠬᠢᠨ ᠠᠬᠢᠭᠤᠯᠪᠠ᠃ | ︵ᠭᠤᠷᠪᠠ︶ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠬᠠᠤᠯᠢᠵᠢᠯ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠴᠢᠩᠭᠠᠯᠠᠵᠤ ᠪᠤᠳᠠᠳᠠᠶᠢᠵᠢᠭᠤᠯᠪᠠ᠃ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠣᠨ ᠤ ᠪᠣᠳᠠᠲᠤ | ᠠᠮᠵᠢᠯᠲᠠ ᠪᠦᠳᠦᠮᠵᠢ ᠶᠢ ᠬᠢᠨᠠᠨ ᠰᠢᠯᠭᠠᠬᠤ ᠪᠠ ᠵᠢᠯ ᠤᠨ ᠡᠴᠦᠰ ᠤᠨ ᠲᠤᠰᠢᠶᠠᠯ ᠤᠨ ᠮᠡᠳᠡᠭᠦᠯᠦᠯᠲᠡ ᠬᠢᠬᠦ ᠬᠡᠪᠴᠢᠶᠡᠨ ᠳᠤ ᠤᠷᠤᠭᠤᠯᠪᠠ᠃ ᠪᠥᠬᠦ ᠬᠤᠲᠠ ᠶᠢᠨ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠥᠪᠡᠷ ᠢ ᠪᠠᠨ ᠪᠠᠶᠢᠴᠠᠭᠠᠬᠤ ᠪᠠ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠬᠠᠤᠯᠢᠵᠢᠯ ᠤᠨ | ᠪᠠᠶᠢᠭᠤᠯᠤᠯᠲᠠ ᠶᠢ ᠳᠥᠯᠭᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠬᠦᠢᠴᠡᠳᠬᠡᠬᠦ᠂ ᠥᠪᠡᠷᠲᠡᠭᠡᠨ ᠵᠠᠰᠠᠬᠤ ᠣᠷᠣᠨ ᠤ | ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠪᠣᠶ ᠪᠣᠯᠭᠠᠬᠤ ᠲᠤᠰᠬᠠᠶ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠴᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠥᠬᠦ ᠲᠠᠯ᠎ᠠ ᠶᠢᠨ ᠰᠢᠮᠳᠠᠭᠤᠯᠤᠨ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠪᠠ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ 144 ᠵᠦᠢᠯ ᠤᠨ | ᠠᠵᠢᠯ ᠤᠨ ᠡᠭᠦᠷᠭᠡ ᠶᠢᠨ ᠮᠠᠨ ᠤ ᠬᠤᠲᠠ ᠶᠢᠨ ᠡᠭᠦᠷᠭᠡ ᠴᠢᠳᠠᠪᠤᠷᠢ ᠳᠤ ᠦᠯᠦ ᠬᠤᠯᠪᠣᠭᠳᠠᠬᠤ 1 ᠵᠦᠢᠯ ᠪᠠ ᠦᠵᠦ ᠲᠥᠯᠥᠪᠯᠡᠭᠡ ᠪᠠᠷ ᠠᠬᠢᠭᠤᠯᠬᠤ | ᠴᠢᠬᠤᠯᠠᠲᠠᠢ 1 ᠵᠦᠢᠯ ᠠᠴᠠ ᠭᠠᠳᠠᠨ᠎ᠠ᠂ ᠪᠤᠰᠤᠳ ᠵᠦᠢᠯ ᠢ ᠨᠢᠭᠡᠨᠲᠡ ᠪᠦᠬᠦᠨ ᠢ ᠪᠡᠶᠡᠯᠡᠭᠦᠯᠪᠡ᠃ | ᠬᠤᠶᠠᠷ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠲᠦᠯᠬᠢᠨ ᠠᠬᠢᠭᠤᠯᠪᠠ | ︵ᠨᠢᠭᠡ︶ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠪᠥᠬᠦ ᠲᠠᠯ᠎ᠠ ᠪᠠᠷ ᠬᠦᠢᠴᠡᠳᠭᠡᠵᠦ᠂ ᠬᠤᠳᠠᠯᠳᠤᠭ᠎ᠠ ᠡᠷᠭᠢᠯᠡᠬᠦ ᠣᠷᠴᠢᠨ | ᠨᠦᠬᠦᠴᠡᠯ ᠢ ᠦᠷᠭᠦᠯᠵᠢᠯᠡᠨ ᠰᠢᠯᠢᠳᠡᠭᠵᠢᠬᠦᠯᠪᠡ᠃ ᠨᠢᠭᠡ ᠳᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠰᠠᠶᠢᠨ ᠲᠡᠶᠢᠰᠢ ᠬᠥᠭᠵᠢᠬᠦ ᠶᠢ ᠦᠷᠭᠦᠯᠵᠢᠯᠡᠨ | ᠲᠦᠯᠬᠢᠨ ᠠᠬᠢᠭᠤᠯᠪᠠ᠃ ᠳᠤᠮᠳᠠ ᠵᠢᠵᠢᠭ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠬᠦ 15 ᠠᠷᠭ᠎ᠠ ᠬᠡᠮᠵᠢᠶ᠎ᠡ ᠶᠢ ᠲᠣᠭᠲᠠᠭᠠᠵᠤ᠂ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠬᠦᠯᠵᠦ ᠨᠡᠩ ᠢᠯᠡᠭᠦᠦ ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭᠲᠠᠶ ᠪᠣᠯᠭᠠᠬᠤ ᠶᠢᠰᠦᠨ | ᠠᠷᠭ᠎ᠠ ᠬᠡᠮᠵᠢᠶ᠎ᠡ ᠶᠢ ᠨᠡᠶᠢᠲᠡᠯᠡᠵᠦ᠂ ᠨᠠᠵᠠᠭᠠᠶ ᠲᠠᠯ᠎ᠠ ᠶᠢᠨ 26 ᠵᠤᠷᠪᠤᠰ ᠨᠠᠷᠢᠨ ᠬᠠᠭᠤᠳᠠᠰᠤ ᠶᠢ ᠵᠢᠭᠰᠠᠭᠠᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠠᠬᠤᠢ ᠲᠠᠯᠠᠪᠠᠢ ᠶᠢᠨ ᠬᠤᠷᠠᠯ᠂ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ ᠢ ᠬᠤᠷᠠᠯᠳᠤᠭᠤᠯᠵᠤ᠂ ︽ᠬᠥᠮᠦᠨ ᠪᠦᠬᠦᠨ ᠴᠥᠮ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠂ ᠬᠥᠮᠦᠨ ᠪᠦᠬᠦᠨ ᠲᠥᠪ ᠬᠤᠳᠠ ᠶᠢᠨ ᠲᠦᠷᠢ ᠲᠥᠷᠬᠦ ᠲᠠᠢ ᠬᠤᠯᠪᠣᠭᠳᠠᠬᠤ︾ ᠰᠢᠨ᠎ᠡ ᠬᠡᠪ ᠰᠤᠷᠲᠠᠯ ᠢ ᠪᠤᠢ | ᠪᠣᠯᠭᠠᠪᠠ᠃ ᠬᠤᠶᠠᠷ ᠲᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠬᠦᠨᠵᠡᠭᠡᠶᠢᠷᠡᠭᠦᠯᠪᠡ᠃ ᠬᠤᠳᠠ ᠶᠢᠨ ᠲᠤᠰ | ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠠᠴᠠ 2016 ᠵᠦᠢᠯ ᠢ ᠬᠦᠴᠦᠨ ᠦᠭᠡᠢ ᠪᠣᠯᠭᠠᠭᠰᠠᠨ ᠪᠤᠶᠤ ᠡᠷᠬᠡ ᠶᠢ ᠳᠣᠷᠣᠭᠰᠢ ᠪᠠᠭᠤᠯᠭᠠᠵᠤ᠂ | ᠬᠤᠳᠠ ᠶᠢᠨ ᠲᠤᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ 3834 ᠵᠦᠢᠯ ᠢ ᠦᠯᠡᠳᠡᠭᠡᠵᠦ᠂ 44% ᠶᠢ ᠪᠠᠭᠠᠰᠬᠠᠵᠤ᠂ ᠠᠵᠤ | ᠠᠬᠤᠶᠢᠯᠠᠯ ᠪᠠᠶᠢᠭᠤᠯᠵᠤ ᠡᠷᠬᠢᠯᠡᠬᠦ ᠴᠠᠭ ᠢ 1 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠬᠢᠨᠠᠨ | ᠵᠥᠪᠰᠢᠶᠡᠷᠡᠬᠦ ᠴᠠᠭ ᠢ 90 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠠᠭᠠᠰᠬᠠᠪᠠ᠃ ︽ᠠᠭᠤᠯᠵᠠᠬᠤ ᠥᠬᠡᠶ︾ ᠠᠵᠢᠯ ᠶᠠᠪᠤᠳᠠᠯ ᠬᠦᠢᠴᠡᠳᠬᠡᠬᠦ ᠶᠢ ᠪᠥᠬᠦ | ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠭᠤᠷᠪᠠ ᠶᠢ ᠪᠠᠭᠠᠰᠬᠠᠵᠤ ᠨᠢᠭᠡ ᠶᠢ ᠨᠡᠮᠡᠭᠳᠡᠭᠦᠯᠬᠦ︾ ᠠᠵᠢᠯ ᠢ ᠳᠥᠯᠭᠢᠨ | ᠠᠬᠢᠭᠤᠯᠵᠤ᠂ ᠪᠥᠬᠦ ᠬᠤᠲᠠ ᠪᠠᠷ ᠢᠶᠠᠨ ᠭᠤᠶᠤᠴᠢᠯᠠᠯ ᠢᠶᠠᠷ ᠬᠦᠢᠴᠡᠳᠬᠡᠬᠦ ᠠᠵᠢᠯ ᠤᠨ ᠵᠢᠷᠭᠤᠭᠠᠨ ᠲᠥᠷᠥᠯ ᠤᠨ ᠠᠮᠠᠯᠠᠯᠲᠠ ᠶᠢᠨ ᠴᠠᠭ ᠤᠨ ᠬᠢᠵᠠᠭᠠᠷ ᠢ56. | 94% ᠪᠠᠷ ᠪᠠᠭᠠᠰᠬᠠᠨ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ 26 ᠰᠠᠯᠠᠭ᠎ᠠ ᠮᠥᠴᠢᠷ ᠤᠨ 391 | ᠭᠤᠶᠤᠴᠢᠯᠠᠯ ᠢᠶᠠᠷ ᠬᠦᠢᠴᠡᠳᠬᠡᠬᠦ ᠵᠢᠷᠭᠤᠭᠠᠨ ᠲᠥᠷᠥᠯ ᠤᠨ ᠵᠦᠢᠯᠡᠰ ᠢ ︽ᠣᠷᠣᠭᠤᠯᠬᠤ ᠶᠣᠰᠣᠲᠠᠶ ᠶᠢ ᠨᠢ ᠵᠠᠪᠠᠯ ᠣᠷᠣᠭᠤᠯᠬᠤ︾ ᠶᠢ ᠪᠡᠶᠡᠯᠡᠭᠦᠯᠵᠦ᠂ ᠤᠰᠤ | ᠴᠠᠬᠢᠯᠭᠠᠨ ᠬᠡᠶ ᠳᠤᠯᠠᠭᠠᠯᠠᠭ᠎ᠠ ᠶᠢᠨ ᠰᠦᠢᠳᠬᠡᠯ ᠲᠤᠰᠢᠶᠠᠬᠤ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠵᠡᠷᠭᠡ ᠥᠨᠳᠥᠷ ᠲᠠᠪᠳᠠᠮᠵᠢᠳᠤ | ᠦᠢᠯᠡᠴᠢᠯᠡᠭᠡᠨ ᠤ ᠵᠦᠢᠯᠡᠰ ᠢ ᠪᠦᠬᠦᠨ ᠢ ᠶᠡᠭᠡ ᠲᠢᠩᠬᠢᠮ ᠳᠤ ᠣᠷᠣᠭᠤᠯᠵᠤ᠂ ︽ᠨᠢᠭᠡ ᠥᠷᠳᠡᠭᠡ ᠮᠠᠶ᠋ᠢᠭ︾ ᠢᠶᠠᠷ ᠭᠦᠢᠴᠡᠳᠬᠡᠬᠦ ᠶᠢ ᠪᠡᠶᠡᠯᠡᠭᠦᠯᠪᠡ᠃ | ᠭᠤᠷᠪᠠ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ | 56 ᠵᠤᠷᠪᠤᠰ ᠬᠠᠯᠠᠮᠰᠢᠯ ᠤᠲᠠᠰᠤ ᠶᠢ ︽12345︾ ᠬᠤᠲᠠ ᠶᠢᠨ ᠠᠷᠠᠳ ᠲᠤ ᠦᠢᠯᠡᠴᠢᠯᠡᠬᠦ ᠬᠠᠯᠠᠮᠰᠢᠯ ᠤᠲᠠᠰᠤ ᠪᠠᠷ ᠡᠮᠬᠢᠯᠡᠨ ᠨᠡᠶᠢᠯᠡᠭᠦᠯᠵᠦ᠂ ︽ᠨᠢᠭᠡ | ᠨᠤᠮᠧᠷ ᠢᠶᠠᠷ ᠭᠥᠯᠢᠶᠡᠨ ᠠᠪᠴᠤ ᠰᠢᠢᠳᠪᠦᠷᠢᠯᠡᠬᠦ᠂ ᠬᠠᠷᠢᠭᠤᠴᠠᠯᠭ᠎ᠠ ᠪᠠᠷ ᠨᠢ ᠰᠢᠯᠵᠢᠭᠦᠯᠦᠨ ᠬᠦᠢᠴᠡᠳᠬᠡᠯᠭᠡᠬᠦ᠂ ᠬᠤᠭᠤᠴᠠᠭ᠎ᠠ ᠬᠢᠵᠠᠭᠠᠷᠯᠠᠨ ᠭᠦᠢᠴᠡᠳᠬᠡᠵᠦ | ᠳᠠᠭᠤᠰᠬᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ︾ ᠨᠢᠭᠡ ᠥᠷᠲᠡᠭᠡ ᠮᠠᠶ᠋ᠢᠭ ᠢᠶᠠᠷ ᠪᠥᠬᠦ ᠶᠠᠪᠤᠴᠠ ᠳᠤ ᠦᠢᠯᠡᠴᠢᠯᠡᠬᠦ ᠶᠢ ᠪᠡᠶᠡᠯᠡᠭᠦᠯᠪᠡ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢᠨ ᠦᠨᠡᠯᠡᠯᠲᠡ︾ ᠶᠢ ᠪᠥᠬᠦ ᠬᠦᠴᠦᠨ ᠢᠶᠠᠷ ᠠᠬᠢᠭᠤᠯᠵᠤ᠂ ᠪᠥᠬᠦ ᠬᠤᠲᠠ ᠶᠢᠨ ᠰᠠᠶᠢᠨ | ᠮᠠᠭᠤ ᠶᠢᠨ ᠦᠨᠡᠯᠡᠯᠲᠡ ᠶᠢᠨ ᠦᠢᠯᠡᠴᠢᠯᠡᠭᠡᠨ ᠤ ᠦᠨᠡᠯᠡᠯᠲᠡ 189718 ᠵᠤᠷᠪᠤᠰ ᠣᠯᠵᠤ᠂ ᠰᠠᠶᠢᠨ ᠦᠨᠡᠯᠡᠯᠲᠡ ᠶᠢᠨ ᠨᠣᠷᠮ᠎ᠠ 100% ᠳᠤ ᠬᠦᠷᠴᠦ᠂ | ᠬᠦᠴᠦᠨ ᠪᠦᠬᠦᠢ ︽ᠰᠠᠶᠢᠨ ᠮᠠᠭᠤ ᠶᠢᠨ ᠦᠨᠡᠯᠡᠯᠲᠡ︾ ᠶᠢᠨ ᠦᠨᠡᠯᠡᠯᠲᠡ ᠶᠢᠨ ᠲᠤᠭ᠎ᠠ ᠪᠠᠷᠢᠮᠲᠠ ᠪᠠᠷ ᠪᠥᠬᠦ ᠣᠷᠣᠨ ᠳᠤ ᠨᠢᠭᠡᠳᠦᠭᠡᠷ ᠲᠤ ᠣᠷᠤᠪᠠ᠃ | ︵ᠬᠤᠶᠠᠷ︶ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠢ ᠭᠦᠨᠵᠡᠭᠡᠶ ᠠᠬᠢᠭᠤᠯᠪᠠ᠃ ᠨᠢᠭᠡ ᠳᠤ ᠬᠠᠤᠯᠢ ᠲᠣᠭᠲᠠᠭᠠᠬᠤ ᠠᠵᠢᠯ ᠳᠠᠬᠢ ᠨᠠᠮ ᠤᠨ | ᠤᠳᠤᠷᠢᠳᠤᠯᠭ᠎ᠠ ᠶᠢ ᠪᠠᠷᠢᠮᠳᠠᠯᠠᠪᠠ᠃ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠠᠴᠠ ᠬᠤᠳᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶ᠎ᠠ ᠳᠤ ᠤᠢᠢᠷ᠎ᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠤᠨ ᠪᠠᠶᠢᠳᠠᠯ ᠢᠶᠠᠨ ᠮᠡᠳᠡᠭᠦᠯᠵᠦ᠂ 2020 | ᠣᠨ ᠤ ᠵᠠᠰᠠᠭ ᠤᠨ ᠣᠷᠳᠣᠨ ᠤ ᠲᠦᠷᠢᠮ ᠲᠤᠭᠲᠠᠭᠠᠯ ᠬᠠᠤᠯᠢ ᠲᠤᠭᠲᠠᠭᠠᠬᠤ ᠲᠦᠯᠦᠪᠯᠡᠭᠡ ᠶᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶ᠎ᠠ ᠳᠤ ᠲᠡᠪᠰᠢᠭᠦᠯᠵᠦ ᠬᠢᠨᠠᠨ ᠲᠤᠭᠲᠠᠭᠠᠯᠭᠠᠭᠰᠠᠨ ᠤ ᠬᠠᠮᠳᠤ ᠨᠡᠶᠢᠲᠡᠯᠡᠵᠦ ᠬᠡᠷᠡᠭᠵᠢᠬᠦᠯᠪᠡ᠃ ᠬᠤᠶᠠᠷ ᠲᠤ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ | ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠪᠠᠷᠢᠮᠳᠠᠯᠠᠪᠠ᠃ ︽ᠬᠥᠬᠡᠬᠤᠲᠠ ᠶᠢᠨ ᠬᠤᠲᠠ ᠶᠢᠨ ᠵᠢᠮᠳᠤ ᠵᠠᠮ ᠬᠠᠷᠢᠯᠴᠠᠭᠠᠨ ᠤ ᠡᠵᠡᠩᠨᠡᠯᠲᠡ ᠶᠢᠨ | ᠬᠠᠮᠢᠶᠠᠷᠤᠯᠲᠠ ᠶᠢᠨ ᠠᠷᠭ᠎ᠠ︾ ᠵᠡᠷᠭᠡ 2 ᠵᠠᠰᠠᠭ ᠤᠨ ᠣᠷᠳᠣᠨ ᠤ ᠲᠦᠷᠢᠮ ᠲᠣᠭᠲᠠᠭᠠᠯ ᠭᠠᠷᠭᠠᠵᠤ᠂ ︽ᠬᠥᠬᠡᠬᠤᠲᠠ ᠶᠢᠨ ᠪᠣᠯᠪᠠᠰᠤᠨ ᠦᠢᠯᠡ ᠠᠵᠢᠯᠯᠠᠭ᠎ᠠ ᠶᠢ | ᠠᠬᠢᠭᠤᠯᠬᠤ ᠲᠦᠷᠢᠮ︾ ᠵᠡᠷᠭᠡ 5 ᠬᠤᠪᠢ ᠬᠠᠤᠯᠢ ᠲᠣᠭᠲᠠᠭᠠᠯ ᠤᠨ ᠰᠠᠨᠠᠯ ᠵᠥᠪᠯᠡᠯᠭᠡ ᠶᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠨ ᠵᠥᠪᠯᠡᠭᠦᠯᠵᠦ᠂ ᠪᠥᠬᠦ ᠬᠤᠲᠠ ᠶᠢᠨ ᠬᠠᠤᠯᠢ ᠲᠣᠭᠲᠠᠭᠠᠯ ᠲᠦᠷᠢᠮ ᠲᠣᠭᠲᠠᠭᠠᠯ ᠤᠨ ᠲᠥᠰᠦᠯ ᠳᠤ ᠢᠯᠡ ᠪᠠᠷ | ᠰᠠᠨᠠᠯ ᠬᠤᠷᠢᠶᠠᠭᠰᠠᠨ ᠨᠣᠷᠮ᠎ᠠ 100% ᠳᠤ ᠬᠥᠷᠪᠡ᠃ ᠭᠤᠷᠪᠠ ᠳᠤ ᠲᠣᠭᠲᠠᠭᠠᠬᠤ ᠵᠠᠰᠠᠬᠤ ᠬᠦᠴᠦᠨ ᠦᠭᠡᠢ ᠪᠣᠯᠭᠠᠬᠤ ᠲᠠᠶᠢᠯᠪᠤᠷᠢᠯᠠᠬᠤ ᠶᠢ ᠵᠡᠷᠭᠡᠪᠡᠷ | ᠠᠳᠬᠤᠪᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠭᠤᠣᠯᠴᠢ ᠥᠷᠢᠰᠥᠯᠳᠦᠭᠡᠨ ᠢ ᠬᠠᠷᠰᠢᠯᠠᠬᠤ᠂ | ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠂ ᠢᠷᠭᠡᠨ ᠤ ᠬᠠᠤᠯᠢ ᠶᠢᠨ ᠪᠢᠴᠢᠭ ᠲᠤ ᠬᠤᠯᠪᠣᠭᠳᠠᠭᠰᠠᠨ ᠲᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠲᠤᠰᠬᠠᠶ ᠴᠡᠪᠡᠷᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ ᠵᠠᠰᠠᠭ ᠤᠨ ᠣᠷᠳᠣᠨ ᠤ ᠲᠦᠷᠢᠮ ᠲᠣᠭᠲᠠᠭᠠᠯ 3 ᠬᠤᠪᠢ᠂ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ 23 ᠬᠤᠪᠢ ᠶᠢ ᠬᠦᠴᠦᠨ ᠦᠭᠡᠢ ᠪᠣᠯᠭᠠᠵᠤ᠂ ᠬᠦᠴᠦᠨ ᠦᠭᠡᠢ ᠪᠣᠯᠤᠭᠰᠠᠨ ᠢ ᠨᠡᠶᠢᠲᠡᠯᠡᠪᠡ᠃ | ︵ᠭᠤᠷᠪᠠ︶ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ᠨᠢᠭᠡ ᠳᠤ ︽ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠲᠡᠰ ᠲᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠪᠠ | ᠃ 2020 ᠣᠨ ᠤ ᠬᠤᠲᠠ ᠶᠢᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠢ | ᠲᠣᠭᠲᠠᠭᠠᠨ ᠨᠡᠶᠢᠲᠡᠯᠡᠵᠦ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠠᠰᠠᠭᠤᠨ ᠯᠠᠪᠯᠠᠵᠤ ᠨᠤᠲᠠᠯᠠᠯᠲᠠ ᠬᠢᠬᠦ᠂ ᠬᠠᠤᠯᠢ ᠶᠣᠰᠣᠴᠢ ᠴᠢᠨᠠᠷ ᠢ ᠬᠢᠨᠠᠨ | ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ᠂ ᠦᠷ᠎ᠡ ᠳ᠋ᠦᠩ ᠢ ᠨᠡᠶᠢᠲᠡᠯᠡᠬᠦ ᠵᠡᠷᠭᠡ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠲᠠᠰ ᠳᠠᠷᠠᠭᠠᠯᠠᠯ ᠢ ᠴᠢᠩᠭ᠎ᠠ ᠬᠡᠷᠡᠭᠵᠢᠬᠦᠯᠪᠡ᠃ ᠬᠤᠶᠠᠷ ᠲᠤ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢ | ᠴᠢᠩᠭᠠᠳᠬᠠᠪᠠ᠃ 2016 ᠣᠨ ᠠᠴᠠ ᠡᠬᠢᠯᠡᠨ ᠬᠡᠷᠡᠭᠵᠢᠭᠦᠯᠦᠭᠰᠡᠨ ︽ᠱᠠᠲᠤᠯᠢᠭ ᠬᠡᠢ ᠶᠢᠨ ᠦᠨ᠎ᠡ᠂ ᠤᠰᠤᠨ ᠤ ᠦᠨ᠎ᠡ︾ ᠵᠡᠷᠭᠡ 2 ᠵᠦᠢᠯ ᠤᠨ | ᠰᠢᠢᠳᠪᠦᠷᠢᠲᠦ ᠪᠤᠳᠤᠯᠭ᠎ᠠ ᠶᠢᠨ ᠵᠦᠢᠯᠡᠰ ᠲᠤ ᠰᠢᠢᠳᠪᠦᠷᠢᠲᠦ ᠪᠤᠳᠤᠯᠭ᠎ᠠ ᠶᠢᠨ ᠳᠠᠷᠠᠭᠠᠬᠢ ᠦᠨᠡᠯᠡᠯᠲᠡ ᠬᠢᠵᠦ᠂ ᠬᠠᠤᠯᠢ ᠶᠣᠰᠣᠭᠠᠷ᠂ ᠠᠷᠠᠳᠴᠢᠯᠠᠯ ᠢᠶᠠᠷ᠂ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠪᠦᠲᠦᠮᠵᠢᠲᠡᠶ ᠪᠠᠲᠤᠯᠠᠪᠠ᠃ ᠭᠤᠷᠪᠠ ᠳᠤ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ ᠶᠢᠨ ᠵᠦᠢᠯᠡᠰ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ | ᠴᠢᠨᠠᠷ ᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠪᠠ᠃ ︽ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠢ ᠲᠣᠭᠲᠠᠭᠠᠬᠤ ᠭᠤᠤᠯ ᠴᠣᠭᠴᠠ ᠶᠢ ᠨᠡᠶᠢᠲᠡᠯᠡᠬᠦ ᠲᠤᠬᠠᠶ ᠵᠠᠷᠯᠠᠯ︾ ︵ᠬᠥᠬᠡᠬᠤᠲᠠ ᠵᠠᠰᠠᠭ ᠠᠯᠪᠠᠨ ᠥᠰᠥᠭ ︹ 2020 ︺ 9 | ᠳ᠋ᠤᠭᠡᠷ ᠲᠣᠭᠠᠲᠤ︶ ᠪᠠ ︽ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠠᠵᠢᠯ ᠤᠨ ᠲᠣᠭᠲᠠᠭᠠᠯ ᠢ | ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠥᠰᠥᠭ ︹ 2020 ︺ 26 ᠳ᠋ᠤᠭᠠᠷ ᠲᠣᠭᠠᠲᠤ︶ ᠢ ᠲᠣᠭᠲᠠᠭᠠᠨ | ᠲᠠᠷᠬᠠᠭᠠᠵᠤ᠂ ᠪᠥᠬᠦ ᠵᠢᠯ ᠳᠤ ᠡᠯ᠎ᠡ ᠲᠥᠷᠥᠯ ᠤᠨ 320 ᠭᠠᠷᠤᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠪᠠ᠃ | ︵ᠲᠦᠷᠪᠡ︶ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠠᠷᠢᠮᠳᠠᠯᠠᠪᠠ᠃ ᠨᠢᠭᠡ ᠳᠤ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠪᠠ᠃ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ ᠤᠨ ᠵᠠᠬ᠎ᠠ ᠳᠡᠯᠭᠡᠭᠦᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠲᠠᠪᠤᠨ ᠶᠡᠭᠡ ᠬᠦᠷᠢᠶ᠎ᠡ ᠴᠠᠷᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠡᠩᠨᠡᠭᠡ ᠶᠢ ᠵᠣᠬᠢᠶᠠᠨ ᠪᠠᠶᠢᠭᠤᠯᠪᠠ᠃ ᠬᠤᠶᠠᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠲᠦᠷᠢᠮ︾ ᠢ | ᠪᠦᠬᠦ ᠲᠠᠯ᠎ᠠ ᠪᠠᠷ ᠬᠡᠷᠡᠭᠵᠢᠭᠦᠯᠪᠡ᠃ ︽ᠬᠥᠬᠡᠬᠤᠲᠠ ᠶᠢᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠨᠡᠶᠢᠲᠡ ᠳᠤ ᠵᠠᠷᠯᠠᠬᠤ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠰᠢᠩᠭᠡᠭᠡᠨ ᠲᠡᠮᠳᠡᠭᠯᠡᠬᠦ ᠴᠢᠬᠤᠯᠠ ᠶᠡᠭᠡ ᠬᠠᠤᠯᠢ ᠬᠡᠷᠡᠭᠵᠢᠭᠦᠯᠬᠦ | ᠰᠢᠢᠳᠪᠦᠷᠢ ᠶᠢ ᠬᠠᠤᠯᠢ ᠲᠦᠷᠢᠮ ᠢᠶᠠᠷ ᠬᠢᠨᠠᠨ ᠬᠠᠷᠭᠤᠭᠤᠯᠬᠤ ᠠᠷᠭ᠎ᠠ﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠨᠦᠭᠦᠳ︾ ︽ | ᠬᠥᠬᠡᠬᠤᠲᠠ ᠶᠢᠨ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠢ ᠬᠠᠤᠯᠢ ᠲᠦᠷᠢᠮ ᠢᠶᠠᠷ ᠬᠢᠨᠠᠨ ᠬᠠᠷᠭᠤᠭᠤᠯᠬᠤ ᠭᠠᠷᠴᠠᠭ ᠢ ᠨᠠᠶᠢᠷᠠᠭᠤᠯᠤᠨ ᠵᠣᠬᠢᠶᠠᠬᠤ | ᠵᠦᠭᠯᠡᠭᠦᠷ ︵ᠲᠤᠷᠰᠢᠨ ᠬᠡᠷᠡᠭᠵᠢᠭᠦᠯᠬᠦ ᠨᠢᠭᠡᠳᠦᠭᠡᠷ ᠬᠡᠪᠯᠡᠯ︶︾ ᠢ ᠨᠡᠶᠢᠲᠡᠯᠡᠵᠦ᠂ ᠪᠥᠬᠦ ᠣᠷᠣᠨ ᠳᠤ ᠬᠥᠬᠡᠬᠤᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ᠂ | ᠭᠤᠶᠤᠴᠢᠯᠠᠯ ᠢᠶᠠᠷ ᠵᠠᠰᠠᠭ ᠵᠠᠬᠢᠷᠭᠠᠨ ᠤ ᠨᠤᠲᠠᠯᠠᠯᠲᠠ ᠬᠢᠬᠦ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ᠂ ᠵᠠᠰᠠᠭ ᠵᠠᠬᠢᠷᠭᠠᠨ ᠤ ᠰᠢᠢᠳᠬᠡᠯ᠂ | ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠡᠷᠡᠭᠵᠢᠬᠦᠯᠦᠯᠲᠡ᠂ ᠵᠠᠰᠠᠭ ᠵᠠᠬᠢᠷᠭᠠᠨ ᠤ ᠲᠠᠲᠠᠪᠤᠷᠢᠯᠠᠯᠲᠠ ᠵᠡᠷᠭᠡ ᠨᠡᠶᠢᠳᠡᠮ ᠤᠨ ᠬᠡᠷᠡᠭᠯᠡᠭᠡᠨ ᠤ 6 ᠴᠤᠪᠤᠷᠠᠯ ᠵᠢᠷᠤᠭ ᠢ | ᠡᠩ ᠲᠡᠷᠢᠭᠦᠨ ᠳᠤ ᠨᠠᠶᠢᠷᠠᠭᠤᠯᠤᠨ ᠵᠣᠬᠢᠶᠠᠪᠠ᠃ ᠭᠤᠷᠪᠠ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠪᠠ᠃ ︽ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ︽︿ᠤᠶᠠᠨ ᠴᠢᠨᠠᠷ ᠲᠠᠢ ᠬᠠᠤᠯᠢ | ᠬᠡᠷᠡᠭᠵᠢᠭᠦᠯᠬᠦ﹀ ᠶᠢ ᠲᠦᠯᠬᠢᠨ ᠠᠬᠢᠭᠤᠯᠵᠤ ᠵᠠᠰᠠᠭ ᠵᠠᠬᠢᠷᠭᠠᠨ ᠤ ᠵᠢᠯᠣᠭᠤᠳᠬᠤ ᠠᠵᠢᠯ ᠢ ᠰᠠᠶᠢᠲᠤᠷ ᠬᠢᠬᠦ ᠲᠤᠬᠠᠶ ᠰᠠᠨᠠᠯ︾ ᠢ ᠨᠡᠶᠢᠲᠡᠯᠡᠪᠡ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠢᠷᠢ ᠬᠡᠮ ᠢ ᠬᠢᠨᠠᠨ ᠬᠠᠷᠭᠤᠭᠤᠯᠬᠤ ᠲᠦᠷᠢᠮ ᠢ ᠴᠢᠩᠭ᠎ᠠ ᠬᠡᠷᠡᠭᠵᠢᠭᠦᠯᠵᠦ᠂ 2 ᠪᠦᠯᠦᠭ | ᠬᠤᠲᠠ ᠶᠢᠨ ᠲᠣᠰ ᠱᠠᠲᠤᠨ ᠤ 51 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠨᠡᠶᠢᠲᠡᠯᠡᠪᠡ᠃ | ︵ᠲᠠᠪᠤ︶ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠪᠠ᠃ ᠨᠢᠭᠡ ᠳᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠠᠷᠠᠳᠴᠢᠯᠠᠭᠰᠠᠨ ᠬᠢᠨᠠᠯᠲᠠ᠂ ᠬᠠᠤᠯᠢ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠰᠠᠨᠠᠯ | ᠳᠤᠷᠠᠳᠤᠯᠭ᠎ᠠ ᠶᠢ 835 ᠬᠤᠪᠢ ᠰᠢᠢᠳᠪᠦᠷᠢᠯᠡᠵᠦ᠂ ᠪᠦᠭᠦᠳᠡ ᠳᠤ ᠨᠢ ᠲᠣᠭᠲᠠᠭᠰᠠᠨ ᠴᠠᠭ ᠲᠤᠨᠢ ᠬᠠᠷᠢᠭᠤ ᠥᠭᠪᠡ᠃ ᠪᠦᠬᠦ ᠬᠤᠲᠠ ᠶᠢᠨ ᠪᠠᠶᠢᠴᠠᠭᠠᠬᠤ | ᠪᠠᠶᠢᠭᠤᠯᠭ᠎ᠠ 547 ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠬᠡᠷᠡᠭ ᠪᠣᠯᠭᠠᠨ ᠳᠠᠩᠰᠠᠯᠠᠵᠤ᠂ ᠵᠠᠰᠠᠭ ᠵᠠᠬᠢᠷᠭᠠᠨ ᠤ ᠨᠡᠶᠢᠲᠡ ᠶᠢᠨ | ᠠᠰᠠᠷᠠᠮᠵᠢ ᠶᠢᠨ ᠵᠠᠷᠭᠤ ᠶᠢᠨ ᠵᠠᠭᠠᠯᠳᠤᠬᠤ ᠠᠴᠠ ᠡᠮᠦᠨᠡᠬᠢ ᠪᠠᠶᠢᠴᠠᠭᠠᠬᠤ ᠰᠠᠨᠠᠭᠤᠯᠭ᠎ᠠ ᠶᠢ 446 ᠬᠤᠪᠢ ᠭᠠᠷᠭᠠᠵᠤ᠂ ᠬᠢᠨᠠᠯᠲᠠ ᠬᠦᠯᠢᠶᠡᠵᠦ ᠪᠠᠶᠢᠭ᠎ᠠ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠲᠣᠭᠲᠠᠭᠰᠠᠨ ᠴᠠᠭ ᠲᠤ ᠬᠠᠷᠢᠭᠤ ᠥᠭᠭᠦᠭᠰᠡᠨ ᠨᠣᠷᠮ᠎ᠠ 95% ᠳᠤ ᠬᠦᠷᠪᠡ᠃ ᠬᠤᠶᠠᠷ ᠲᠤ ᠵᠠᠰᠠᠭ ᠵᠠᠬᠢᠷᠭᠠᠨ ᠤ ᠳᠠᠬᠢᠨ | ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠪᠠ᠃ ᠬᠤᠲᠠ ᠶᠢᠨ ᠲᠣᠰ ᠱᠠᠲᠤ ᠪᠠ 5 ᠬᠤᠰᠢᠭᠤ ᠰᠢᠶᠠᠨ ᠲᠣᠭᠤᠷᠢᠭ ᠲᠤ ᠵᠠᠰᠠᠭ | ᠵᠠᠬᠢᠷᠭᠠᠨ ᠤ ᠳᠠᠬᠢᠨ ᠵᠥᠪᠯᠡᠬᠦ ᠺᠣᠮᠢᠰ ᠤᠨ ᠵᠠᠭᠪᠤᠷ ᠢ ᠬᠡᠷᠡᠭᠵᠢᠭᠦᠯᠵᠦ᠂ ᠪᠥᠬᠦ ᠬᠤᠲᠠ ᠳᠤ ᠨᠡᠶᠢᠲᠡ 270 ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ | ᠰᠢᠢᠳᠪᠦᠷᠢᠯᠡᠵᠦ᠂ ᠵᠠᠰᠠᠭ ᠵᠠᠬᠢᠷᠭᠠᠨ ᠤ ᠳᠠᠬᠢᠨ ᠵᠦᠪᠯᠡᠵᠦ ᠵᠠᠯᠠᠷᠠᠭᠤᠯᠤᠭᠰᠠᠨ ᠨᠣᠷᠮ᠎ᠠ 22% ᠳᠤ ᠬᠥᠷᠪᠡ᠃ ᠭᠤᠷᠪᠠ ᠳᠤ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠶᠢ ᠪᠦᠬᠦ ᠲᠠᠯ᠎ᠠ ᠪᠠᠷ ᠠᠬᠢᠭᠤᠯᠪᠠ᠃ 4573 ᠵᠤᠷᠪᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ | ᠢᠯᠡ ᠪᠣᠯᠭᠠᠵᠤ᠂ ᠡᠯ᠎ᠡ ᠰᠠᠯᠠᠭ᠎ᠠ ᠮᠥᠴᠢᠷ ᠤᠨ ᠬᠢᠨ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠨᠡᠶᠢᠲᠡ 187 ᠬᠤᠪᠢ ᠬᠤᠷᠢᠶᠠᠨ ᠣᠯᠵᠤ᠂ | ᠬᠠᠷᠢᠭᠤᠯᠲᠠ ᠥᠭᠭᠦᠭᠰᠡᠨ ᠨᠣᠷᠮ᠎ᠠ ᠨᠢ 100% ᠳᠤ ᠬᠥᠷᠪᠡ᠃ | ︵ᠵᠢᠷᠭᠤᠭ᠎ᠠ︶ ᠨᠡᠶᠢᠭᠡᠮ ᠤᠨ ᠵᠥᠷᠢᠴᠡᠯ ᠢ ᠬᠠᠤᠯᠢ ᠶᠣᠰᠣᠭᠠᠷ ᠪᠦᠲᠦᠮᠵᠢᠲᠡᠶ ᠰᠢᠢᠳᠪᠦᠷᠢᠯᠡᠪᠡ᠃ ᠨᠢᠭᠡ ᠳᠤ᠂ ᠰᠢᠨ᠎ᠡ ᠴᠠᠭ ᠦᠶ᠎ᠡ ᠶᠢᠨ ︽ᠹᠧᠩ | ᠴᠢᠶᠤᠤ ᠶᠢᠨ ᠲᠤᠷᠰᠢᠯᠭ᠎ᠠ︾ ᠶᠢ ᠴᠢᠷᠮᠠᠶᠢᠨ ᠦᠢᠯᠡᠳᠦᠯᠭᠡᠵᠢᠭᠦᠯᠪᠡ᠃ ᠵᠥᠷᠢᠴᠡᠯ ᠵᠢᠭᠤᠷᠠᠭᠠᠨ ᠢ ︽ᠨᠢᠭᠡ ᠦᠷᠲᠡᠭᠡ ᠮᠠᠶ᠋ᠢᠭ ︾ ᠢᠶᠠᠷ ᠦᠨᠳᠦᠰᠦᠨ ᠱᠠᠲᠤᠨ ᠳᠤ | ᠰᠢᠢᠳᠪᠦᠷᠢᠯᠡᠬᠦ ᠶᠢ ᠳᠥᠯᠭᠢᠨ ᠠᠬᠢᠭᠤᠯᠵᠤ᠂ ᠪᠥᠬᠦ ᠬᠤᠲᠠ ᠳᠤ ᠨᠢᠭᠡᠨᠲᠡ 10 ᠬᠤᠰᠢᠭᠤ ᠰᠢᠶᠠᠨ ᠲᠣᠭᠤᠷᠢᠭ ᠤᠨ ᠲᠠᠰ᠂ 76 ᠰᠢᠶᠠᠩ ᠪᠠᠯᠭᠠᠰᠤ ︵ᠵᠡᠭᠡᠯᠢ | ᠭᠤᠳᠤᠮᠵᠢ︶ ᠶᠢᠨ ᠲᠠᠰ᠂ 616 ᠲᠣᠰᠬᠤᠨ ︵ᠨᠡᠶᠢᠭᠡᠮ ᠲᠣᠭᠤᠷᠢᠭ︶ ᠤ ᠲᠠᠰ ᠤᠨ ᠪᠠᠷᠢᠮᠵᠢᠶᠠᠵᠢᠭᠤᠯᠤᠭᠰᠠᠨ ᠵᠥᠷᠢᠴᠡᠯ ᠵᠢᠭᠤᠷᠠᠭᠠᠨ ᠢ ᠰᠢᠢᠳᠪᠦᠷᠢᠯᠡᠬᠦ | ᠬᠠᠮᠲᠤᠷᠠᠭᠰᠠᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠲᠣᠰᠬᠤᠨ ︵ᠨᠡᠶᠢᠭᠡᠮ ᠲᠣᠭᠤᠷᠢᠭ︶ ᠢᠶᠠᠷ ᠰᠠᠭᠤᠷᠢ ᠪᠣᠯᠭᠠᠨ᠂ ᠰᠢᠶᠠᠩ ᠪᠠᠯᠭᠠᠰᠤ ︵ᠵᠡᠭᠡᠯᠢ | ᠭᠤᠳᠤᠮᠵᠢ︶ ᠪᠠᠷ ᠲᠤᠯᠭᠠᠭᠤᠷᠢᠯᠠᠯ ᠪᠣᠯᠭᠠᠵᠤ᠂ ᠬᠤᠰᠢᠭᠤ ᠰᠢᠶᠠᠨ ᠲᠣᠭᠤᠷᠢᠭ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠭᠤᠷᠪᠠᠨ ᠱᠠᠳᠤ ᠪᠠᠷ | ᠬᠤᠯᠪᠣᠭᠠᠯᠠᠨ ᠬᠥᠳᠡᠯᠦᠯᠴᠡᠬᠦ ᠵᠥᠷᠢᠴᠡᠯ ᠵᠢᠭᠤᠷᠠᠭᠠᠨ ᠢ ᠣᠯᠠᠨ ᠡᠰᠢᠴᠢᠯᠡᠨ ᠰᠡᠷᠭᠡᠶᠢᠯᠡᠬᠦ ᠡᠶᠡᠳᠡᠭᠦᠯᠦᠨ ᠰᠢᠢᠳᠪᠦᠷᠢᠯᠡᠬᠦ ᠰᠢᠰᠲ᠋ᠧᠮ ᠢ ᠠᠩᠬ᠎ᠠ ᠠᠯᠬᠤᠮ | ᠪᠦᠷᠢᠯᠳᠦᠭᠦᠯᠪᠡ᠃ ᠬᠤᠶᠠᠷ ᠲᠤ ᠠᠷᠠᠳ ᠤᠨ ᠡᠶᠡᠳᠡᠭᠦᠯᠭᠡ ᠶᠢᠨ ᠠᠵᠢᠯ ᠢ ᠴᠢᠩᠭᠠᠳᠬᠠᠪᠠ᠃ ᠪᠦᠬᠦ ᠵᠢᠯ ᠳᠤ ᠡᠯ᠎ᠡ ᠱᠠᠲᠤᠨ ᠤ ᠠᠷᠠᠳ ᠤᠨ ᠡᠶᠡᠳᠡᠭᠦᠯᠭᠡ ᠶᠢᠨ | ᠵᠣᠬᠢᠶᠠᠨ ᠪᠠᠶᠢᠭᠤᠯᠤᠯᠲᠠ ᠠᠷᠠᠳ ᠤᠨ ᠡᠶᠡᠳᠡᠭᠦᠯᠭᠡ ᠶᠢᠨ ᠬᠡᠷᠡᠭ ᠢ ᠨᠡᠶᠢᠳᠡ 5126 ᠬᠤᠪᠢ ᠬᠦᠯᠢᠶᠡᠨ ᠠᠪᠴᠤ ᠰᠢᠢᠳᠪᠦᠷᠢᠯᠡᠨ᠂ 4870 ᠬᠤᠪᠢ ᠶᠢ ᠨᠢ | ᠠᠮᠵᠢᠯᠳᠠᠳᠠᠢ ᠡᠶᠡᠳᠡᠭᠦᠯᠵᠦ᠂ ᠠᠮᠵᠢᠯᠲᠠᠲᠠᠢ ᠡᠶᠡᠳᠡᠭᠦᠯᠦᠭᠰᠡᠨ ᠨᠤᠷᠮ᠎ᠠ ᠨᠢ 95.1% ᠳᠤ ᠬᠦᠷᠪᠡ᠃ ᠡᠯ᠎ᠡ ᠲᠤᠰᠬᠠᠶ ᠠᠵᠢᠯ ᠤᠨ ᠴᠢᠨᠠᠷᠲᠠᠶ ᠠᠵᠢᠯ | ᠲᠥᠷᠥᠯ ᠤᠨ ᠴᠢᠨᠠᠷᠲᠠᠶ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠠᠳᠠᠯ | ᠠᠬᠤᠶ ᠶᠢᠨ ᠵᠢᠭᠤᠷᠠᠭᠠᠨ᠂ ᠬᠡᠷᠡᠭᠯᠡᠭᠡᠨ ᠤ ᠵᠢᠭᠤᠷᠠᠭᠠᠨ᠂ ᠵᠠᠮ ᠬᠠᠷᠢᠯᠴᠠᠭ᠎ᠠ︾ ᠶᠢᠨ ᠲᠤᠰᠬᠠᠶ ᠠᠵᠢᠯ ᠤᠨ ᠴᠢᠨᠠᠷᠲᠠᠶ ᠠᠵᠢᠯ ᠲᠥᠷᠥᠯ ᠤᠨ ᠴᠢᠨᠠᠷᠲᠠᠶ ᠠᠷᠠᠳ ᠤᠨ | ᠡᠶᠡᠳᠡᠭᠦᠯᠬᠦ ᠺᠣᠮᠢᠰ ᠢ ᠪᠠᠶᠢᠭᠤᠯᠪᠠ᠃ ᠭᠤᠷᠪᠠ ᠳᠤ ᠢᠷᠭᠡᠨ ᠤ ᠪᠠ ᠬᠤᠳᠠᠯᠳᠤᠭᠠᠨ ᠤ ᠬᠡᠷᠡᠭ ᠢ ᠬᠥᠨᠳᠡᠯᠡᠨ ᠠᠴᠠ ᠲᠠᠰᠤᠯᠬᠤ ᠠᠵᠢᠯ ᠢ ᠴᠢᠩᠭᠠᠳᠬᠠᠪᠠ᠃ ᠪᠦᠬᠦ | ᠵᠢᠯ ᠳᠤ ᠡᠯ᠎ᠡ ᠲᠦᠷᠦᠯ ᠤᠨ ᠬᠥᠨᠳᠡᠯᠡᠨ ᠠᠴᠠ ᠲᠠᠰᠤᠯᠬᠤ ᠬᠡᠷᠡᠭ ᠢ 513 ᠬᠤᠪᠢ ᠬᠦᠯᠢᠶᠡᠨ ᠠᠪᠴᠤ ᠰᠢᠢᠳᠪᠦᠷᠢᠯᠡᠨ᠂ ᠮᠠᠷᠭᠤᠭᠠᠨ ᠤ ᠬᠠᠷᠠᠯᠲᠠ ᠨᠢ 27. | 87 ᠳ᠋ᠦᠩᠰᠢᠭᠤᠷ ᠲᠥᠭᠦᠷᠢᠭ ᠬᠦᠷᠴᠡᠶ᠃ | ︵ᠳᠣᠯᠤᠭ᠎ᠠ︶ ᠬᠠᠤᠯᠢ ᠶᠢ ᠬᠦᠨᠳᠦᠳᠬᠡᠨ ᠬᠠᠤᠯᠢ ᠶᠢ ᠰᠤᠷᠤᠯᠴᠠᠵᠤ ᠬᠠᠤᠯᠢ ᠶᠢ ᠰᠠᠬᠢᠨ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ | ᠢᠳᠡᠪᠬᠢᠲᠡᠶ ᠪᠤᠢ ᠪᠣᠯᠭᠠᠪᠠ᠃ ᠨᠢᠭᠡ ᠳᠤ ᠤᠳᠤᠷᠢᠳᠬᠤ ᠺᠠᠳ᠋ᠷᠴᠤᠳ ᠤᠨ ᠬᠠᠤᠯᠢ ᠰᠤᠷᠬᠤ ᠲᠦᠷᠢᠮ ᠢ ᠨᠠᠶᠢᠳᠠᠪᠤᠷᠢᠵᠢᠭᠤᠯᠪᠠ᠃ ᠬᠤᠳᠠ ᠶᠢᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠠᠴᠠ ᠡᠮᠦᠨ᠎ᠡ ᠬᠠᠤᠯᠢᠵᠢᠯ ᠤᠨ ᠪᠠᠶᠢᠭᠤᠯᠤᠯᠲᠠ ᠶᠢᠨ ᠬᠦᠷᠢᠶᠡᠨ ᠤ ᠬᠤᠯᠪᠣᠭᠳᠠᠯ ᠪᠦᠬᠦᠢ ᠲᠦᠷᠢᠮ ᠢ ᠬᠤᠶᠠᠷ ᠤᠳᠠᠭ᠎ᠠ | ᠲᠤᠰᠬᠠᠢ ᠰᠡᠳᠦᠪ ᠢᠶᠠᠷ ᠰᠤᠷᠤᠯᠴᠠᠪᠠ᠃ ᠬᠤᠶᠠᠷ ᠲᠤ ᠬᠠᠤᠯᠢᠵᠢᠯ ᠤᠨ ᠬᠥᠮᠦᠵᠢᠯ ᠪᠣᠯᠪᠠᠰᠤᠷᠠᠭᠤᠯᠤᠯ ᠢ ᠤᠯᠠᠨ ᠲᠡᠰ ᠳᠠᠪᠬᠤᠷᠭ᠎ᠠ ᠪᠠᠷ ᠡᠷᠭᠢᠯᠡᠪᠡ᠃ | ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ︽ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠰᠤᠳᠤᠯᠭᠠᠨ︾ ᠵᠡᠷᠭᠡ ᠲᠤᠰᠬᠠᠢ | ᠲᠦᠷᠦᠯ ᠤᠨ ᠬᠢᠴᠢᠶᠡᠯ ᠲᠣᠬᠢᠷᠠᠭᠤᠯᠵᠤ᠂ ᠪᠦᠬᠦ ᠬᠤᠳᠠ ᠶᠢᠨ 6.6 ᠲᠦᠮᠡᠨ ᠲᠦᠷᠦ ᠶᠢᠨ ᠠᠵᠢᠯᠳᠠᠨ ᠰᠦᠯᠵᠢᠶᠡᠨ ᠳᠡᠭᠡᠷ᠎ᠡ ᠬᠠᠤᠯᠢ ᠰᠤᠷᠤᠯᠴᠠᠬᠤ ᠳᠤ | ᠣᠷᠣᠯᠴᠠᠪᠠ ᠃ ᠭᠤᠷᠪᠠ ᠳᠤ᠂ ᠬᠠᠤᠯᠢ ᠪᠠᠷ ᠵᠠᠰᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ 2020 | ᠣᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠡᠶᠢᠲᠡᠯᠡᠨ ᠨᠠᠶᠢᠳᠠᠪᠤᠷᠢᠵᠢᠭᠤᠯᠵᠤ᠂ | ᠲᠤᠰᠬᠠᠢ ᠰᠡᠳᠦᠪᠲᠦ ᠲᠠᠶᠢᠯᠤᠮᠵᠢ᠂ ᠮᠡᠳᠡᠯᠭᠡ ᠶᠢᠨ ᠤᠷᠤᠯᠳᠤᠭᠠᠨ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠺᠠᠷᠲ᠋ᠣᠨ ᠵᠢᠷᠤᠭ᠂ | ᠲᠧᠯᠸᠢᠰ ᠤᠨ ᠲᠤᠰᠬᠠᠢ ᠪᠤᠯᠤᠩ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ︽ᠢᠷᠭᠡᠨ ᠤ ᠬᠠᠤᠯᠢ ᠶᠢᠨ ᠪᠢᠴᠢᠭ︾ ᠤᠨ ᠤᠬᠠᠭᠤᠯᠭ᠎ᠠ ᠬᠥᠮᠦᠵᠢᠯ ᠤᠨ | ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠢᠷᠭᠡᠨ ᠤ ᠬᠠᠤᠯᠢ ᠶᠢᠨ ᠪᠢᠴᠢᠭ ᠢ ᠦᠨᠳᠦᠰᠦᠨ ᠱᠠᠲᠤᠨ ᠳᠤ ᠣᠷᠣᠭᠤᠯᠵᠤ᠂ ᠬᠥᠮᠦᠰ ᠤᠨ ᠰᠡᠳᠬᠢᠯ ᠳᠤ | ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠪᠠ᠃ | ᠭᠤᠷᠪᠠ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ | ᠨᠢᠭᠡ ᠳᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ | ᠲᠠᠯ᠎ᠠ ᠪᠠᠷ ᠮᠦᠨ ᠬᠦᠷᠦᠯᠴᠡᠬᠦ ᠦᠭᠡᠢ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ | ᠪᠣᠯᠭᠠᠨ ᠨᠡᠩ ᠰᠠᠶᠢᠲᠤᠷ ᠬᠤᠪᠢᠷᠠᠭᠤᠯᠬᠤ ᠪᠣᠳᠠᠲᠠᠶ ᠦᠢᠯᠡᠳᠦᠯᠭᠡ ᠶᠢᠨ ᠲᠠᠯ᠎ᠠ ᠪᠠᠷ ᠪᠠᠰᠠ ᠵᠥᠷᠢᠶ᠎ᠡ ᠲᠠᠢ ᠪᠠᠶᠢᠵᠤ᠂ ᠤᠳᠤᠷᠢᠳᠬᠤ ᠺᠠᠳ᠋ᠷᠴᠤᠳ ᠤᠨ ᠤᠯᠤᠰ | ᠲᠦᠷᠦ ᠶᠢᠨ ᠮᠠᠭᠠᠳᠯᠠᠬᠤ ᠴᠢᠳᠠᠪᠤᠷᠢ ᠤᠯᠤᠰ ᠲᠦᠷᠦ ᠶᠢᠨ ᠣᠶᠢᠯᠠᠭᠠᠬᠤ ᠴᠢᠳᠠᠪᠤᠷᠢ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠬᠤᠶᠠᠷ ᠲᠤ ︽ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ︾ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠪᠠᠰᠠ ᠵᠥᠷᠢᠶ᠎ᠡ ᠲᠠᠢ᠂ ︽ᠰᠤᠷᠭᠠᠭᠤᠯᠢ ᠳᠤ ᠣᠷᠣᠬᠤ ᠳᠤ ᠬᠦᠴᠢᠷ︾ ︽ᠶᠠᠪᠤᠵᠤ ᠰᠠᠭᠤᠬᠤ ᠳᠤ | ᠬᠦᠴᠢᠷ︾ ︽ᠦᠨᠡᠮᠯᠡᠯ ᠠᠪᠬᠤ ᠳᠤ ᠬᠦᠴᠢᠷ︾ ᠵᠡᠷᠭᠡ ᠣᠯᠠᠨ ᠲᠦᠮᠡᠨ ᠤ ᠲᠤᠯᠭᠠᠮᠳᠠᠵᠤ ᠵᠤᠪᠠᠵᠤ ᠬᠦᠴᠢᠷᠳᠡᠵᠦ ᠬᠦᠰᠡᠵᠦ ᠰᠠᠨᠠᠭᠰᠠᠨ ᠠᠰᠠᠭᠤᠳᠠᠯ ᠢ ᠪᠠᠰᠠ | ᠪᠦᠷᠢᠮᠦᠰᠦᠨ ᠰᠢᠢᠳᠪᠦᠷᠢᠯᠡᠵᠦ ᠳᠡᠶᠢᠯᠦᠭᠡᠳᠦᠶ᠂ ︽ᠬᠠᠴᠢᠨ ᠵᠢᠭᠲᠡᠶ ᠭᠡᠷᠡᠴᠢᠯᠡᠯ︾ ︽ᠣᠷᠴᠢᠯ ᠭᠡᠷᠡᠴᠢᠯᠡᠯ︾ ᠵᠡᠷᠭᠡ ᠣᠯᠠᠨ ᠲᠦᠮᠡᠨ ᠤ ᠲᠤᠰᠬᠠᠯ ᠶᠡᠬᠡᠲᠡᠶ | ᠲᠣᠪᠤᠶᠢᠮ᠎ᠠ ᠠᠰᠠᠭᠤᠳᠠᠯ ᠢ ᠪᠠᠰᠠ ᠦᠨᠳᠦᠰᠦᠨ ᠠᠴᠠ ᠨᠢ ᠠᠷᠢᠯᠭᠠᠭᠠᠳᠤᠶ ᠪᠠᠶᠢᠵᠤ᠂ ᠠᠷᠠᠳ ᠲᠦᠮᠡᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ᠂ | ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠲᠠᠯ᠎ᠠ ᠪᠠᠷ ᠪᠠᠰᠠ | ᠦᠷᠭᠦᠯᠵᠢᠯᠡᠨ ᠬᠦᠴᠦ ᠣᠷᠣᠭᠤᠯᠬᠤ ᠴᠢᠬᠤᠯᠠᠲᠠᠶ ᠪᠠᠶᠢᠨ᠎ᠠ᠃ ᠭᠤᠷᠪᠠ ᠳᠤ ︽ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ | ᠬᠠᠤᠯᠢᠵᠢᠯ ᠤᠨ ᠨᠡᠶᠢᠭᠡᠮ ᠢ ᠨᠢᠭᠡ ᠴᠤᠭᠴᠠᠵᠢᠭᠤᠯᠤᠨ ᠪᠦᠲᠦᠭᠡᠨ ᠪᠠᠶᠢᠭᠤᠯᠬᠤ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠪᠠᠰᠠ | ᠵᠥᠷᠢᠶ᠎ᠡ ᠲᠠᠢ ᠪᠠᠶᠢᠨ᠎ᠠ᠂ ᠬᠠᠤᠯᠢᠵᠢᠯ ᠤᠨ ᠵᠠᠰᠠᠭ ᠤᠨ ᠣᠷᠳᠣᠨ ᠨᠢ ᠭᠤᠣᠯᠳᠠᠯᠭ᠎ᠠ ᠲᠠᠢ ᠡᠭᠦᠷᠭᠡ ᠪᠠ ᠭᠤᠣᠯ ᠴᠣᠭᠴᠠ ᠶᠢᠨ ᠢᠨᠵᠧᠨᠧᠷᠢᠩ ᠪᠣᠯᠤᠭᠰᠠᠨ ᠤ | ᠬᠤᠪᠢ ᠳᠤ ᠤᠷᠢᠳᠠᠪᠠᠷ ᠰᠢᠪᠲᠤᠯᠬᠤ ᠦᠢᠯᠡᠳᠦᠯ ᠢᠶᠠᠨ ᠪᠠᠳᠠᠷᠠᠭᠤᠯᠤᠭᠰᠠᠨ ᠢᠶᠠᠷ ᠬᠦᠷᠦᠯᠴᠡᠬᠦ ᠦᠭᠡᠢ᠂ ᠪᠦᠲᠦᠮᠵᠢᠲᠡᠢ ᠵᠠᠬ᠎ᠠ ᠳᠡᠯᠭᠡᠭᠦᠷ ᠪᠠ ᠴᠢᠷᠮᠠᠶᠢᠯᠭ᠎ᠠ ᠲᠠᠢ | ᠵᠠᠰᠠᠭ ᠤᠨ ᠣᠷᠳᠣᠨ ᠤ ᠤᠶᠠᠯᠳᠤᠯ ᠨᠢ ᠲᠡᠶᠢᠮᠦ ᠨᠢᠭᠲᠠ ᠪᠢᠰᠢ ᠪᠠᠶᠢᠵᠤ᠂ ᠠᠵᠤ ᠠᠬᠤᠢ ᠶᠢᠨ ᠣᠷᠴᠢᠯ ᠤᠨ ᠰᠠᠭᠠᠳ ᠦᠭᠡᠢ ᠨᠡᠪᠲᠡᠷᠡᠬᠦ ᠶᠢ ᠨᠥᠯᠥᠭᠡᠯᠡᠬᠦ | ᠲᠦᠭᠵᠢᠷᠡᠯ᠂ ᠵᠠᠬ᠎ᠠ ᠳᠡᠯᠭᠡᠭᠦᠷ ᠤᠨ ᠡᠷᠬᠡ ᠲᠡᠭᠰᠢ ᠥᠷᠢᠰᠥᠯᠳᠦᠭᠡᠨ ᠢ ᠬᠠᠷᠰᠢᠯᠠᠬᠤ ᠰᠠᠭᠠᠳ ᠪᠠᠰᠠ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠬᠠᠤᠯᠢᠵᠢᠭᠰᠠᠨ | ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ᠃ ᠳᠥᠷᠪᠡ ᠳᠤ ︽ᠰᠢᠨᠵᠢᠯᠡᠬᠦ ᠤᠬᠠᠭᠠᠨᠴᠢ ᠪᠠᠷ | ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ︾ ᠶᠢ | ᠪᠦᠬᠦ ᠲᠠᠯ᠎ᠠ ᠪᠠᠷ ᠳᠥᠯᠭᠢᠨ ᠠᠬᠢᠭᠤᠯᠬᠤ ᠲᠠᠯ᠎ᠠ ᠪᠠᠷ ᠪᠠᠰᠠ ᠵᠥᠷᠢᠶ᠎ᠡ ᠲᠠᠢ ᠪᠠᠶᠢᠨ᠎ᠠ᠂ ᠺᠠᠳ᠋ᠷ ᠤᠨ ᠡᠩᠨᠡᠭᠡᠨ ᠤ ᠬᠠᠤᠯᠢᠵᠢᠯ ᠤᠨ ᠰᠡᠳᠬᠢᠬᠦᠶ ᠪᠠ ᠬᠠᠤᠯᠢᠵᠢᠯ ᠤᠨ | ᠠᠷᠭ᠎ᠠ ᠪᠠᠷᠢᠯ ᠢ ᠬᠡᠷᠡᠭᠯᠡᠨ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠰᠠ ᠨᠡᠯᠢᠶᠡᠳ ᠪᠠᠭᠤᠷᠠᠶ ᠪᠠᠶᠢᠵᠤ᠂ ︽ᠡᠭᠦᠳᠡ ᠪᠠᠷ ᠣᠷᠣᠬᠤ ᠳᠤ ᠠᠮᠠᠷᠬᠠᠨ᠂ ᠴᠢᠷᠠᠶ | ᠰᠠᠶᠢᠬᠠᠨ᠂ ᠤᠴᠢᠷ ᠶᠠᠪᠤᠳᠠᠯ ᠢ ᠰᠢᠢᠳᠪᠦᠷᠢᠯᠡᠬᠦ ᠳᠤ ᠬᠦᠴᠢᠷᠲᠡᠶ︾ ᠪᠠᠶᠢᠬᠤ ᠵᠢᠴᠢ ᠠᠵᠢᠯ ᠬᠢᠬᠦ ᠦᠭᠡᠢ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ ᠵᠡᠷᠭᠡ | ᠠᠰᠠᠭᠤᠳᠠᠯ ᠢ ᠪᠠᠰᠠ ᠪᠦᠷᠢᠮᠦᠰᠦᠨ ᠠᠷᠢᠯᠭᠠᠭᠠᠳᠤᠶ ᠪᠠᠶᠢᠵᠤ᠂ ᠠᠷᠠᠳ ᠤᠯᠠᠨ ᠤ ᠬᠠᠤᠯᠢ ᠬᠡᠷᠡᠭᠵᠢᠭᠦᠯᠬᠦ ᠡᠩᠨᠡᠭᠡᠨ ᠳᠠᠬᠢ ᠬᠠᠨᠤᠮᠵᠢ ᠶᠢᠨ ᠬᠡᠮᠵᠢᠶ᠎ᠡ ᠪᠠᠰᠠ ᠲᠡᠶᠢᠮᠦ | ᠥᠨᠳᠥᠷ ᠪᠢᠰᠢ ᠪᠠᠶᠢᠨ᠎ᠠ᠃ ᠲᠠᠪᠤ ᠳᠤ ︽ᠤᠳᠤᠷᠢᠳᠬᠤ ᠺᠠᠳ᠋ᠷᠴᠤᠳ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ | ᠬᠡᠷᠡᠭᠯᠡᠬᠦ ᠵᠢᠱᠢᠶᠡᠴᠢ ᠪᠣᠯᠬᠤ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠪᠠᠰᠠ ᠵᠥᠷᠢᠶ᠎ᠡ ᠲᠠᠢ ᠪᠠᠶᠢᠵᠤ᠂ ᠨᠡᠶᠢᠭᠡᠮ ᠳᠠᠶᠠᠭᠠᠷ ᠤᠨ ᠬᠠᠤᠯᠢ ᠶᠢ | ᠬᠦᠨᠳᠦᠳᠬᠡᠬᠦ ᠬᠠᠤᠯᠢ ᠶᠢ ᠰᠤᠷᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠠᠭᠤᠷ ᠠᠮᠢᠰᠬᠤᠯ ᠪᠠᠰᠠ ᠲᠡᠶᠢᠮᠦ ᠥᠳᠬᠡᠨ ᠵᠤᠵᠠᠭᠠᠨ ᠪᠢᠰᠢ ᠪᠠᠶᠢᠵᠤ᠂ ᠵᠠᠰᠠᠭ | ᠵᠠᠬᠢᠷᠭᠠᠨ ᠤ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠨᠤᠷᠮ᠎ᠠ ᠨᠡᠯᠢᠶᠡᠳ ᠳᠣᠣᠷ᠎ᠠ ᠪᠠᠶᠢᠵᠤ᠂ ᠵᠠᠷᠢᠮ ᠨᠠᠮ ᠤᠨ ᠭᠡᠰᠢᠭᠦᠨ | ᠤᠳᠤᠷᠢᠳᠬᠤ ᠺᠠᠳ᠋ᠷᠴᠤᠳ ᠤᠨ ᠬᠠᠤᠯᠢᠵᠢᠯ ᠤᠨ ᠦᠵᠡᠯᠲᠡ ᠬᠠᠤᠯᠢᠵᠢᠯ ᠤᠨ ᠤᠬᠠᠮᠰᠠᠷ ᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ ᠪᠠᠶᠢᠨ᠎ᠠ᠃ | | ᠳᠠᠷᠠᠭᠠᠴᠢ ᠶᠢᠨ ᠠᠯᠬᠤᠮ ᠳᠤ᠂ ᠮᠠᠨ ᠤ ᠬᠤᠲᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠤᠯᠠᠮ ᠨᠢᠭᠡ ᠠᠯᠬᠤᠮ | ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠵᠤ︾᠂ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠣᠭᠤᠮᠢ ᠳᠤᠲᠠᠭᠤᠳᠠᠯ ᠪᠠ ᠠᠷᠠᠳ ᠣᠯᠠᠨ ᠤ ᠴᠢᠬᠤᠯᠠ ᠶᠡᠭᠡ ᠠᠩᠬᠠᠷᠤᠯ ᠲᠠᠯᠪᠢᠵᠤ ᠪᠠᠶᠢᠭ᠎ᠠ ᠵᠦᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠪᠠᠷᠢᠮᠵᠢᠶ᠎ᠠ ᠲᠠᠢ ᠬᠠᠷᠭᠤᠭᠤᠯᠬᠤ︾ ᠶᠢ ᠭᠦᠨᠵᠡᠭᠡᠶ ᠥᠷᠨᠢᠭᠦᠯᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ | ᠬᠦᠷᠢᠶᠡᠨ ᠳᠠᠬᠢ ︽3+2︾ ᠤᠨ ᠲᠤᠰᠬᠠᠶ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠯᠠᠨ ᠲᠦᠮᠡᠨ ᠤ | ᠲᠤᠯᠭᠠᠮᠳᠠᠵᠤ ᠵᠤᠪᠠᠵᠤ ᠬᠦᠴᠢᠷᠳᠡᠵᠦ ᠬᠦᠰᠡᠵᠦ ᠰᠠᠨᠠᠭᠰᠠᠨ ᠵᠦᠢᠯ ᠢ ᠬᠦᠴᠦ ᠣᠷᠣᠭᠤᠯᠤᠨ ᠰᠢᠢᠳᠪᠦᠷᠢᠯᠡᠵᠦ᠂ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ︽ᠦᠵᠡᠰᠬᠦᠯᠡᠩᠲᠦ ᠰᠠᠶᠢᠬᠠᠨ ᠬᠥᠬᠡ ᠬᠤᠲᠠ᠂ ᠦᠨᠢᠷ ᠪᠠᠶᠠᠯᠢᠭ ᠲᠠᠯ᠎ᠠ ᠶᠢᠨ ᠬᠤᠲᠠ | ︾ ᠶᠢ ᠴᠢᠷᠮᠠᠶᠢᠨ ᠪᠠᠶᠢᠭᠤᠯᠵᠤ᠂ ᠠᠵᠢᠯ ᠤᠨ ᠰᠢᠯᠢᠳᠡᠭ ᠠᠮᠵᠢᠯᠲᠠ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠤᠭᠲᠤᠨ᠎ᠠ᠃ | ᠨᠢᠭᠡ ᠳᠤ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠎ᠠ᠃ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠡᠯ᠎ᠡ ᠱᠠᠲᠤᠨ ᠤ ᠵᠠᠰᠠᠭ ᠤᠨ ᠣᠷᠳᠣᠨ ︵ᠨᠠᠮ ᠤᠨ ᠤᠳᠤᠷᠢᠳᠬᠤ ᠳᠤᠭᠤᠶᠢᠯᠠᠩ︶ ᠤ | ᠤᠨᠤᠯ ᠰᠤᠷᠤᠯᠴᠠᠬᠤ ᠭᠤᠣᠯ ᠳᠤᠭᠤᠶᠢᠯᠠᠩ ᠪᠠ ᠡᠯ᠎ᠡ ᠱᠠᠲᠤᠨ ᠤ ᠨᠠᠮ ᠤᠨ ᠰᠤᠷᠭᠠᠭᠤᠯᠢ᠂ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠺᠠᠳ᠋ᠷᠴᠤᠳ ᠤᠨ | ᠰᠤᠷᠤᠯᠴᠠᠯᠭ᠎ᠠ ᠪᠣᠯᠪᠠᠰᠤᠷᠠᠭᠤᠯᠤᠯ ᠤᠨ ᠲᠥᠯᠥᠪᠯᠡᠭᠡ ᠳᠤ ᠣᠷᠣᠭᠤᠯᠵᠤ᠂ ᠰᠤᠷᠤᠯᠴᠠᠯᠭ᠎ᠠ ᠪᠣᠯᠪᠠᠰᠤᠷᠠᠭᠤᠯᠤᠯ ᠢ ᠭᠦᠨᠵᠡᠭᠡᠶ ᠥᠷᠨᠢᠭᠦᠯᠦᠨ᠎ᠡ᠃ ᠬᠠᠤᠯᠢᠵᠢᠯ ᠤᠨ | ᠶᠡᠭᠡ ᠬᠢᠴᠢᠶᠡᠯ ᠤᠨ ᠲᠠᠩᠬᠢᠮ᠂ ᠲᠤᠰᠬᠠᠶ ᠰᠡᠳᠦᠪᠲᠦ ᠮᠡᠳᠡᠭᠡᠯᠡᠯ ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠶᠢ ᠤᠬᠠᠭᠤᠯᠤᠨ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃ ᠬᠤᠶᠠᠷ ᠲᠤ᠂ ᠲᠥᠪ ᠤᠨ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ | ᠬᠢᠨ᠎ᠡ᠃ ᠲᠥᠪ ᠬᠤᠷᠢᠶᠠᠨ ᠤ ᠬᠠᠤᠯᠢ ᠶᠣᠰᠣᠭᠠᠷ ᠤᠯᠤᠰ ᠢᠶᠠᠨ ᠵᠠᠰᠠᠬᠤ ᠠᠯᠪᠠᠨ ᠭᠡᠷ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠲᠠᠢ ᠬᠠᠷᠢᠴᠠᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠤᠯᠠᠮ ᠨᠢᠭᠡ ᠠᠯᠬᠤᠮ ᠪᠠᠶᠢᠴᠠᠭᠠᠨ ᠦᠵᠡᠵᠦ᠂ ᠠᠰᠠᠭᠤᠳᠠᠯ ᠤᠨ ᠵᠠᠩᠭᠢᠯᠠᠭ᠎ᠠ ᠶᠢ | ᠣᠨᠣᠪᠴᠢᠲᠠᠶ ᠡᠷᠢᠵᠦ ᠣᠯᠤᠨ᠂ ᠵᠦᠢᠯ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠤᠨ᠎ᠠ᠃ ᠭᠤᠷᠪᠠ ᠳᠤ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠦᠷᠢᠶᠡᠨ ᠳᠠᠬᠢ | ᠲᠤᠪᠤᠶᠢᠮ᠎ᠠ ᠠᠰᠠᠭᠤᠳᠠᠯ ᠢ ᠲᠦᠷᠭᠡᠯᠡᠨ ᠰᠢᠢᠳᠪᠦᠷᠢᠯᠡᠨ᠎ᠡ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ︽3+2︾ ᠤᠨ ᠲᠤᠰᠬᠠᠶ ᠴᠡᠭᠴᠡᠯᠡᠨ | ᠵᠠᠰᠠᠬᠤ ᠲᠥᠰᠦᠯ ᠤᠨ ᠱᠠᠭᠠᠷᠳᠠᠯᠭ᠎ᠠ ᠶᠣᠰᠣᠭᠠᠷ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯ ᠤᠨ ᠭᠤᠤᠯᠴᠢ ᠪᠤᠰᠤ ᠲᠣᠪᠤᠶᠢᠮ᠎ᠠ ᠠᠰᠠᠭᠤᠳᠠᠯ ᠵᠢᠴᠢ | ᠬᠠᠤᠯᠢ ᠪᠠᠷᠢᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠰᠠᠬᠢᠯᠭ᠎ᠠ ᠪᠠᠲᠤ ᠣᠪᠣᠷ ᠰᠤᠷᠲᠠᠯ ᠢ ᠴᠢᠩᠳᠠᠯᠠᠵᠤ ᠤᠯᠤᠰ ᠲᠥᠷᠥ ᠬᠠᠤᠯᠢ ᠴᠠᠭᠠᠵᠠ ᠶᠢᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠲᠦᠷᠢᠮ ᠲᠣᠭᠲᠠᠭᠠᠯ ᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠨ ᠡᠷᠡᠭᠦᠤ ᠰᠢᠢᠳᠬᠡᠯ ᠢ ᠨᠢ ᠬᠥᠩᠭᠡᠯᠡᠨ | ᠲᠠᠩᠰᠠᠨ ᠰᠤᠯᠠᠯᠠᠵᠤ ᠭᠢᠨᠳᠠᠨ ᠤ ᠭᠠᠳᠠᠨ᠎ᠠ ᠲᠦᠷ ᠭᠦᠢᠴᠡᠳᠭᠡᠬᠦ 3 ᠵᠦᠢᠯ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠶᠡᠬᠡᠪᠡᠷ ᠥᠷᠨᠢᠭᠦᠯᠬᠦ ᠶᠢᠨ ᠬᠠᠮᠲᠤ | ᠬᠤᠲᠠ ᠶᠢᠨ ᠨᠠᠮ ᠤᠨ ᠬᠤᠷᠢᠶ᠎ᠠ ᠶᠢᠨ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠶᠢ ᠲᠤᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠲᠦᠷᠪᠡ ᠳᠤ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠲᠦᠷᠢᠮ ᠤᠨ | ᠰᠢᠰᠲ᠋ᠧᠮᠵᠢ ᠶᠢ ᠲᠡᠭᠦᠯᠳᠡᠷᠵᠢᠭᠦᠯᠦᠨ ᠪᠤᠢ ᠪᠣᠯᠭᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠠᠨ ᠤ ᠬᠤᠲᠠ ᠶᠢᠨ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠤᠨ ᠲᠣᠪᠤᠶᠢᠮ᠎ᠠ ᠳᠤᠲᠠᠭᠤᠳᠠᠯ ᠤᠨ ᠲᠣᠭᠤᠷᠢᠨ ᠳᠤ᠂ ᠵᠠᠰᠠᠭ ᠤᠨ ᠶᠠᠪᠤᠳᠠᠯ ᠤᠨ ᠳᠡᠮᠵᠢᠯᠭᠡ ᠶᠢᠨ ᠣᠷᠴᠢᠨ ᠨᠥᠬᠦᠴᠡᠯ᠂ | ᠬᠤᠲᠠ ᠶᠢᠨ ᠦᠢᠯᠡᠴᠢᠯᠡᠭᠡᠨ ᠤ ᠣᠷᠴᠢᠨ ᠨᠥᠬᠦᠴᠡᠯ ᠪᠠ ᠠᠵᠤ ᠠᠬᠤᠶᠢᠯᠠᠯ ᠤᠨ ᠡᠷᠬᠡ ᠠᠰᠢᠭ ᠤᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ ᠲᠠᠯ᠎ᠠ ᠪᠠᠷ | ᠬᠠᠤᠯᠢᠵᠢᠯ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ | ᠬᠢᠷᠢ ᠲᠦᠪᠰᠢᠨ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ︽ᠡᠷᠭᠢᠯᠲᠡ ᠶᠢᠨ ᠳᠠᠶᠢᠯᠠᠯᠳᠤᠭᠠᠨ︾ ᠤ ᠢᠯᠠᠯᠲᠠ ᠶᠢ ᠵᠠᠪᠠᠯ ᠤᠯᠤᠨ᠎ᠠ᠃ ᠲᠠᠪᠤ ᠳᠤ ᠬᠠᠤᠯᠢ ᠴᠠᠭᠠᠵᠠ ᠶᠢ ᠲᠦᠭᠡᠮᠡᠯᠵᠢᠭᠦᠯᠬᠦ | ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠤᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠠᠵᠢᠯ ᠢ ᠡᠬᠢᠯᠡᠭᠦᠯᠦᠨ ᠬᠡᠷᠡᠭᠵᠢᠬᠦᠯᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ᠂ ᠲᠦᠷᠦ ᠶᠢᠨ ᠠᠵᠢᠯᠳᠠᠨ ᠲᠢᠩᠬᠢᠮ ᠤᠨ ᠰᠢᠭᠦᠯᠲᠡ ᠶᠢ ᠰᠤᠯᠠ ᠰᠣᠨᠣᠰᠬᠤ ᠵᠡᠷᠭᠡ | ᠬᠥᠮᠦᠵᠢᠯ ᠤᠨ ᠠᠷᠭ᠎ᠠ ᠮᠠᠶ᠋ᠢᠭ ᠢ ᠢᠳᠡᠪᠬᠢᠲᠡᠶ ᠬᠡᠷᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠦᠵᠡᠯ ᠤᠬᠠᠮᠰᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ ᠵᠢᠷᠭᠤᠭ᠎ᠠ ᠳᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠢᠳᠡᠪᠬᠢᠲᠡᠶ ᠡᠭᠦᠳᠦᠨ | ᠪᠠᠶᠢᠭᠤᠯᠤᠨ᠎ᠠ᠃ ᠲᠥᠪ ᠬᠤᠷᠢᠶᠠᠨ ᠤ ᠬᠠᠤᠯᠢ ᠶᠣᠰᠣᠭᠠᠷ ᠤᠯᠤᠰ ᠢᠶᠠᠨ ᠵᠠᠰᠠᠬᠤ ᠠᠯᠪᠠᠨ ᠭᠡᠷ ᠤᠨ ᠬᠠᠤᠯᠢᠵᠢᠯ ᠤᠨ ᠵᠠᠰᠠᠭ ᠤᠨ ᠣᠷᠳᠣᠨ ᠤ ᠵᠢᠱᠢᠶ᠎ᠡ ᠶᠢ | ᠡᠭᠦᠳᠦᠨ ᠪᠠᠶᠢᠭᠤᠯᠬᠤ ᠠᠵᠢᠯ ᠳᠠᠬᠢ ᠴᠢᠭᠯᠡᠯᠳᠤ ᠴᠢᠨᠠᠷ ᠤᠨ ᠱᠠᠭᠠᠷᠳᠠᠯᠭ᠎ᠠ ᠶᠣᠰᠣᠭᠠᠷ᠂ ᠲᠥᠪ ᠤᠨ ︽ᠬᠤᠲᠠ ᠰᠢᠶᠠᠨ ᠤ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠭᠦᠢᠴᠡᠳᠬᠡᠯ ᠲᠣᠭᠠᠨ ᠤ ᠰᠢᠰᠲ᠋ᠧᠮ︾ ᠲᠠᠢ ᠬᠠᠷᠭᠤᠭᠤᠯᠤᠨ᠂ ᠪᠦᠬᠦ ᠤᠯᠤᠰ ᠤᠨ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠴᠢᠷᠮᠠᠶᠢᠨ ᠡᠭᠦᠳᠦᠨ ᠪᠠᠶᠢᠭᠤᠯᠤᠨ᠎ᠠ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | 2021 ᠣᠨ ᠤ 1 ᠳ᠋ᠤᠭᠡᠷ ᠰᠠᠷ᠎ᠠ ᠶᠢᠨ 22 ᠤᠨ ᠡᠳᠦᠷ | |