《 ᠬᠥᠬᠡᠬᠤᠲᠠ ᠶᠢᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠦᠶᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠠᠷᠭ᠎ᠠ ᠬᠡᠮᠵᠢᠶ᠎ᠡ  ᠨᠦᠭᠦᠳ 》 ᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/4/29
                  ᠬᠥᠬᠡᠬᠤᠲᠠ ᠵᠠᠰᠠᠭ ᠠᠯᠪᠠᠨ ᠲᠠᠷᠬᠠᠭᠠᠭᠰᠠᠨ〔2020〕27 ᠳ᠋ᠤᠭᠠᠷ ᠲᠣᠭᠠᠲᠤᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠄ 《 ᠬᠥᠬᠡᠬᠤᠲᠠ ᠶᠢᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠦᠶᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠠᠷᠭ᠎ᠠ ᠬᠡᠮᠵᠢᠶ᠎ᠡ ᠨᠦᠭᠦᠳ 》 ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃                           ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                           2020 ᠣᠨ ᠤ 12 ᠳ᠋ᠤᠭᠠᠷ ᠰᠠᠷ᠎ᠠ ᠶᠢᠨ 18 ᠤ ᠡᠳᠦᠷ                   ᠬᠥᠬᠡᠬᠤᠲᠠ ᠶᠢᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠦᠶᠯᠡᠰ ᠤᠨ ᠬᠥᠭᠵᠢᠯᠲᠡ ᠶᠢ                  ᠲᠦᠷᠭᠡᠳᠬᠡᠨ ᠠᠬᠢᠭᠤᠯᠬᠤ ᠠᠷᠭ᠎ᠠ ᠬᠡᠮᠵᠢᠶ᠎ᠡ ᠨᠦᠭᠦᠳ      《〈 ᠰᠦᠯᠵᠢᠶᠡᠨ ᠤ ᠲᠠᠪᠴᠠᠩ ᠤᠨ ᠵᠠᠮ ᠲᠡᠭᠡᠭᠡᠪᠦᠷᠢ ᠶᠢᠨ ᠡᠵᠡᠩᠨᠡᠯᠲᠡ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ 〉 ᠶᠢ ᠳᠠᠷᠤᠮᠠᠯᠯᠠᠨ ᠶᠠᠪᠤᠭᠤᠯᠬᠤ ᠲᠤᠬᠠᠢ ᠵᠠᠮ ᠲᠡᠭᠡᠭᠡᠪᠦᠷᠢ ᠶᠢᠨ ᠶᠠᠮᠤᠨ   ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠮᠡᠳᠡᠭᠳᠡᠯ 》  ︵ᠵᠠᠮ ᠲᠡᠭᠡᠭᠡᠪᠦᠷᠢ ᠲᠣᠭᠲᠠᠭᠠᠯ〔2019〕12 ᠳ᠋ᠤᠭᠠᠷ ᠲᠣᠭᠠᠲᠤ︶ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠲᠠᠪᠴᠠᠩ ᠤᠨ ᠵᠠᠮ ᠲᠡᠭᠡᠭᠡᠪᠦᠷᠢ ᠶᠢᠨ ᠡᠵᠡᠩᠨᠡᠯᠲᠡ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ 》 ︵ᠥᠪᠥᠷ ᠵᠠᠮ ᠲᠠᠷᠬᠠᠭᠠᠭᠰᠠᠨ〔2020〕191 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠠᠷᠠᠭ᠎ᠠ ᠲᠡᠭᠡᠭᠡᠪᠦᠷᠢ ᠶᠢᠨ ᠠᠵᠤ ᠦᠢᠯᠡᠰ ᠢ ᠲᠦᠷᠭᠡᠳᠬᠡᠵᠦ᠂ ᠢᠯᠠᠩᠭᠤᠶ᠎ᠠ ᠳᠤᠮᠳᠠ ᠵᠢᠵᠢᠭ ᠪᠢᠴᠢᠯ ᠪᠠᠷᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠳᠣᠣᠷᠠᠬᠢ ᠳᠡᠮᠵᠢᠬᠦ ᠠᠷᠭ᠎ᠠ ᠬᠡᠮᠵᠢᠶ᠎ᠡ ᠶᠢ ᠲᠣᠭᠲᠠᠭᠠᠪᠠ᠃       ᠨᠢᠭᠡ᠂ ᠳᠡᠮᠵᠢᠬᠦ ᠡᠲᠡᠭᠡᠳ       ︵ᠨᠢᠭᠡ︶ ᠬᠥᠬᠡᠬᠤᠲᠠ ᠳᠤ ᠳᠠᠩᠰᠠᠯᠠᠭᠤᠯᠤᠨ ᠡᠷᠦᠬᠡ ᠠᠮᠠ ᠣᠷᠣᠭᠤᠯᠵᠤ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠬᠥᠷᠥᠩᠭᠡ ᠮᠥᠩᠭᠦ ᠨᠢ 5000 ᠲᠦᠮᠡᠨ ᠲᠥᠭᠦᠷᠢᠭ ᠠᠷᠠᠳ ᠤᠨ ᠵᠣᠭᠤᠰ ᠠᠴᠠ ᠪᠠᠭ᠎ᠠ ᠪᠠᠶᠢᠵᠤ ᠪᠣᠯᠬᠤ ᠥᠬᠡᠶ ᠪᠥᠭᠡᠳ ᠲᠤᠬᠠᠶ ᠶᠢᠨ ᠭᠠᠵᠠᠷ ᠲᠤ ᠬᠠᠤᠯᠢ ᠶᠣᠰᠣᠭᠠᠷ ᠭᠠᠶᠢᠯᠢ ᠲᠤᠰᠢᠶᠠᠵᠤ ᠪᠠᠶᠢᠭ᠎ᠠ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠲᠣᠭᠠᠴᠢᠯᠠᠭᠰᠠᠨ ᠠᠵᠤ ᠦᠶᠯᠡᠰ ᠤᠨ ᠬᠦᠷᠢᠶᠡᠯᠡᠩ ᠤᠨ ᠡᠵᠡᠩᠨᠡᠯᠲᠡ ᠶᠢᠨ ᠦᠶᠯᠡᠴᠢᠯᠡᠭᠡᠨ ᠤ ᠺᠣᠮᠫᠠᠨᠢ ︵ᠳᠣᠷᠣᠭᠰᠢ《ᠡᠵᠡᠩᠨᠡᠯᠲᠡ ᠶᠢᠨ ᠦᠶᠯᠡᠴᠢᠯᠡᠭᠡᠨ ᠤ ᠺᠣᠮᠫᠠᠨᠢ 》ᠭᠡᠵᠦ ᠲᠣᠪᠴᠢᠯᠠᠨ᠎ᠠ︶᠃       ︵ᠬᠤᠶᠠᠷ︶ ᠬᠥᠬᠡᠬᠤᠲᠠ ᠳᠤ ᠳᠠᠩᠰᠠᠯᠠᠭᠤᠯᠤᠨ ᠡᠷᠦᠬᠡ ᠠᠮᠠ ᠣᠷᠣᠭᠤᠯᠵᠤ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠡᠵᠡᠩᠨᠡᠯᠲᠡ ᠶᠢᠨ ᠵᠥᠪᠰᠢᠶᠡᠷᠡᠯ ᠢ ᠬᠠᠤᠯᠢ ᠶᠣᠰᠣᠭᠠᠷ ᠤᠯᠬᠤ ᠶᠢᠨ ᠬᠠᠮᠲᠤ ᠲᠣᠭᠠᠴᠢᠯᠠᠭᠰᠠᠨ ᠠᠵᠤ ᠦᠶᠯᠡᠰ ᠤᠨ ᠬᠦᠷᠢᠶᠡᠯᠡᠩ ᠤᠨ ᠲᠠᠪᠴᠠᠩ ᠶᠢᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠪᠤᠶᠤ ᠲᠡᠭᠦᠨ ᠤ ᠬᠤᠪᠢᠶᠠᠷᠢ ᠰᠠᠯᠪᠤᠷᠢ ᠪᠠᠶᠢᠭᠤᠯᠤᠮᠵᠢ  ︵ᠳᠣᠷᠣᠭᠰᠢ《 ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ 》ᠭᠡᠵᠦ ᠲᠣᠪᠴᠢᠯᠠᠨ᠎ᠠ︶ ᠲᠠᠢ ᠭᠡᠷ᠎ᠡ ᠲᠣᠭᠲᠠᠭᠰᠠᠨ ᠪᠥᠭᠡᠳ ᠣᠷᠤᠵᠤ ᠰᠠᠭᠤᠭᠰᠠᠨ ᠪᠠᠶᠢᠬᠤ᠃      ᠬᠤᠶᠠᠷ᠂ ᠳᠡᠮᠵᠢᠬᠦ ᠠᠷᠭ᠎ᠠ ᠬᠡᠮᠵᠢᠶ᠎ᠡ       ︵ᠨᠢᠭᠡ︶ ᠡᠵᠡᠩᠨᠡᠯᠲᠡ ᠶᠢᠨ ᠬᠤᠪᠢ ᠨᠡᠮᠡᠷᠢ ᠶᠢᠨ ᠱᠠᠩᠨᠠᠯ᠃ ᠬᠤᠶᠠᠷ ᠰᠠᠷ᠎ᠠ ᠶᠢᠨ ᠭᠠᠶᠢᠯᠢ ᠲᠤᠰᠢᠶᠠᠭᠰᠠᠨ ᠲᠤᠭ᠎ᠠ ︵ᠠᠵᠤ ᠠᠬᠤᠶᠢᠯᠠᠯ ᠵᠢᠴᠢ ᠭᠡᠰᠢᠭᠦᠳ ᠤᠨ ᠣᠷᠣᠯᠠᠨ ᠲᠠᠲᠠᠪᠤᠷᠢᠯᠠᠵᠤ ᠣᠷᠣᠯᠠᠨ ᠰᠠᠭᠤᠯᠭᠠᠬᠤ ᠡᠯ᠎ᠡ ᠵᠦᠢᠯ ᠤᠨ ᠭᠠᠶᠢᠯᠢ ᠶᠢᠨ ᠮᠥᠩᠭᠦ ᠵᠢᠴᠢ ᠨᠡᠮᠡᠯᠲᠡ ᠪᠠᠭᠲᠠᠨ᠎ᠠ︶ ᠨᠢ 20 ᠲᠦᠮᠡᠨ ᠲᠥᠭᠦᠷᠢᠭ ᠠᠴᠠ ᠳᠠᠪᠠᠭᠰᠠᠨ ᠰᠦᠯᠵᠢᠶᠡᠨ ᠳᠡᠭᠡᠷ᠎ᠡ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠳᠤ ᠡᠵᠡᠩᠨᠡᠯᠲᠡ ᠶᠢᠨ ᠬᠤᠪᠢ ᠨᠡᠮᠡᠷᠢ ᠶᠢᠨ ᠱᠠᠩᠨᠠᠯ ᠣᠯᠭᠤᠵᠤ᠂ ᠱᠠᠩᠨᠠᠯ ᠤᠨ ᠮᠥᠩᠭᠦ ᠶᠢᠨ ᠲᠤᠬᠠᠢ ᠶᠢᠨ ᠭᠠᠵᠠᠷ ᠤᠨ ᠠᠵᠤ ᠠᠬᠤᠢ ᠳᠤ ᠦᠵᠡᠭᠦᠯᠦᠭᠰᠡᠨ ᠬᠤᠪᠢ ᠨᠡᠮᠡᠷᠢ ᠶᠢᠨ ᠬᠤᠲᠠ᠂ ᠰᠢᠶᠠᠨ  ︵ᠬᠤᠰᠢᠭᠤ ᠲᠣᠭᠤᠷᠢᠭ︶ ᠬᠤᠶᠠᠷ ᠱᠠᠲᠤᠨ ᠤ ᠬᠤᠪᠢᠳᠠᠨ ᠦᠯᠡᠳᠡᠭᠡᠬᠦ ᠨᠡᠮᠡᠭᠳᠡᠯ ᠤᠨ ᠬᠡᠰᠡᠭ ᠤᠨ 90 %  ᠶᠢ ᠣᠯᠭᠤᠨ᠎ᠠ᠃        ︵ᠬᠤᠶᠠᠷ︶ ᠨᠡᠶᠢᠯᠡᠭᠦᠯᠦᠨ ᠡᠵᠡᠩᠨᠡᠭᠰᠡᠨ ᠱᠠᠩᠨᠠᠯ᠃ ᠰᠦᠯᠵᠢᠶᠡᠨ ᠳᠡᠭᠡᠷ᠎ᠡ ᠪᠠᠷᠠᠭ᠎ᠠ ᠲᠡᠭᠡᠭᠡᠪᠦᠷᠢᠯᠡᠬᠦ ᠳᠤ ᠣᠷᠤᠵᠤ ᠰᠠᠭᠤᠭᠰᠠᠨ ᠠᠵᠤ ᠠᠬᠤᠶᠢᠯᠠᠯ ᠨᠢ 30 ᠠᠴᠠ ᠳᠡᠭᠡᠭᠰᠢᠬᠢ ᠲᠥᠷᠥᠯ ᠵᠦᠢᠯ ᠤᠨ ᠺᠣᠮᠫᠠᠨᠢ ᠳᠤ ᠡᠮᠬᠢᠯᠡᠨ ᠨᠡᠶᠢᠯᠡᠭᠦᠯᠵᠦ ᠡᠵᠡᠩᠨᠡᠭᠰᠡᠨ ᠱᠠᠩᠨᠠᠯ ᠣᠯᠭᠤᠨ᠎ᠠ᠂ ᠱᠠᠩᠨᠠᠯ ᠤᠨ ᠵᠣᠭᠤᠰ ᠤᠨ ᠲᠤᠭ᠎ᠠ ᠨᠢ ᠣᠷᠣᠵᠤ ᠰᠠᠭᠤᠭᠰᠠᠨ ᠠᠵᠤ ᠠᠬᠤᠶᠢᠯᠠᠯ ᠤᠨ ᠲᠤᠬᠠᠢ ᠶᠢᠨ ᠭᠠᠵᠠᠷ ᠤᠨ ᠠᠵᠤ ᠠᠬᠤᠢ ᠳᠤ ᠦᠵᠡᠭᠦᠯᠦᠭᠰᠡᠨ ᠬᠤᠪᠢ ᠨᠡᠮᠡᠷᠢ ︵ᠠᠵᠤ ᠠᠬᠤᠶᠢᠯᠠᠯ ᠵᠢᠴᠢ ᠭᠡᠰᠢᠭᠦᠳ ᠤᠨ ᠣᠷᠣᠯᠠᠨ ᠲᠠᠲᠠᠪᠤᠷᠢᠯᠠᠵᠤ ᠣᠷᠣᠯᠠᠨ ᠬᠠᠰᠤᠬᠤ ᠡᠯ᠎ᠡ ᠵᠦᠢᠯ ᠤᠨ ᠭᠠᠶᠢᠯᠢ ᠶᠢᠨ ᠮᠥᠩᠭᠦ ᠵᠢᠴᠢ ᠨᠡᠮᠡᠯᠲᠡ ᠪᠠᠭᠲᠠᠨ᠎ᠠ︶ ᠶᠢᠨ ᠬᠤᠲᠠ᠂ ᠰᠢᠶᠠᠨ  ︵ᠬᠤᠰᠢᠭᠤ ᠲᠣᠭᠤᠷᠢᠭ︶ ᠬᠤᠶᠠᠷ ᠱᠠᠲᠤ ᠬᠤᠪᠢᠳᠠᠨ ᠦᠯᠡᠳᠡᠭᠡᠬᠦ ᠨᠡᠮᠡᠭᠳᠡᠯ  ᠤᠨ ᠬᠡᠰᠡᠭ ᠤᠨ 10 % ᠪᠣᠯᠤᠨ᠎ᠠ᠃       ︵ᠭᠤᠷᠪᠠ︶ ᠨᠡᠮᠡᠭᠳᠡᠭᠰᠡᠨ ᠬᠡᠰᠡᠭ ᠤᠨ ᠰᠠᠭᠤᠷᠢ ᠪᠠᠷᠢᠮᠵᠢᠶ᠎ᠠ᠃ ᠣᠲᠣ ᠶᠢᠨ ᠪᠠᠶᠢᠭ᠎ᠠ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠨᠢ ᠲᠣᠭᠠᠴᠢᠯᠠᠭᠰᠠᠨ ᠠᠵᠤ ᠦᠶᠯᠡᠰ ᠤᠨ ᠬᠦᠷᠢᠶᠡᠯᠡᠩ ᠳᠤ ᠣᠷᠣᠵᠤ ᠰᠠᠭᠤᠭᠰᠠᠨ ᠪᠠᠶᠢᠪᠠᠯ ᠲᠣᠰ ᠠᠵᠤ ᠠᠬᠤᠶᠢᠯᠠᠯ ᠤᠨ ᠲᠦᠷᠦᠭᠦᠦ 5 ᠵᠢᠯ ᠤᠨ ᠬᠦᠬᠡᠬᠤᠲᠠ ᠶᠢᠨ ︵2015—2019 ᠣᠨ᠂ ᠪᠦᠬᠦᠯᠢ 5 ᠵᠢᠯ ᠪᠣᠯᠤᠭᠠᠳᠤᠶ ᠪᠣᠯ ᠪᠣᠳᠠᠲᠠᠶ ᠭᠠᠶᠢᠯᠢ ᠲᠤᠰᠢᠶᠠᠭᠰᠠᠨ ᠴᠠᠭ ᠢᠶᠠᠷ ᠪᠤᠳᠤᠨ᠎ᠠ︶ ᠬᠤᠶᠠᠷ ᠰᠠᠷ᠎ᠠ ᠶᠢᠨ ᠣᠷᠣᠨ ᠨᠤᠲᠤᠭ ᠤᠨ ᠡᠳ᠋ ᠤᠨ ᠵᠠᠰᠠᠭ ᠤᠨ ᠳᠤᠮᠳᠠᠴᠢ ᠬᠤᠪᠢ ᠨᠡᠮᠡᠷᠢ ᠪᠠᠷ ᠰᠠᠭᠤᠷᠢ ᠪᠠᠷᠢᠮᠵᠢᠶ᠎ᠠ ᠪᠣᠯᠭᠠᠨ᠎ᠠ᠃ ᠲᠣᠭᠠᠴᠢᠯᠠᠭᠰᠠᠨ ᠠᠵᠤ ᠦᠶᠯᠡᠰ ᠤᠨ ᠬᠦᠷᠢᠶᠡᠯᠡᠩ ᠳᠤ ᠰᠢᠨ᠎ᠡ ᠪᠠᠷ ᠳᠠᠩᠰᠠᠯᠠᠭᠤᠯᠤᠭᠰᠠᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠨᠢ 0 ᠲᠥᠭᠦᠷᠢᠭ ᠢᠶᠠᠷ ᠰᠠᠭᠤᠷᠢ ᠪᠠᠷᠢᠮᠵᠢᠶ᠎ᠠ ᠪᠣᠯᠭᠠᠨ᠎ᠠ᠃        ︵ᠳᠥᠷᠪᠡ︶ ᠱᠠᠩᠨᠠᠯ ᠤᠨ ᠪᠠᠯᠠ ᠮᠥᠩᠭᠦ ᠶᠢ ᠬᠤᠶᠠᠷ ᠰᠠᠷ᠎ᠠ ᠳᠤ ᠨᠢᠭᠡ ᠤᠳᠠᠭ᠎ᠠ ᠣᠯᠭᠤᠵᠤ᠂ ᠳᠠᠷᠠᠭ᠎ᠠ ᠰᠠᠷ᠎ᠠ ᠶᠢᠨ ᠰᠡᠭᠦᠯᠴᠢ ᠠᠴᠠ ᠡᠮᠦᠨ᠎ᠡ ᠳᠡᠭᠡᠷ᠎ᠡ ᠨᠢᠭᠡ ᠬᠤᠭᠤᠴᠠᠭᠠᠨ ᠤ  ︵ᠡᠵᠡᠩᠨᠡᠯᠲᠡ ᠶᠢᠨ ᠲᠤᠬᠠᠶᠢᠯᠠᠭᠰᠠᠨ ᠠᠵᠢᠯ ᠡᠭᠦᠰᠦᠭᠰᠡᠨ ᠴᠠᠭ ᠢᠶᠠᠷ ᠪᠠᠷᠢᠮᠵᠢᠶ᠎ᠠ ᠪᠣᠯᠭᠠᠨ᠎ᠠ︶ ᠱᠠᠩᠨᠠᠯ ᠤᠨ ᠪᠠᠯᠠ ᠮᠥᠩᠭᠦ  ᠶᠢ ᠰᠠᠯᠭᠠᠨ ᠥᠭᠭᠦᠨ᠎ᠡ᠃        ︵ᠲᠠᠪᠤ︶ ᠡᠵᠡᠩᠨᠡᠯᠲᠡ ᠶᠢᠨ ᠦᠶᠯᠡᠴᠢᠯᠡᠭᠡᠨ ᠤ ᠺᠣᠮᠫᠠᠨᠢ ᠶᠢ ᠬᠠᠤᠯᠢ ᠶᠣᠰᠣᠭᠠᠷ ᠬᠥᠬᠡᠬᠤᠲᠠ ᠳᠤ ᠨᠠᠶᠢᠳᠠᠪᠤᠷᠢᠵᠢᠭᠤᠯᠤᠭᠰᠠᠨ ᠤ ᠳᠠᠷᠠᠭ᠎ᠠ᠂ ᠵᠠᠰᠠᠭ  ᠤᠨ ᠣᠷᠳᠣᠨ ᠠᠴᠠ ᠠᠯᠪᠠᠨ ᠠᠵᠢᠯ ᠤᠨ ᠣᠷᠣᠨ ᠵᠠᠶ ᠶᠢᠨ ᠲᠦᠷᠢᠶᠡᠰᠦᠯᠡᠯ ᠤᠨ ᠨᠥᠬᠦᠪᠥᠷᠢ ᠣᠯᠭᠤᠵᠤ᠂ ᠨᠥᠬᠦᠪᠥᠷᠢ ᠥᠭᠬᠦ ᠬᠤᠭᠤᠴᠠᠭ᠎ᠠ ᠨᠢ ᠲᠠᠪᠤᠨ ᠵᠢᠯ ᠪᠣᠯᠤᠨ᠎ᠠ᠃ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠳᠤ ᠥᠪᠡᠰᠦᠪᠡᠨ ᠠᠯᠪᠠᠨ ᠠᠰᠠᠷ ᠪᠠᠶᠢᠭᠤᠯᠪᠠᠯ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠬᠠᠮᠢᠶ᠎ᠠ ᠪᠥᠬᠦᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠤᠨ᠎ᠠ᠃        ︵ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠱᠠᠩᠨᠠᠯ ᠤᠨ ᠪᠠᠯᠠ ᠮᠥᠩᠭᠦ ᠶᠢ ᠤᠯᠬᠤ ᠪᠠᠷ ᠢᠳᠡᠪᠬᠢᠲᠡᠶ ᠴᠢᠷᠮᠠᠶᠢᠵᠤ ᠬᠥᠬᠡᠬᠤᠲᠠ ᠶᠢᠨ ᠰᠦᠯᠵᠢᠶ᠎ᠡ  ᠪᠠᠷ ᠪᠠᠷᠠᠭ᠎ᠠ ᠲᠡᠭᠡᠭᠡᠪᠦᠷᠢᠯᠡᠬᠦ ᠠᠵᠤ ᠦᠶᠯᠡᠰ ᠢ ᠲᠡᠳᠬᠦᠨ ᠳᠡᠮᠵᠢᠵᠦ᠂ ᠱᠠᠩᠨᠠᠬᠤ ᠬᠠᠷᠢᠴᠠᠯ ᠢ ᠬᠤᠲᠠ᠂ ᠰᠢᠶᠠᠨ ︵ᠬᠤᠰᠢᠭᠤ ᠲᠣᠭᠤᠷᠢᠭ︶ ᠤ ᠱᠠᠩᠨᠠᠬᠤ ᠬᠠᠷᠢᠴᠠᠯ ᠶᠣᠰᠣᠭᠠᠷ ᠬᠡᠷᠡᠭᠵᠢᠭᠦᠯᠦᠨ᠎ᠡ᠃      ᠭᠤᠷᠪᠠ᠂ ᠱᠠᠩᠨᠠᠯ ᠨᠥᠬᠦᠪᠦᠷᠢ ᠶᠢ ᠭᠤᠶᠤᠴᠢᠯᠠᠬᠤ ᠪᠠ ᠪᠡᠶᠡᠯᠡᠭᠦᠯᠬᠦ ᠶᠠᠪᠤᠴᠠ        ︵ᠨᠢᠭᠡ︶ ᠭᠤᠶᠤᠴᠢᠯᠠᠬᠤ᠃ ᠲᠣᠭᠠᠴᠢᠯᠠᠭᠰᠠᠨ ᠠᠵᠤ ᠦᠶᠯᠡᠰ ᠤᠨ ᠬᠦᠷᠢᠶᠡᠯᠡᠩ ᠤᠨ ᠡᠵᠡᠩᠨᠡᠯᠲᠡ ᠶᠢᠨ ᠦᠶᠯᠡᠴᠢᠯᠡᠭᠡᠨ ᠤ ᠺᠣᠮᠫᠠᠨᠢ ᠨᠢ ᠨᠥᠬᠦᠴᠡᠯ  ᠳᠤ ᠨᠡᠶᠢᠴᠡᠭᠰᠡᠨ ︵ᠱᠠᠩᠨᠠᠯ ᠨᠥᠬᠦᠪᠥᠷᠢ ᠶᠢᠨ ᠪᠠᠷᠢᠮᠵᠢᠶ᠎ᠠ ᠶᠢ ᠬᠠᠩᠭᠠᠭᠰᠠᠨ ᠪᠥᠭᠡᠳ ᠠᠮᠵᠢᠯᠲᠠ ᠲᠠᠢ ᠪᠠᠷ ᠭᠠᠶᠢᠯᠢ ᠲᠤᠰᠢᠶᠠᠭᠰᠠᠨ ᠤ ᠬᠠᠮᠲᠤ ᠭᠠᠶᠢᠯᠢ ᠶᠢᠨ ᠵᠣᠭᠤᠰ ᠢᠶᠠᠨ ᠲᠤᠰᠢᠶᠠᠭᠰᠠᠨ︶ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠤᠨ ᠱᠠᠩᠨᠠᠯ ᠨᠥᠬᠦᠪᠥᠷᠢ ᠶᠢᠨ ᠭᠤᠶᠤᠴᠢᠯᠠᠯ ᠤᠨ ᠮᠠᠲ᠋ᠧᠷᠢᠶᠠᠯ ᠢ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ ᠳᠤ ᠨᠢᠭᠡᠳᠦᠯᠲᠡᠶ ᠲᠤᠰᠢᠶᠠᠨ᠎ᠠ᠃ ᠬᠤᠭᠤᠴᠠᠭ᠎ᠠ ᠬᠡᠲᠦᠷᠡᠭᠦᠯᠦᠨ ᠲᠤᠰᠢᠶᠠᠭᠰᠠᠨ ᠰᠦᠯᠵᠢᠶᠡᠨ ᠳᠡᠭᠡᠷ᠎ᠡ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠤᠨ ᠱᠠᠩᠨᠠᠯ ᠨᠥᠬᠦᠪᠥᠷᠢ ᠶᠢᠨ ᠭᠤᠶᠤᠴᠢᠯᠠᠯ ᠢ ᠳᠠᠷᠠᠭ᠎ᠠ ᠰᠠᠷ᠎ᠠ ᠬᠦᠷᠲᠡᠯ᠎ᠡ ᠤᠷᠲᠤᠳᠬᠠᠨ᠎ᠠ᠃        ︵ᠬᠤᠶᠠᠷ︶ ᠬᠢᠨᠠᠨ ᠬᠠᠷᠭᠤᠭᠤᠯᠬᠤ᠃ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ ᠳᠡᠭᠡᠭᠰᠢ ᠮᠡᠳᠡᠭᠦᠯᠦᠭᠰᠡᠨ ᠰᠦᠯᠵᠢᠶᠡᠨ ᠤ ᠪᠠᠷᠠᠭ᠎ᠠ ᠶᠢᠨ ᠲᠡᠭᠡᠭᠡᠪᠦᠷᠢ ᠶᠢᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠬᠠᠷᠭᠤᠭᠤᠯᠵᠤ᠂ ᠱᠠᠩᠨᠠᠯ ᠤᠨ ᠬᠢᠷᠢ ᠬᠡᠮ ᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠭᠠᠷᠭᠠᠬᠤ ᠶᠢᠨ ᠬᠠᠮᠲᠤ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ᠮᠡᠳᠡᠭᠦᠯᠦᠨ᠎ᠡ᠃        ︵ᠭᠤᠷᠪᠠ︶ ᠪᠦᠷᠢᠳᠬᠡᠬᠦ᠃ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠰᠦᠯᠵᠢᠶᠡᠨ ᠳᠡᠭᠡᠷ᠎ᠡ ᠪᠠᠷᠠᠭ᠎ᠠ ᠲᠡᠭᠡᠭᠡᠪᠦᠷᠢᠯᠡᠬᠦ ᠪᠠᠷ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠤᠨ ᠳᠡᠭᠡᠷ᠎ᠡ ᠨᠢᠭᠡ ᠱᠠᠩᠨᠠᠯ ᠤᠨ ᠦᠶᠡᠯᠡᠯ ᠤᠨ ᠬᠤᠭᠤᠴᠠᠭᠠᠨ ᠳᠤ ᠲᠤᠰᠢᠶᠠᠬᠤ ᠭᠠᠶᠢᠯᠢ ᠰᠦᠶᠳᠬᠡᠯ ᠤᠨ ᠵᠣᠭᠤᠰ ᠤᠨ ᠲᠤᠭ᠎ᠠ ᠶᠢ ᠨᠤᠲᠠᠯᠠᠬᠤ ᠶᠢᠨ ᠬᠠᠮᠲᠤ ᠭᠠᠶᠢᠯᠢ ᠶᠢᠨ ᠶᠠᠪᠤᠳᠠᠯ ᠲᠤᠰᠢᠶᠠᠬᠤ ᠰᠠᠨᠠᠯ ᠭᠠᠷᠭᠠᠵᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ᠎ᠡ᠃       ︵ᠲᠦᠷᠪᠡ︶ ᠪᠠᠭᠤᠯᠭᠠᠨ ᠥᠭᠬᠦ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠱᠠᠩᠨᠠᠬᠤ ᠪᠠᠷᠢᠮᠵᠢᠶ᠎ᠠ ᠳᠤ ᠬᠦᠷᠦᠭᠰᠡᠨ ᠰᠦᠯᠵᠢᠶᠡᠨ ᠳᠡᠭᠡᠷ᠎ᠡ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠢ ᠲᠤᠰ ᠠᠷᠭ᠎ᠠ ᠬᠡᠮᠵᠢᠶ᠎ᠡ ᠳᠤ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠱᠠᠩᠨᠠᠨ᠎ᠠ᠃      ᠳᠦᠷᠪᠡ᠂ ᠪᠤᠰᠤᠳ ᠵᠦᠢᠯ       ︵ᠨᠢᠭᠡ︶ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠪᠠ ᠡᠵᠡᠩᠨᠡᠯᠲᠡ ᠶᠢᠨ ᠦᠶᠯᠡᠴᠢᠯᠡᠭᠡᠨ ᠤ ᠺᠣᠮᠫᠠᠨᠢ ᠨᠢ ᠬᠠᠤᠯᠢ ᠲᠣᠭᠲᠠᠭᠠᠯ ᠶᠣᠰᠣᠭᠠᠷ ᠬᠥᠬᠡᠬᠤᠲᠠ ᠳᠤ ᠣᠷᠤᠵᠤ ᠰᠠᠭᠤᠭᠰᠠᠨ ᠤ ᠳᠠᠷᠠᠭ᠎ᠠ᠂ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠤᠨ᠎ᠠ᠃        ︵ᠬᠤᠶᠠᠷ︶ ᠲᠣᠰ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠵᠦ᠂ ᠬᠦᠴᠦᠨ  ᠲᠠᠢ ᠬᠤᠭᠤᠴᠠᠭ᠎ᠠ ᠨᠢ 5 ᠵᠢᠯ ᠪᠣᠯᠤᠨ᠎ᠠ᠃ ᠲᠣᠰ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠤᠭᠤᠴᠠᠭᠠᠨ ᠳᠤ᠂ ᠬᠡᠷᠪᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠲᠣᠬᠢᠶᠠᠯᠳᠤᠪᠠᠯ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠪᠠᠷ ᠪᠠᠷᠢᠮᠵᠢᠶ᠎ᠠ ᠪᠣᠯᠭᠠᠨ᠎ᠠ᠃ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ