ᠬᠥᠬᠡᠬᠤᠲᠠ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/4/29
            ᠬᠥᠬᠡᠬᠤᠲᠠ ᠵᠠᠰᠠᠭ ᠲᠠᠷᠬᠠᠭᠠᠭᠰᠠᠨ ﹇2020﹈ 33 ᠳ᠋ᠤᠭᠠᠷ ᠲᠣᠭᠠᠲᠤ            2020 ᠤᠨ ᠤ 12 ᠳ᠋ᠤᠭᠠᠷ ᠰᠠᠷ᠎ᠠ ᠶᠢᠨ 31 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠣᠪᠴᠢᠶ᠎ᠠ ᠳᠤ᠄       ︽ᠬᠥᠬᠡᠬᠤᠲᠠ ᠶᠢᠨ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂  ᠨᠠᠷᠢᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃           ᠬᠥᠬᠡᠬᠤᠲᠠ ᠶᠢᠨ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠦᠯ       ᠠᠭᠤᠷᠬᠠᠶ ᠶᠢᠨ ᠠᠵᠤ ᠠᠬᠤᠶᠢᠯᠠᠯ ᠤᠨ ᠶᠡᠷᠦᠩᠬᠡᠶᠢᠯᠡᠨ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠷᠢ ᠲᠥᠪᠰᠢᠨ ᠢ ᠳᠡᠭᠡᠭᠰᠢᠯᠡᠭᠦᠯᠦᠨ᠂ ᠠᠭᠤᠷᠬᠠᠶ ᠶᠢᠨ ᠪᠠᠶᠢᠭᠠᠯᠢ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠮᠠᠨ ᠤ ᠬᠤᠲᠠ ᠶᠢᠨ ᠠᠭᠤᠷᠬᠠᠶ ᠶᠢᠨ ᠦᠢᠯᠡᠰ ᠤᠨ ᠠᠵᠤ ᠠᠬᠤᠶ ᠬᠢᠭᠡᠳ ᠠᠮᠢ ᠠᠬᠤᠶ ᠶᠢᠨ ᠣᠷᠴᠢᠨ ᠲᠣᠭᠤᠷᠢᠨ ᠤ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ︽ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2020﹈ 18 ᠳ᠋ᠤᠭᠠᠷ ᠲᠤᠭᠠᠲᠤ︶ ᠢ  ᠦᠨᠳᠦᠰᠦᠯᠡᠨ᠂ ᠲᠤᠰ ᠲᠦᠰᠦᠯ ᠢ ᠲᠣᠭᠲᠠᠭᠠᠪᠠ᠃        ᠨᠢᠭᠡ᠂ ᠴᠢᠬᠤᠯᠠ ᠠᠴᠢ ᠬᠤᠯᠪᠣᠭᠳᠠᠯ       ᠬᠥᠬᠡᠬᠤᠲᠠ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠬᠢᠭᠡᠳ ᠨᠡᠭᠡᠭᠡᠨ ᠠᠰᠢᠭᠯᠠᠭᠰᠠᠨ ᠡᠬᠢᠯᠡᠯᠲᠡ ᠨᠢ ᠨᠡᠯᠢᠶᠡᠳ ᠡᠷᠲᠡ ᠪᠠᠶᠢᠵᠤ᠂ ᠣᠳᠣ ᠨᠢᠭᠡᠨᠲᠡ ᠬᠠᠷ᠎ᠠ ᠲᠡᠮᠦᠷᠯᠢᠭ᠂ ᠦᠨᠡᠲᠦ ᠲᠡᠮᠦᠷᠯᠢᠭ ᠵᠡᠷᠭᠡ ᠣᠯᠠᠨ ᠵᠦᠢᠯ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠢᠯᠡᠷᠡᠭᠦᠯᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠥᠨᠳᠥᠷ ᠦᠷ᠎ᠡ ᠪᠦᠲᠦᠮᠵᠢᠲᠡᠶ ᠵᠦᠢ ᠵᠣᠬᠢᠰᠲᠠᠢ ᠨᠡᠭᠡᠭᠡᠨ ᠠᠰᠢᠭᠯᠠᠬᠤ ᠨᠢ ᠲᠥᠪ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠪᠦᠬᠦ ᠬᠤᠲᠠ ᠶᠢᠨ ᠠᠭᠤᠷᠬᠠᠶ ᠶᠢᠨ ᠦᠢᠯᠡᠰ ᠤᠨ ᠠᠵᠤ ᠠᠬᠤᠶ ᠲᠦᠷᠭᠡᠨ ᠬᠥᠭᠵᠢᠬᠦ ᠶᠢᠨ ᠵᠡᠷᠭᠡᠪᠡᠷ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ ᠳᠤ ᠮᠥᠨ ᠬᠦ ᠵᠠᠷᠢᠮ ᠠᠰᠠᠭᠤᠳᠠᠯ ᠣᠷᠣᠰᠢᠵᠤ᠂ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠪᠠ ᠠᠭᠤᠷᠬᠠᠶ ᠶᠢᠨ ᠦᠢᠯᠡᠰ ᠤᠨ ᠦᠷᠭᠦᠯᠵᠢᠯᠡᠨ ᠬᠥᠭᠵᠢᠬᠦ ᠶᠢ ᠨᠥᠯᠥᠭᠡᠯᠡᠵᠦ ᠪᠣᠢ᠂ ᠪᠣᠬᠢᠷᠲᠤᠯ ᠦᠭᠡᠶ ᠠᠭᠤᠷᠬᠠᠶ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠨᠢ ᠠᠭᠤᠷᠬᠠᠶ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠶᠢᠨ ᠵᠠᠶᠢᠯᠠᠰᠢ ᠦᠭᠡᠶ ᠱᠠᠭᠠᠷᠳᠠᠯᠭ᠎ᠠ ᠪᠣᠯᠬᠤ ᠪᠥᠭᠡᠳ ᠪᠠᠰᠠ ᠴᠤ ᠮᠠᠨ ᠤ ᠬᠤᠲᠠ ᠶᠢᠨ ᠠᠭᠤᠷᠬᠠᠶ ᠶᠢᠨ ᠦᠢᠯᠡᠰ ᠤᠨ ᠬᠦᠷᠢᠶᠡᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ᠃      ᠬᠤᠶᠠᠷ᠂ ᠵᠢᠯᠣᠭᠤᠳᠬᠤ ᠦᠵᠡᠯ ᠰᠠᠨᠠᠭ᠎ᠠ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠬᠤ ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠵᠤᠬᠢᠴᠠᠭᠤᠯᠤᠨ ᠠᠬᠢᠭᠤᠯᠬᠤ ᠱᠠᠭᠠᠷᠳᠠᠯᠭ᠎ᠠ ᠶᠣᠰᠣᠭᠠᠷ᠂ ᠠᠭᠤᠷᠬᠠᠶ ᠶᠢᠨ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠪᠠ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠪᠠᠷ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠠᠭᠤᠷᠬᠠᠶ ᠶᠢᠨ ᠤᠷᠤᠨ ᠪᠠ ᠤᠷᠤᠨ ᠨᠤᠲᠤᠭ ᠤᠨ ᠡᠶ᠎ᠡ ᠵᠣᠬᠢᠴᠠᠯ ᠢ ᠠᠬᠢᠭᠤᠯᠬᠤ ᠪᠠᠷ ᠬᠠᠷᠠᠯᠲᠠ ᠪᠣᠯᠭᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤ ᠪᠣᠶ ᠪᠣᠯᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠭᠤᠷᠬᠠᠶ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠪᠠᠷ ᠳᠠᠮᠵᠢᠭᠤᠯᠤᠨ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠠᠬᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠶᠡᠷᠦᠩᠬᠡᠶᠢᠯᠡᠨ ᠠᠰᠢᠭᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠴᠢᠷᠮᠠᠶᠢᠨ ᠪᠠᠶᠢᠭᠤᠯᠵᠤ᠂ ᠪᠥᠬᠦ ᠬᠤᠲᠠ ᠶᠢᠨ ᠠᠮᠢ ᠠᠬᠤᠶ ᠶᠢᠨ ᠪᠤᠯᠪᠠᠰᠤᠨ ᠤ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃      ᠭᠤᠷᠪᠠ᠂ ᠶᠡᠷᠦᠩᠬᠡᠶ ᠬᠠᠷᠠᠯᠲᠠ       ᠵᠠᠰᠠᠭ ᠤᠨ ᠣᠷᠳᠣᠨ ᠠᠴᠠ ᠭᠤᠤᠯᠯᠠᠨ ᠤᠳᠤᠷᠢᠳᠴᠤ᠂ ᠰᠠᠯᠠᠭ᠎ᠠ ᠮᠥᠴᠢᠷ ᠤᠳ ᠬᠠᠮᠵᠢᠯᠴᠠᠭᠰᠠᠨ᠂ ᠭᠤᠷᠪᠠᠨ ᠱᠠᠲᠤ ᠪᠠᠷ ᠬᠤᠯᠪᠣᠭᠠᠯᠠᠨ ᠪᠠᠶᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ᠎ᠠ︔ ᠤᠯᠤᠰ ᠤᠨ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠶᠢᠨ ᠰᠢᠰᠲ᠋ᠧᠮᠵᠢ ᠶᠢᠨ ᠲᠦᠷᠢᠮ ᠪᠠ ᠠᠮᠢ ᠠᠬᠤᠶ ᠬᠡᠪᠡᠷᠡᠭ ᠣᠷᠣᠨ ᠤ ᠠᠮᠢ ᠠᠬᠤᠶ ᠶᠢᠨ ᠬᠠᠮᠠᠭᠠᠯᠠᠯᠲᠠ ᠬᠢᠭᠡᠳ ᠪᠥᠲᠥᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠨᠠᠶᠢᠳᠠᠪᠤᠷᠢᠵᠢᠭᠤᠯᠤᠨ᠎ᠠ︔ ᠲᠥᠷᠥ ᠶᠢᠨ ᠪᠣᠳᠣᠯᠭ᠎ᠠ ᠶᠢᠨ ᠲᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃       ︵ᠨᠢᠭᠡ︶ ᠰᠢᠨ᠎ᠡ ᠪᠠᠷ ᠪᠠᠶᠢᠭᠤᠯᠵᠤ ᠪᠠᠶᠢᠭ᠎ᠠ ᠠᠭᠤᠷᠬᠠᠶ ᠶᠢ ᠪᠦᠬᠦᠨ ᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠭᠡᠨ᠎ᠡ︔ ᠦᠢᠯᠡᠳᠪᠦᠷᠢᠯᠡᠵᠦ ᠪᠠᠶᠢᠭ᠎ᠠ ᠠᠭᠤᠷᠬᠠᠶ ᠶᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠲᠦᠷᠭᠡᠳᠬᠡᠨ ᠥᠭᠡᠷᠡᠴᠢᠯᠡᠵᠦ ᠲᠠᠰ ᠳᠡᠪᠰᠢᠭᠦᠯᠦᠨ᠂ ᠬᠤᠭᠤᠴᠠᠭ᠎ᠠ ᠲᠣᠭᠲᠠᠭᠠᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠭᠡᠨ᠎ᠡ︔ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠪᠠᠷ ᠢᠳᠡᠪᠬᠢᠲᠡᠶ ᠴᠢᠷᠮᠠᠶᠢᠵᠤ᠂ ᠨᠢᠭᠡ ᠪᠦᠯᠦᠭ ᠪᠣᠬᠢᠷᠲᠤᠯ ᠥᠬᠡᠶ ᠬᠠᠶᠢᠨ ᠪᠠᠶᠢᠴᠠᠭᠠᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠡᠬᠢᠯᠡᠨ ᠡᠭᠦᠳᠦᠨ ᠪᠠᠶᠢᠭᠤᠯᠤᠨ᠎ᠠ᠃      ︵ᠬᠤᠶᠠᠷ︶ 2020 ᠣᠨ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢ 24 ᠪᠠᠶᠢᠭᠤᠯᠵᠤ᠂ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠂ ᠡᠯ᠎ᠡ ᠲᠥᠷᠥᠯ ᠤᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠤᠯᠤᠰ ᠤᠨ ᠪᠠᠷᠢᠮᠵᠢᠶ᠎ᠠ ᠳᠤ ᠬᠦᠷᠭᠡᠵᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠪᠣᠬᠢᠷᠲᠤᠯ ᠥᠬᠡᠶ ᠠᠭᠤᠷᠬᠠᠶ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃ 2023 ᠣᠨ ᠤ ᠰᠡᠭᠦᠯᠴᠢ ᠠᠴᠠ ᠡᠮᠦᠨ᠎ᠡ᠂ ᠪᠥᠬᠦ ᠬᠤᠲᠠ ᠶᠢᠨ ᠠᠭᠤᠷᠬᠠᠶ ᠶᠢ ᠶᠡᠷᠦᠩᠬᠡᠶ ᠳᠡᠭᠡᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠦᠨᠳᠦᠰᠦᠨ ᠨᠥᠬᠦᠴᠡᠯ ᠳᠤ ᠬᠦᠷᠭᠡᠵᠦ᠂ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠭᠯᠠᠬᠤ ᠬᠢᠷᠢ ᠲᠥᠪᠰᠢᠨ ᠢ ᠢᠯᠡᠳᠲᠡ ᠳᠡᠭᠡᠭᠰᠢᠯᠡᠭᠦᠯᠦᠨ᠂ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠪᠦᠲᠦᠮᠵᠢᠲᠡᠶ ᠬᠠᠮᠠᠭᠠᠯᠠᠵᠤ᠂ ᠠᠭᠤᠷᠬᠠᠶ ᠶᠢᠨ ᠣᠷᠣᠨ ᠤ ᠭᠠᠵᠠᠷ ᠰᠢᠷᠣᠶ ᠶᠢ ᠥᠩᠰᠢᠭᠦᠯᠦᠨ ᠰᠡᠷᠭᠦᠭᠡᠬᠦ ᠲᠥᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠭᠤᠷᠬᠠᠶ ᠶᠢᠨ ᠦᠢᠯᠡᠰ ᠢ ᠪᠣᠬᠢᠷᠲᠤᠯ ᠥᠬᠡᠶ ᠦᠷᠭᠦᠯᠵᠢᠯᠡᠨ ᠬᠥᠭᠵᠢᠬᠦ ᠰᠠᠶᠢᠨ ᠣᠷᠴᠢᠯ ᠤᠨ ᠵᠠᠮ ᠳᠤ ᠣᠷᠣᠭᠤᠯᠵᠤ᠂ ᠠᠷᠪᠢᠲᠠᠶ ᠪᠥᠭᠡᠳ ᠥᠨᠳᠥᠷ ᠪᠦᠲᠦᠮᠵᠢᠲᠡᠶ᠂ ᠣᠷᠴᠢᠨ ᠲᠣᠭᠤᠷᠢᠨ ᠨᠢ ᠦᠵᠡᠰᠬᠦᠯᠡᠩᠲᠦ ᠰᠠᠶᠢᠬᠠᠨ᠂ ᠠᠭᠤᠷᠬᠠᠶ ᠶᠢᠨ ᠤᠷᠤᠨ ᠪᠠ ᠤᠷᠤᠨ ᠨᠤᠲᠤᠭ ᠡᠶ᠎ᠡ ᠵᠣᠬᠢᠴᠠᠯ ᠲᠠᠢ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ ᠦᠨᠳᠦᠰᠦᠨ ᠳᠡᠭᠡᠨ ᠪᠠᠶᠢᠭᠤᠯᠤᠨ᠎ᠠ᠃ 2025 ᠣᠨ ᠤ ᠰᠡᠭᠦᠯᠴᠢ ᠠᠴᠠ ᠡᠮᠦᠨ᠎ᠡ᠂ ᠪᠥᠬᠦ ᠠᠭᠤᠷᠬᠠᠶ ᠶᠢ ᠤᠯᠤᠰ ᠤᠨ ᠪᠤᠶᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠭᠡᠵᠦ᠂ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠳᠤ ᠨᠡᠶᠢᠴᠡᠬᠦ ᠥᠬᠡᠶ ᠠᠭᠤᠷᠬᠠᠶ ᠶᠢᠨ ᠠᠵᠤ ᠠᠬᠤᠶᠢᠯᠠᠯ ᠢ ᠬᠠᠤᠯᠢ ᠶᠣᠰᠣᠭᠠᠷ ᠠᠯᠬᠤᠮ ᠠᠯᠬᠤᠮ ᠢᠶᠠᠷ ᠵᠠᠬ᠎ᠠ ᠳᠡᠯᠭᠡᠭᠦᠷ ᠠᠴᠠ ᠭᠠᠷᠭᠠᠨ᠎ᠠ᠃      ᠲᠥᠷᠪᠡ᠂ ᠪᠥᠳᠥᠭᠡᠨ ᠪᠠᠶᠢᠭᠤᠯᠬᠤ ᠡᠭᠦᠷᠭᠡ       ︵ᠨᠢᠭᠡ︶ ᠵᠢᠱᠢᠶ᠎ᠡ ᠦᠵᠡᠭᠦᠯᠦᠨ ᠳᠠᠶᠢᠴᠢᠯᠠᠵᠤ᠂ ᠪᠣᠬᠢᠷᠲᠤᠯ ᠥᠬᠡᠶ ᠠᠭᠤᠷᠬᠠᠶ ᠶᠢᠨ ᠰᠢᠨ᠎ᠡ ᠪᠠᠶᠢᠷᠢᠰᠢᠯ ᠢ ᠪᠣᠶ ᠪᠣᠯᠭᠠᠨ᠎ᠠ       ᠬᠤᠷᠢᠨᠭᠡᠷ ᠰᠢᠶᠠᠨ᠂ ᠴᠢᠩ ᠱᠦᠢ ᠾᠧ ᠰᠢᠶᠠᠨ ᠳᠤ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠵᠤ᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠬᠡᠪ ᠵᠠᠭᠪᠤᠷ᠂ ᠰᠢᠨ᠎ᠡ ᠲᠣᠭᠲᠠᠴᠠ ᠶᠢ ᠪᠦᠷᠢᠯᠳᠦᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ︽ᠪᠣᠬᠢᠷᠲᠤᠯ ᠥᠬᠡᠶ ᠠᠭᠤᠷᠬᠠᠶ ᠶᠢ ᠦᠨᠡᠯᠡᠬᠦ ᠭᠦᠢᠴᠡᠳᠭᠡᠯ ᠲᠤᠭ᠎ᠠ︾ ᠪᠠ ︽ᠪᠣᠬᠢᠷᠲᠤᠯ ᠥᠬᠡᠶ ᠠᠭᠤᠷᠬᠠᠶ ᠳᠤ ᠭᠤᠷᠪᠠᠳᠠᠬᠢ ᠡᠲᠡᠭᠡᠳ ᠢ ᠰᠢᠯᠢᠨ ᠰᠣᠩᠭᠤᠵᠤ ᠦᠨᠡᠯᠡᠨ ᠵᠢᠱᠢᠬᠦ ᠠᠵᠢᠯ ᠤᠨ ᠱᠠᠭᠠᠷᠳᠠᠯᠭ᠎ᠠ︾ ᠶᠣᠰᠣᠭᠠᠷ᠂ ᠲᠣᠮᠣ ᠳᠤᠮᠳᠠ ᠬᠡᠯᠪᠡᠷᠢ ᠶᠢᠨ ᠠᠭᠤᠷᠬᠠᠶ ᠶᠢᠨ ᠠᠵᠤ ᠠᠬᠤᠶᠢᠯᠠᠯ ᠢ ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠬᠦᠷᠭᠡᠵᠦ᠂ ᠪᠤᠰᠤᠳ ᠵᠢᠵᠢᠭ ᠬᠡᠯᠪᠡᠷᠢ ᠶᠢᠨ ᠠᠭᠤᠷᠬᠠᠶ ᠪᠠ ᠵᠢᠵᠢᠭ ᠠᠭᠤᠷᠬᠠᠶ ᠶᠢᠨ ᠠᠵᠤ ᠠᠬᠤᠶᠢᠯᠠᠯ ᠢ ᠪᠣᠬᠢᠷᠲᠤᠯ ᠥᠬᠡᠶ ᠠᠭᠤᠷᠬᠠᠶ ᠶᠢᠨ ᠨᠥᠬᠦᠴᠡᠯ ᠶᠣᠰᠣᠭᠠᠷ ᠴᠢᠩᠭ᠎ᠠ ᠵᠢᠷᠤᠮᠵᠢᠭᠤᠯᠤᠨ ᠬᠠᠮᠢᠶᠠᠷᠤᠨ᠎ᠠ᠃ ︵ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ︶      ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠦᠨ ᠳᠠᠭᠠᠭᠤᠯᠵᠤ᠂ ᠥᠨᠳᠥᠷ ᠪᠦᠲᠦᠮᠵᠢᠲᠡᠶ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠤᠨ᠎ᠠ       ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠨ᠂ ᠠᠭᠤᠷᠬᠠᠶ ᠶᠢᠨ ᠦᠢᠯᠡᠰ ᠤᠨ ᠬᠦᠷᠢᠶᠡᠨ ᠤ ᠲᠥᠪᠯᠡᠷᠡᠯ ᠤᠨ ᠬᠡᠮᠵᠢᠶ᠎ᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠥᠪᠰᠢᠨ ᠢ ᠳᠡᠭᠡᠭᠰᠢᠯᠡᠭᠦᠯᠵᠦ᠂ ᠠᠭᠤᠷᠬᠠᠶ ᠶᠢᠨ ᠠᠵᠤ ᠠᠬᠤᠶᠢᠯᠠᠯ ᠢ ᠲᠠᠰᠤᠷᠠᠯᠲᠠ ᠥᠬᠡᠶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠦᠯᠦᠨ᠂ ᠮᠠᠯᠲᠠᠬᠤ᠂ ᠰᠢᠯᠢᠬᠦ᠂ ᠬᠠᠶᠢᠯᠤᠭᠤᠯᠬᠤ᠂ ᠪᠣᠯᠪᠠᠰᠤᠷᠠᠭᠤᠯᠬᠤ ᠵᠡᠷᠭᠡ ᠲᠠᠯ᠎ᠠ ᠶᠢᠨ ᠲᠡᠷᠢᠭᠦᠨ ᠤ ᠮᠡᠷᠭᠡᠵᠢᠯ ᠢ ᠨᠡᠭᠡᠭᠡᠨ ᠬᠥᠭᠵᠢᠭᠦᠯᠬᠦ ᠪᠠ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠠᠭᠤᠷᠬᠠᠶ ᠶᠢᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠵᠤ᠂ ᠠᠭᠤᠷᠬᠠᠶ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ ᠠᠩᠬᠠᠨ ᠤ ᠱᠠᠲᠤᠨ ᠤ ᠠᠭᠤᠷᠬᠠᠶ ᠶᠢᠨ ᠪᠦᠳᠦᠭᠡᠭᠳᠡᠭᠦᠨ ᠢ ᠨᠠᠷᠢᠯᠢᠭ ᠪᠣᠯᠪᠠᠰᠤᠷᠠᠭᠤᠯᠬᠤ ᠠᠷᠭ᠎ᠠ ᠰᠦᠪᠡᠭᠴᠢᠯᠡᠨ᠂ ᠠᠭᠤᠷᠬᠠᠶ ᠶᠢᠨ ᠪᠦᠳᠦᠭᠡᠭᠳᠡᠭᠦᠨ ᠤ ᠨᠡᠮᠡᠯᠲᠡ ᠥᠷᠲᠡᠭ ᠢ ᠨᠡᠮᠡᠭᠳᠡᠭᠦᠯᠵᠦ᠂ ᠠᠭᠤᠷᠬᠠᠶ ᠶᠢᠨ ᠠᠵᠤ ᠠᠬᠤᠶᠢᠯᠠᠯ ᠢ ᠲᠠᠰᠤᠷᠠᠯᠲᠠ ᠥᠬᠡᠶ ᠪᠤᠵᠠᠭᠠᠶᠢᠷᠠᠭᠤᠯᠤᠨ᠂ ᠬᠦᠴᠦᠷᠬᠡᠭᠵᠢᠭᠦᠯᠦᠨ᠂ ᠰᠢᠯᠢᠳᠡᠭᠵᠢᠭᠦᠯᠦᠨ᠂ ᠪᠣᠬᠢᠷᠲᠤᠯ ᠥᠬᠡᠶ ᠠᠭᠤᠷᠬᠠᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ︶       ︵ᠭᠤᠷᠪᠠ︶ ᠰᠢᠨ᠎ᠡ ᠪᠠᠷ ᠠᠭᠤᠷᠬᠠᠶ ᠪᠠᠶᠢᠭᠤᠯᠬᠤ ᠳᠤ ᠵᠥᠪᠰᠢᠶᠡᠷᠡᠨ ᠤᠷᠤᠭᠤᠯᠬᠤ ᠪᠠᠷᠢᠮᠵᠢᠶ᠎ᠠ ᠶᠢ ᠴᠢᠩᠳᠠᠯᠠᠨ᠎ᠠ       ᠰᠢᠨ᠎ᠡ ᠪᠠᠷ ᠪᠠᠶᠢᠭᠤᠯᠬᠤ ᠠᠭᠤᠷᠬᠠᠶ ᠳᠤ ᠪᠣᠬᠢᠷᠲᠤᠯ ᠦᠭᠡᠶ ᠠᠭᠤᠷᠬᠠᠶ ᠶᠢᠨ ᠪᠠᠷᠢᠮᠵᠢᠶ᠎ᠠ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠯᠤᠰ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠭᠤᠷᠬᠠᠶ ᠶᠢᠨ ᠬᠦᠷᠦᠰᠦ ᠳᠠᠪᠬᠤᠷᠭ᠎ᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠭᠠᠵᠠᠷ ᠰᠢᠷᠣᠶ ᠶᠢ ᠥᠩᠰᠢᠭᠦᠯᠦᠨ ᠰᠡᠷᠭᠦᠭᠡᠬᠦ ᠲᠥᠰᠦᠯ ᠢ ᠨᠡᠶᠢᠳᠬᠡᠬᠦ ᠶᠢᠨ ᠬᠠᠮᠲᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠨᠡᠶᠢᠳᠬᠡᠭᠰᠡᠨ ᠤ ᠳᠠᠷᠠᠭᠠᠬᠢ ᠲᠥᠰᠦᠯ ᠳᠤ ᠣᠷᠣᠭᠤᠯᠤᠨ᠂ ᠨᠢᠭᠡᠳᠦᠯᠲᠡᠶ ᠨᠠᠶᠢᠷᠠᠭᠤᠯᠤᠨ ᠵᠣᠬᠢᠶᠠᠵᠤ᠂ ᠨᠢᠭᠡᠳᠦᠯᠲᠡᠶ ᠬᠢᠨᠠᠨ ᠪᠠᠶᠢᠴᠠᠭᠠᠵᠤ᠂ ᠨᠢᠭᠡᠳᠦᠯᠲᠡᠶ ᠬᠡᠷᠡᠭᠵᠢᠬᠦᠯᠦᠨ᠎ᠡ︔ ᠣᠷᠴᠢᠨ ᠲᠣᠭᠤᠷᠢᠨ ᠢ ᠡᠪᠳᠡᠬᠦ ᠨᠢ ᠨᠡᠯᠢᠶᠡᠳ ᠪᠠᠭ᠎ᠠ ᠨᠡᠭᠡᠭᠡᠨ ᠮᠠᠯᠲᠠᠬᠤ ᠠᠷᠭ᠎ᠠ ᠮᠠᠶ᠋ᠢᠭ᠂ ᠠᠭᠤᠷᠬᠠᠶ ᠮᠠᠯᠲᠠᠬᠤ ᠮᠡᠷᠭᠡᠵᠢᠯ ᠪᠠ ᠬᠦᠳᠡᠷ ᠰᠢᠯᠢᠬᠦ ᠠᠷᠭ᠎ᠠ ᠶᠢ ᠰᠣᠩᠭᠤᠵᠤ᠂ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠶ᠃ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠠᠤᠯᠢ ᠶᠣᠰᠣᠭᠠᠷ ᠬᠢᠨᠠᠨ ᠵᠥᠪᠰᠢᠶᠡᠷᠡᠵᠦ᠂ ᠠᠵᠤ ᠠᠬᠤᠶᠢᠯᠠᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠳᠤ  ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠠᠭᠤᠷᠬᠠᠶ ᠶᠢᠨ ︽ᠭᠤᠷᠪᠠᠨ ᠬᠠᠶᠠᠭᠳᠠᠮᠠᠯ︾ ᠢ ᠪᠦᠲᠦᠮᠵᠢᠲᠡᠶ ᠰᠢᠢᠳᠪᠦᠷᠢᠯᠡᠵᠦ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠷᠢᠮᠵᠢᠶ᠎ᠠ ᠳᠤ ᠬᠦᠷᠭᠡᠬᠦ ᠬᠡᠷᠡᠭᠲᠡᠢ᠃ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠶ ᠃ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠰᠢᠨ᠎ᠡ ᠪᠠᠷ ᠪᠠᠶᠢᠭᠤᠯᠬᠤ ᠠᠭᠤᠷᠬᠠᠶ ᠶᠢᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠵᠦ ᠪᠠᠶᠢᠬᠤ ᠡᠰᠡᠬᠦ ᠶᠢ ᠨᠢ ᠴᠢᠩᠭ᠎ᠠ ᠡᠵᠡᠮᠳᠡᠵᠦ᠂ ᠨᠤᠲᠤᠭ ᠪᠡᠯᠴᠢᠭᠡᠷ ᠢ ᠡᠵᠡᠯᠡᠨ ᠬᠡᠷᠡᠭᠯᠡᠵᠦ ᠪᠠᠶᠢᠬᠤ ᠡᠰᠡᠭᠦ ᠶᠢ ᠨᠢ ᠬᠢᠨᠠᠨ ᠬᠠᠷᠭᠤᠭᠤᠯᠬᠤ ᠳᠠᠭᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠶᠤᠯᠭᠦᠢ ᠶᠢᠨ ᠪᠡᠯᠡᠳᠬᠡᠮᠵᠢ ᠶᠢᠨ ᠵᠢᠷᠤᠭ ᠲᠥᠯᠥᠪᠯᠡᠭᠡ ᠶᠢ ᠴᠢᠩᠭ᠎ᠠ ᠬᠢᠨᠠᠨ ᠪᠠᠶᠢᠴᠠᠭᠠᠵᠤ᠂ ᠠᠵᠤ ᠠᠬᠤᠶᠢᠯᠠᠯ ᠤᠨ ᠠᠶᠤᠯᠭᠦᠢ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠠᠭᠤᠷᠬᠠᠢ ᠶᠢᠨ ᠪᠣᠬᠢᠷᠲᠤᠯ ᠦᠭᠡᠢ ᠠᠶᠤᠯᠭᠦᠢ ᠦᠢᠯᠡᠳᠪᠦᠷᠢᠯᠡᠯ ᠢ ᠪᠠᠳᠤᠯᠠᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ︶       ︵ᠲᠥᠷᠪᠡ︶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠦᠢᠯᠡᠳᠪᠦᠷᠢᠯᠡᠵᠦ ᠪᠠᠶᠢᠭ᠎ᠠ ᠠᠭᠤᠷᠬᠠᠶ ᠶᠢ ᠪᠠᠷᠢᠮᠵᠢᠶ᠎ᠠ ᠳᠤ ᠬᠦᠷᠭᠡᠵᠦ ᠪᠦᠳᠦᠭᠡᠨ ᠪᠠᠶᠢᠭᠤᠯᠬᠤ ᠶᠢ ᠲᠥᠯᠬᠢᠨ ᠠᠬᠢᠭᠤᠯᠤᠨ᠎ᠠ      ᠡᠯ᠎ᠡ ᠬᠤᠰᠢᠭᠤ ᠰᠢᠶᠠᠨ ᠲᠣᠭᠤᠷᠢᠭ ᠠᠭᠤᠷᠬᠠᠶ ᠶᠢᠨ ᠣᠷᠴᠢᠨ ᠲᠣᠭᠤᠷᠢᠨ ᠤ ᠣᠳᠣᠬᠢ ᠪᠠᠶᠢᠳᠠᠯ ᠤᠨ ᠪᠠᠶᠢᠴᠠᠭᠠᠯᠲᠠ ᠶᠢ ᠦᠨᠳᠦᠰᠦᠯᠡᠨ ︽ᠬᠡᠨ ᠡᠪᠳᠡᠪᠡᠯ ᠬᠡᠨ ᠥᠩᠰᠢᠭᠦᠯᠦᠨ ᠰᠡᠷᠭᠦᠭᠡᠬᠦ︾ ᠵᠠᠷᠴᠢᠮ ᠶᠣᠰᠣᠭᠠᠷ᠂ ᠠᠭᠤᠷᠬᠠᠶ ᠶᠢᠨ ᠣᠷᠴᠢᠨ ᠲᠣᠭᠤᠷᠢᠨ ᠤ ᠵᠠᠰᠠᠯᠲᠠ ᠪᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠶᠢ ᠨᠠᠶᠢᠳᠠᠪᠤᠷᠢᠵᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠦᠷᠭᠡᠯᠡᠨ ᠨᠠᠶᠢᠷᠠᠭᠤᠯᠤᠨ ᠵᠣᠬᠢᠶᠠᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠣᠨ ᠤ ᠠᠬᠢᠭᠤᠯᠬᠤ ᠲᠥᠯᠥᠪᠯᠡᠭᠡ ᠶᠢ ᠲᠣᠭᠲᠠᠭᠠᠵᠤ᠂ ᠦᠢᠯᠡᠳᠪᠦᠷᠢᠯᠡᠵᠦ ᠪᠠᠶᠢᠭ᠎ᠠ ᠠᠭᠤᠷᠬᠠᠶ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ︽ᠨᠡᠭᠡᠭᠡᠨ ᠮᠠᠯᠲᠠᠬᠤ ᠶᠢᠨ ᠳᠠᠭᠠᠤ ᠵᠠᠰᠠᠬᠤ︾ ᠬᠦᠴᠦᠯᠡᠴᠡ ᠶᠢ ᠴᠢᠩᠭᠠᠷᠠᠭᠤᠯᠤᠨ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠥᠰᠦᠯ ᠢ ᠲᠣᠭᠲᠠᠭᠠᠵᠤ᠂ ᠠᠮᠢ ᠠᠬᠤᠶ ᠶᠢᠨ ᠤᠯᠠᠭᠠᠨ ᠲᠤᠭ᠎ᠠ ᠦᠯᠡᠳᠡᠭᠡᠬᠦ ᠥᠬᠡᠶ ᠪᠠᠶᠢᠬᠤ ᠬᠡᠷᠡᠭᠲᠡᠢ᠃ ᠨᠡᠭᠡᠭᠡᠵᠦ ᠮᠠᠯᠳᠠᠭᠰᠠᠨ ᠢᠶᠠᠨ ᠳᠠᠬᠢᠨ ᠮᠠᠯᠲᠠᠬᠤ ᠨᠣᠷᠮ᠎ᠠ᠂ ᠬᠦᠳᠡᠷ ᠰᠢᠯᠢᠵᠦ ᠬᠤᠷᠢᠶᠠᠨ ᠠᠪᠬᠤ ᠨᠣᠷᠮ᠎ᠠ᠂ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠰᠤᠭᠤᠴᠢᠨ ᠪᠠᠶᠢᠴᠠᠭᠠᠬᠤ ᠪᠠ ᠬᠢᠨᠠᠨ ᠬᠠᠮᠢᠶᠠᠷᠬᠤ  ᠬᠦᠴᠦᠯᠡᠴᠡ ᠶᠢ ᠴᠢᠩᠭᠠᠷᠠᠭᠤᠯᠵᠤ᠂ ᠠᠵᠤ ᠠᠬᠤᠶᠢᠯᠠᠯ ᠢ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠠᠷᠢᠮᠵᠢᠶ᠎ᠠ ᠳᠤ ᠲᠦᠷᠭᠡᠬᠡᠨ ᠬᠦᠷᠭᠡᠬᠦ ᠶᠢ ᠰᠢᠮᠳᠠᠭᠤᠯᠤᠨ᠎ᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠵᠢᠴᠢ ᠪᠠᠷᠢᠮᠵᠢᠶ᠎ᠠ ᠶᠣᠰᠣᠭᠠᠷ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠤᠨ᠎ᠠ᠃ ︽ᠭᠤᠷᠪᠠᠨ ᠬᠠᠶᠠᠭᠳᠠᠮᠠᠯ︾ ᠤᠨ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠦᠳᠡᠷ ᠤᠨ ᠰᠢᠭᠠᠷᠤ ᠪᠣᠯᠤᠨ ᠬᠠᠶᠠᠭᠳᠠᠮᠠᠯ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠲᠡᠷᠢᠭᠦᠨ ᠤ ᠠᠭᠤᠷᠬᠠᠶ ᠮᠠᠯᠲᠠᠬᠤ ᠮᠡᠷᠭᠡᠵᠢᠯ ᠪᠠ ᠨᠡᠭᠡᠭᠡᠨ ᠮᠠᠯᠲᠠᠬᠤ ᠠᠷᠭ᠎ᠠ ᠮᠠᠶ᠋ᠢᠭ ᠢ ᠠᠰᠢᠭᠯᠠᠨ᠂ ᠠᠮᠢ ᠠᠬᠤᠶ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠪᠠᠭᠠᠰᠬᠠᠬᠤ ᠶᠢ ᠨᠢ ᠵᠣᠷᠢᠭᠵᠢᠭᠤᠯᠤᠨ᠎ᠠ ᠃ ᠠᠭᠤᠷᠬᠠᠢ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠳᠡᠭᠡᠨ ᠬᠠᠶᠠᠭᠳᠠᠮᠠᠯ ᠪᠣᠳᠠᠰ ᠰᠢᠷᠣᠢ ᠭᠠᠳᠠᠭᠰᠢᠯᠠᠭᠤᠯᠬᠤ ᠲᠠᠯᠠᠪᠠᠢ ᠪᠠ ᠲᠤᠭ᠎ᠠ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ 2020 ᠣᠨ ᠪᠣᠯᠲᠠᠯ᠎ᠠ᠂ ᠴᠢᠩ ᠱᠦᠶ ᠾᠧ ᠰᠢᠶᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢ 12 ᠢ ᠪᠡᠶᠡᠯᠡᠭᠦᠯᠵᠦ᠂ ᠦᠴᠤᠸᠠᠨ ᠰᠢᠶᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢ 4 ᠶᠢ ᠪᠡᠶᠡᠯᠡᠭᠦᠯᠵᠦ᠂ ᠬᠤᠷᠢᠨᠭᠡᠷ ᠰᠢᠶᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢ 8 ᠶᠢ ᠪᠡᠶᠡᠯᠡᠭᠦᠯᠵᠦ᠂ ᠠᠭᠤᠷᠬᠠᠶ ᠳᠤ ᠬᠤᠯᠪᠣᠭᠳᠠᠬᠤ ᠪᠤᠰᠤᠳ ᠬᠤᠰᠢᠭᠤ ᠰᠢᠶᠠᠨ ᠲᠣᠭᠤᠷᠢᠭ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢᠶᠠᠨ ᠦᠨᠳᠦᠰᠦᠯᠡᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ︶       ︵ᠲᠠᠪᠤ︶ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠠᠭᠤᠷᠬᠠᠶ ᠶᠢᠨ ᠤᠷᠤᠨ ᠪᠠ ᠤᠷᠤᠨ ᠨᠤᠲᠤᠭ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ      ᠣᠷᠣᠨ ᠨᠤᠲᠤᠭ ᠤᠨ ᠵᠠᠰᠠᠭ ᠤᠨ ᠣᠷᠳᠣᠨ᠂ ᠣᠯᠠᠨ ᠲᠦᠮᠡᠨ ᠤ ᠲᠥᠯᠥᠭᠡᠯᠡᠭᠴᠢ ᠬᠢᠭᠡᠳ ᠠᠵᠤ ᠠᠬᠤᠶᠢᠯᠠᠯ ᠤᠨ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠭᠤᠷᠬᠠᠶ ᠶᠢᠨ ᠤᠷᠤᠨ ᠪᠠ ᠤᠷᠤᠨ ᠨᠤᠲᠤᠭ ᠤᠨ ᠵᠥᠷᠢᠴᠡᠯ ᠢ ᠵᠢᠭᠰᠠᠭᠠᠨ ᠪᠠᠶᠢᠴᠠᠭᠠᠬᠤ ᠪᠠ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠬᠤ ᠪᠠᠶᠢᠭᠤᠯᠤᠮᠵᠢ ᠪᠠ ᠠᠵᠢᠯᠲᠠᠨ ᠢ ᠲᠤᠳᠤᠷᠬᠠᠢ ᠲᠤᠭᠲᠠᠭᠠᠨ᠂ ᠡᠯ᠎ᠡ ᠵᠦᠢᠯ ᠤᠨ ᠵᠥᠷᠢᠴᠡᠯ ᠢ ᠴᠠᠭ ᠲᠤᠬᠠᠶ ᠳᠤᠨᠢ ᠲᠣᠬᠢᠲᠠᠶ ᠰᠢᠢᠳᠪᠦᠷᠢᠯᠡᠬᠦ ᠬᠡᠷᠡᠭᠲᠡᠢ᠃ ᠠᠭᠤᠷᠬᠠᠶ ᠶᠢᠨ ᠠᠵᠤ ᠠᠬᠤᠶᠢᠯᠠᠯ ᠨᠢ ᠬᠠᠤᠯᠢ ᠶᠤᠰᠤᠭᠠᠷ ᠵᠢᠷᠤᠮᠵᠢᠯ ᠲᠠᠢ ᠨᠡᠭᠡᠭᠡᠨ ᠮᠠᠯᠳᠠᠵᠤ᠂ ᠠᠭᠤᠷᠬᠠᠶ ᠶᠢᠨ ᠤᠷᠤᠨ ᠪᠠ ᠤᠷᠤᠨ ᠨᠤᠲᠤᠭ ᠤᠨ ᠵᠥᠷᠢᠴᠡᠯ ᠢ ᠵᠣᠬᠢᠴᠠᠭᠤᠯᠤᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠂ ᠬᠠᠤᠯᠢ ᠪᠠᠷ ᠲᠣᠭᠲᠠᠭᠠᠭᠰᠠᠨ ᠡᠭᠦᠷᠭᠡ ᠪᠠ ᠨᠡᠶᠢᠭᠡᠮ ᠤᠨ ᠬᠠᠷᠢᠭᠤᠴᠠᠯᠭ᠎ᠠ ᠪᠠᠨ ᠬᠦᠢᠴᠡᠳᠭᠡᠵᠦ᠂ ᠠᠵᠤ ᠠᠬᠤᠶᠢᠯᠠᠯ ᠤᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠬᠡᠷᠡᠭᠲᠡᠶ︔ ᠣᠷᠣᠨ ᠨᠤᠲᠤᠭ ᠤᠨ ᠰᠠᠭᠤᠷᠢ  ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠳᠡᠢ ᠳᠡᠮᠵᠢᠵᠦ᠂ ᠠᠭᠤᠷᠬᠠᠶ ᠶᠢᠨ ᠣᠷᠣᠨ ᠵᠢᠴᠢ ᠡᠷᠭᠢᠨ ᠲᠣᠭᠤᠷᠢᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠤᠭᠤᠷᠢᠨ ᠢ ᠰᠠᠶᠢᠵᠢᠷᠠᠭᠤᠯᠬᠤ ᠬᠡᠷᠡᠭᠲᠡᠢ︔ ᠠᠵᠢᠯ ᠣᠯᠭᠤᠬᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ᠂ ᠠᠭᠤᠷᠬᠠᠶ ᠶᠢᠨ ᠣᠷᠣᠨ ᠤ ᠡᠷᠬᠢᠨ ᠲᠣᠭᠤᠷᠢᠨ ᠤ ᠰᠠᠭᠤᠭᠠᠯᠢ ᠠᠷᠠᠳ ᠵᠢᠴᠢ ᠦᠷ᠎ᠡ ᠬᠡᠤᠬᠡᠳ ᠲᠤ ᠨᠢ ᠤᠷᠢᠳᠠᠪᠠᠷ ᠠᠵᠢᠯ ᠳᠣᠭᠢᠷᠠᠭᠤᠯᠵᠤ᠂ ᠶᠠᠳᠠᠭᠤ ᠶᠢ ᠲᠡᠳᠬᠦᠵᠦ ᠲᠤᠰᠠᠯᠠᠬᠤ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠢᠳᠡᠪᠬᠢᠲᠡᠢ ᠥᠷᠨᠢᠬᠦᠯᠬᠦ ᠬᠡᠷᠡᠭᠲᠡᠢ︔ ᠬᠥᠳᠡᠯᠮᠦᠷᠢ ᠦᠢᠯᠡᠴᠢᠯᠡᠭᠡᠨ ᠤ ᠨᠠᠶᠢᠳᠠᠯᠭ᠎ᠠ᠂ ᠪᠠᠷᠢᠯᠭ᠎ᠠ ᠳᠠᠭᠠᠭᠠᠴᠢᠯᠠᠭᠤᠯᠬᠤ ᠵᠡᠷᠭᠡ ᠠᠷᠭ᠎ᠠ ᠬᠡᠯᠪᠡᠷᠢ ᠶᠢ ᠠᠪᠴᠤ᠂ ᠪᠠᠶᠢᠭ᠎ᠠ ᠭᠠᠵᠠᠷ ᠣᠷᠣᠨ ᠤ ᠰᠤᠮᠤ ᠰᠢᠶᠠᠩ ᠪᠠᠯᠭᠠᠰᠤ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠶ ᠪᠠᠨ ᠬᠦᠭᠵᠢᠬᠦᠯᠦᠨ ᠪᠤᠵᠠᠭᠠᠶᠢᠷᠠᠭᠤᠯᠬᠤ ᠶᠢ ᠨᠢ ᠲᠡᠮᠵᠢᠬᠦ ᠬᠡᠷᠡᠭᠲᠡᠢ᠃ ᠠᠭᠤᠷᠬᠠᠶ ᠨᠢ ᠦᠢᠯᠡᠳᠪᠦᠷᠢᠯᠡᠯ ᠤᠨ ᠶᠠᠪᠤᠴᠠ ᠳᠠᠭᠠᠨ᠂ ᠨᠡᠶᠢᠭᠡᠮ ᠲᠣᠭᠤᠷᠢᠭ ᠤᠨ ᠠᠮᠢᠳᠤᠷᠠᠯ ᠢ ᠨᠥᠯᠥᠭᠡᠯᠡᠬᠦ ᠦᠢᠯᠡᠳᠪᠦᠷᠢᠯᠡᠯ ᠤᠨ ᠠᠵᠢᠯᠯᠠᠭ᠎ᠠ ᠳᠤ ᠪᠠᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠠᠷᠠᠳ ᠣᠯᠠᠨ ᠤ ᠠᠮᠢᠳᠤᠷᠠᠯ ᠳᠤ ᠦᠵᠡᠭᠦᠯᠬᠦ ᠨᠥᠯᠥᠭᠡ ᠶᠢ ᠪᠠᠭᠠᠰᠬᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠠᠮᠢ ᠠᠬᠤᠢ ᠤᠷᠴᠢᠨ ᠲᠤᠭᠤᠷᠢᠨ ᠤ ᠲᠤᠪᠴᠢᠶ᠎ᠠ᠂ ᠤᠰᠤᠨ ᠤ ᠶᠠᠪᠤᠳᠠᠯ ᠤᠨ ᠲᠤᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶ᠎ᠠ᠂ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠵᠡᠷᠭᠡ ᠰᠠᠯᠠᠭ᠎ᠠ ᠮᠦᠴᠢᠷ︶      ᠲᠠᠪᠤ᠂ ᠲᠦᠷᠤ ᠶᠢᠨ ᠪᠤᠳᠤᠯᠭ᠎ᠠ ᠠᠷᠭ᠎ᠠ ᠬᠡᠮᠵᠢᠶ᠎ᠡ       ︵ᠨᠢᠭᠡ︶ ᠳᠡᠮᠵᠢᠬᠦ ᠲᠥᠷᠥ ᠶᠢᠨ ᠪᠤᠳᠤᠯᠭ᠎ᠠ       1.ᠠᠭᠤᠷᠬᠠᠶ ᠶᠢᠨ ᠭᠠᠷᠤᠯᠲᠠ ᠶᠢᠨ ᠡᠬᠢ  ᠪᠠᠶᠠᠯᠢᠭ ᠢ ᠲᠡᠮᠵᠢᠬᠦ ᠲᠥᠷᠥ ᠶᠢᠨ ᠪᠣᠳᠤᠯᠭ᠎ᠠ      ᠶᠡᠷᠦᠩᠬᠡᠶ ᠬᠡᠮᠵᠢᠶ᠎ᠡ ᠪᠠᠷ ᠲᠣᠬᠢᠷᠠᠭᠤᠯᠤᠨ ᠡᠵᠡᠮᠳᠡᠬᠦ ᠶᠢ ᠬᠡᠷᠡᠭᠵᠢᠭᠦᠯᠵᠦ ᠪᠠᠶᠢᠭ᠎ᠠ ᠠᠭᠤᠷᠬᠠᠶ ᠶᠢᠨ ᠲᠥᠷᠥᠯ ᠤᠨ ᠨᠡᠭᠡᠭᠡᠨ ᠮᠠᠯᠲᠠᠬᠤ ᠭᠦᠢᠴᠡᠳᠬᠡᠯ ᠲᠤᠭ᠎ᠠ ᠂ ᠠᠭᠤᠷᠬᠠᠶ ᠶᠢᠨ ᠦᠢᠯᠡᠰ ᠤᠨ ᠡᠷᠬᠡ ᠶᠢᠨ ᠤᠷᠤᠭᠤᠯᠤᠯᠲᠠ ᠳᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠠᠭᠤᠷᠬᠠᠶ ᠶᠢᠨ ᠬᠥᠭᠵᠢᠯᠲᠡ ᠶᠢᠨ ᠲᠥᠯᠥᠪᠵᠢᠭᠦᠯᠭᠡ ᠳᠤ ᠨᠡᠶᠢᠴᠡᠭᠰᠡᠨ ᠪᠠᠶᠢᠪᠠᠯ᠂ ᠪᠣᠬᠢᠷᠲᠤᠯ ᠦᠭᠡᠶ ᠠᠭᠤᠷᠬᠠᠶ ᠪᠠ ᠪᠣᠬᠢᠷᠲᠤᠯ ᠦᠭᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠲᠡᠰᠢ ᠤᠷᠢᠳᠠᠪᠠᠷ ᠲᠣᠬᠢᠷᠠᠭᠤᠯᠤᠨ᠎ᠠ᠃      2. ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠳᠤ ᠭᠠᠵᠠᠷ ᠬᠡᠷᠡᠭᠯᠡᠬᠦ ᠶᠢ ᠳᠡᠮᠵᠢᠬᠦ ᠲᠥᠷᠥ ᠶᠢᠨ ᠪᠣᠳᠣᠯᠭ᠎ᠠ       ︵1︶ ᠭᠠᠵᠠᠷ ᠰᠢᠷᠣᠶ ᠶᠢ ᠠᠰᠢᠭᠯᠠᠬᠤ ᠲᠥᠯᠥᠪᠵᠢᠭᠦᠯᠭᠡ ᠲᠥᠯᠥᠪᠯᠡᠭᠡ ᠶᠢᠨ ᠪᠠᠲᠤᠯᠠᠭ᠎ᠠ᠃ ᠡᠯ᠎ᠡ ᠬᠤᠰᠢᠭᠤ ᠰᠢᠶᠠᠨ ᠲᠣᠭᠤᠷᠢᠭ ᠨᠢ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠶᠢ ᠳᠣᠭᠢᠷᠠᠭᠤᠯᠤᠨ ᠲᠡᠭᠦᠯᠳᠡᠷᠵᠢᠭᠦᠯᠬᠦ ᠳᠤᠮᠳᠠ ᠪᠠᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠢ ᠲᠥᠯᠥᠪᠵᠢᠭᠦᠯᠭᠡ ᠳᠡᠭᠡᠨ ᠣᠷᠣᠭᠤᠯᠬᠤ ᠶᠢᠨ ᠬᠠᠮᠲᠤ ᠭᠠᠵᠠᠷ ᠰᠢᠷᠣᠶ ᠶᠢ ᠠᠰᠢᠭᠯᠠᠬᠤ ᠣᠨ ᠤ ᠲᠥᠯᠥᠪᠯᠡᠭᠡ ᠳᠡᠭᠡᠨ ᠪᠣᠬᠢᠷᠲᠤᠯ ᠥᠬᠡᠶ ᠠᠭᠤᠷᠬᠠᠶ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠥᠷᠭᠡᠳᠬᠡᠨ ᠪᠠᠶᠢᠭᠤᠯᠬᠤ ᠳᠤ ᠵᠦᠢ ᠶᠤᠰᠤᠨ ᠤ ᠰᠢᠨ᠎ᠡ ᠪᠠᠷ ᠨᠡᠮᠡᠭᠳᠡᠭᠰᠡᠨ ᠪᠥᠲᠥᠭᠡᠨ ᠪᠠᠶᠢᠭᠤᠯᠤᠯᠲᠠ ᠳᠤ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠡᠷ ᠪᠠᠲᠤᠯᠠᠬᠤ ᠬᠡᠷᠡᠭᠲᠡᠶ᠃       ︵2︶ ᠭᠠᠵᠠᠷ ᠬᠡᠷᠡᠭᠯᠡᠬᠦ ᠥᠪᠡᠷ ᠤᠨ ᠦᠷᠳᠡᠭ ᠢ ᠪᠠᠭᠤᠷᠠᠭᠤᠯᠤᠨ᠎ᠠ᠃ ᠠᠭᠤᠷᠬᠠᠶ ᠮᠠᠯᠲᠠᠬᠤ ᠳᠤ ᠬᠡᠷᠡᠭᠯᠡᠬᠦ ᠭᠠᠵᠠᠷ ᠲᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠷᠳᠠᠮ ᠢ ᠬᠠᠤᠯᠢ ᠶᠣᠰᠣᠭᠠᠷ ᠭᠦᠢᠴᠡᠳᠭᠡᠭᠰᠡᠨ ᠤ ᠳᠠᠷᠠᠭ᠎ᠠ᠂ ᠲᠦᠷᠢᠶᠡᠰᠦᠯᠡᠬᠦ ᠪᠤᠶᠤ ᠤᠷᠢᠳᠠᠪᠡᠷ ᠲᠦᠷᠢᠶᠡᠰᠦᠯᠡᠵᠦ ᠳᠠᠷᠠᠭ᠎ᠠ ᠨᠢ ᠰᠢᠯᠵᠢᠭᠦᠯᠦᠨ ᠥᠭᠴᠦ ᠪᠣᠯᠤᠨ᠎ᠠ︔ ᠠᠭᠤᠷᠬᠠᠶ ᠶᠢᠨ ᠦᠢᠯᠡᠳᠪᠦᠷᠢᠯᠡᠯ ᠤᠨ ᠦᠶᠡᠯᠡᠯ ᠤᠨ ᠬᠤᠭᠤᠴᠠᠭ᠎ᠠ᠂ ᠨᠡᠭᠡᠭᠡᠨ ᠮᠠᠯᠲᠠᠬᠤ ᠵᠢᠯ ᠬᠤᠭᠤᠴᠠᠭ᠎ᠠ ᠶᠢ ᠦᠨᠳᠦᠰᠦᠯᠡᠨ᠂ ᠬᠠᠤᠯᠢ ᠳᠤ ᠲᠣᠭᠲᠠᠭᠠᠭᠰᠠᠨ ᠬᠠᠮᠤᠭ ᠤᠨ ᠤᠷᠳᠤ ᠰᠢᠯᠵᠢᠭᠦᠯᠦᠨ ᠬᠤᠳᠠᠯᠳᠤᠬᠤ ᠵᠢᠯ ᠬᠤᠭᠤᠴᠠᠭ᠎ᠠ ᠶᠢᠨ ᠳᠣᠲᠣᠷ᠎ᠠ᠂ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠵᠢᠯ ᠬᠤᠭᠤᠴᠠᠭ᠎ᠠ ᠶᠢ ᠠᠮᠢᠳᠤᠯᠢᠭ ᠢᠶᠠᠷ ᠰᠣᠩᠭᠤᠵᠤ᠂ ᠤᠶᠠᠨᠯᠢᠭ ᠴᠢᠨᠠᠷᠲᠠᠶ ᠪᠠᠷ ᠰᠢᠯᠵᠢᠭᠦᠯᠦᠨ ᠬᠤᠳᠠᠯᠳᠤᠬᠤ ᠶᠢ ᠬᠡᠷᠡᠭᠵᠢᠬᠦᠯᠬᠦ ᠶᠢᠨ ᠬᠠᠮᠲᠤ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠭᠡᠷ᠎ᠡ ᠳᠤ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠦᠨ᠎ᠡ ᠶᠢᠨ ᠵᠣᠭᠤᠰ ᠢ ᠬᠤᠭᠤᠴᠠᠭ᠎ᠠ ᠬᠤᠪᠢᠶᠠᠨ ᠲᠤᠰᠢᠶᠠᠬᠤ ᠪᠠᠷ ᠪᠣᠯᠵᠣᠨ ᠲᠣᠭᠲᠠᠵᠤ ᠪᠣᠯᠤᠨ᠎ᠠ ᠃      ︵3︶ ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠤᠨ ᠦᠢᠯᠡᠳᠪᠦᠷᠢ ᠠᠭᠤᠷᠬᠠᠢ ᠳᠤ ᠬᠡᠷᠡᠭᠯᠡᠬᠦ ᠪᠠᠷ ᠰᠣᠯᠠ ᠲᠠᠯᠪᠢᠭᠳᠠᠵᠤ ᠪᠠᠶᠢᠭ᠎ᠠ ᠭᠠᠵᠠᠷ ᠢ ᠥᠩᠰᠢᠭᠦᠯᠦᠨ ᠠᠰᠢᠭᠯᠠᠯᠲᠠ ᠳᠤ ᠤᠷᠤᠭᠤᠯᠬᠤ ᠶᠢ ᠲᠡᠮᠵᠢᠨ᠎ᠡ᠃ ᠦᠢᠯᠡᠳᠪᠦᠷᠢ ᠠᠭᠤᠷᠬᠠᠢ ᠳᠤ ᠬᠡᠷᠡᠭᠯᠡᠬᠦ ᠪᠠᠷ ᠰᠣᠯᠠ ᠲᠠᠯᠪᠢᠭᠳᠠᠵᠤ ᠪᠠᠶᠢᠭ᠎ᠠ ᠭᠠᠵᠠᠷ ᠢ ᠥᠩᠰᠢᠭᠦᠯᠦᠨ ᠠᠰᠢᠭᠯᠠᠯᠲᠠ ᠳᠤ ᠤᠷᠤᠭᠤᠯᠬᠤ ᠶᠢ ᠰᠢᠨ᠎ᠡ ᠪᠠᠷ ᠨᠡᠮᠡᠭᠳᠡᠭᠰᠡᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠠᠢ ᠬᠤᠯᠪᠣᠭᠳᠠᠭᠤᠯᠵᠤ᠂ ᠲᠥᠯᠥᠪᠵᠢᠭᠦᠯᠭᠡ ᠪᠠ ᠠᠮᠢ ᠠᠬᠤᠶ ᠶᠢᠨ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠤᠷ᠎ᠠ᠂ ᠲᠡᠤᠬᠡᠨ ᠠᠴᠠ ᠦᠯᠡᠳᠡᠭᠳᠡᠵᠦ ᠢᠷᠡᠭᠰᠡᠨ ᠦᠢᠯᠡᠳᠪᠦᠷᠢ ᠠᠭᠤᠷᠬᠠᠶ ᠶᠢᠨ ᠬᠠᠶᠠᠭᠳᠠᠮᠠᠯ ᠭᠠᠵᠠᠷ ᠢ ᠥᠩᠰᠢᠭᠦᠯᠦᠨ ᠠᠰᠢᠭᠯᠠᠭᠠᠳ ᠨᠡᠮᠡᠭᠳᠡᠭᠰᠡᠨ ᠲᠠᠷᠢᠶᠠᠨ ᠭᠠᠵᠠᠷ ᠢᠶᠠᠷ ᠡᠵᠡᠯᠡᠭᠳᠡᠭᠰᠡᠨ ᠲᠠᠷᠢᠶᠠᠨ ᠭᠠᠵᠠᠷ ᠢᠶᠠᠨ ᠨᠦᠬᠦᠪᠦᠷᠢᠯᠡᠵᠦ ᠲᠡᠩᠴᠡᠭᠦᠷᠢᠲᠡᠢ ᠪᠣᠯᠭᠠᠬᠤ ᠳᠤ ᠬᠡᠷᠡᠭᠯᠡᠬᠦ ᠶᠢ ᠵᠥᠪᠰᠢᠶᠡᠷᠡᠨ᠎ᠡ︔ ᠠᠭᠤᠷᠬᠠᠶ ᠶᠢ ᠬᠠᠤᠯᠢ ᠶᠣᠰᠣᠭᠠᠷ ᠨᠡᠭᠡᠭᠡᠨ ᠮᠠᠯᠲᠠᠭᠰᠠᠨ ᠠᠴᠠ ᠪᠣᠯᠵᠤ ᠲᠠᠷᠢᠶᠠᠯᠠᠩ ᠳᠤ ᠬᠡᠷᠡᠭᠯᠡᠬᠦ ᠭᠠᠵᠠᠷ ᠪᠤᠶᠤ ᠪᠤᠰᠤᠳ ᠭᠠᠵᠠᠷ ᠰᠢᠷᠣᠶ ᠡᠪᠳᠡᠭᠳᠡᠨ ᠰᠦᠢᠳᠦᠭᠰᠡᠨ ᠪᠥᠭᠡᠳ ᠰᠡᠷᠭᠦᠭᠡᠬᠦ ᠶᠢᠨ ᠠᠷᠭ᠎ᠠ ᠦᠭᠡᠢ ᠪᠣᠯᠤᠭᠰᠠᠨ ᠪᠠᠶᠢᠪᠠᠯ᠂ ᠭᠠᠵᠠᠷ ᠰᠢᠷᠣᠶ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠪᠠ ᠵᠢᠷᠤᠮ ᠤᠨ ᠶᠣᠰᠣᠭᠠᠷ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠲᠤᠰᠬᠠᠶ ᠮᠡᠳᠡᠭᠦᠯᠦᠨ ᠬᠢᠨᠠᠨ ᠪᠠᠶᠢᠴᠠᠭᠠᠯᠭᠠᠵᠤ ᠪᠠᠲᠤᠯᠠᠭᠤᠯᠤᠭᠰᠠᠨ ᠤ ᠳᠠᠷᠠᠭ᠎ᠠ ᠣᠨ ᠤ ᠬᠤᠪᠢᠷᠠᠯᠲᠠ ᠶᠢᠨ ᠪᠠᠶᠢᠴᠠᠭᠠᠯᠲᠠ ᠳᠤ ᠤᠷᠤᠭᠤᠯᠵᠤ᠂ ᠲᠠᠷᠢᠶᠠᠨ ᠭᠠᠵᠠᠷ ᠲᠠᠢ ᠬᠤᠯᠪᠣᠭᠳᠠᠭᠰᠠᠨ ᠪᠠᠶᠢᠪᠠᠯ᠂ ᠪᠣᠳᠠᠲᠠᠶ ᠪᠠᠶᠢᠳᠠᠯ ᠢ ᠦᠨᠳᠦᠰᠦᠯᠡᠨ ᠲᠠᠷᠢᠶᠠᠨ ᠭᠠᠵᠠᠷ ᠤᠨ ᠬᠡᠮᠵᠢᠶ᠎ᠡ ᠶᠢ ᠬᠠᠷᠭᠤᠭᠤᠯᠤᠨ ᠬᠠᠰᠤᠨ᠎ᠠ᠂ ᠭᠡᠪᠡᠴᠦ ᠡᠯ᠎ᠡ ᠭᠠᠵᠠᠷ ᠣᠷᠣᠨ ᠤ ᠬᠢᠵᠠᠭᠠᠷᠯᠠᠬᠤ ᠲᠣᠭᠠᠨ ᠤ ᠳᠡᠭᠡᠳᠦ ᠬᠢᠵᠠᠭᠠᠷ ᠠᠴᠠ ᠳᠠᠪᠠᠭᠤᠯᠵᠤ ᠪᠣᠯᠬᠤ ᠥᠬᠡᠶ᠂ ᠦᠨᠳᠦᠰᠦᠨ ᠲᠠᠷᠢᠶᠠᠨ ᠭᠠᠵᠠᠷ ᠲᠤ ᠬᠤᠯᠪᠣᠭᠳᠠᠭᠰᠠᠨ ᠪᠠᠶᠢᠪᠠᠯ ᠨᠥᠬᠦᠵᠦ ᠬᠤᠪᠢᠶᠠᠷᠢᠯᠠᠬᠤ ᠬᠡᠷᠡᠭᠲᠡᠶ᠃      3. ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ       ᠬᠤᠯᠪᠣᠭᠳᠠᠯ ᠪᠥᠬᠦᠶ ᠡᠳ᠋ ᠤᠨ ᠵᠠᠰᠠᠭ ᠵᠢᠴᠢ ᠲᠥᠷᠥᠯ ᠵᠦᠢᠯ ᠤᠨ ᠵᠢᠷᠤᠮᠵᠢᠯ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠵᠤ᠂ ᠪᠣᠬᠢᠷᠲᠤᠯ ᠥᠬᠡᠶ ᠬᠠᠶᠢᠨ ᠪᠠᠶᠢᠴᠠᠭᠠᠯᠲᠠ ᠶᠢᠨ ᠮᠡᠷᠭᠡᠵᠢᠯ ᠤᠨ ᠬᠡᠷᠡᠭᠯᠡᠯᠲᠡ ᠶᠢᠨ ᠰᠢᠨ᠎ᠡ ᠪᠠᠷ ᠨᠡᠮᠡᠭᠳᠡᠭᠰᠡᠨ ᠵᠠᠷᠤᠳᠠᠯ ᠵᠢᠴᠢ ᠠᠵᠢᠯᠯᠠᠬᠤ ᠲᠣᠭᠤᠷᠢᠭ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠠᠷᠤᠳᠠᠯ ᠢ ᠲᠥᠷᠥᠯ ᠵᠦᠢᠯ ᠤᠨ ᠲᠥᠰᠦᠪ ᠲᠤ ᠣᠷᠣᠭᠤᠯᠬᠤ ᠶᠢ ᠵᠥᠪᠰᠢᠶᠡᠷᠡᠨ᠎ᠡ᠃ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢ ᠪᠠᠶᠢᠴᠠᠭᠠᠨ ᠦᠨᠡᠯᠡᠬᠦ ᠪᠠᠯᠠ ᠮᠥᠩᠭᠦ ᠶᠢ ᠳᠣᠭᠢᠷᠠᠭᠤᠯᠬᠤ ᠳᠠᠭᠠᠨ ᠤᠯᠤᠰ ᠤᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠤ ᠳᠣᠲᠣᠷᠠᠬᠢ ᠨᠥᠬᠦᠴᠡᠯ ᠳᠤ ᠨᠡᠶᠢᠴᠡᠬᠦ ᠲᠥᠷᠥᠯ ᠵᠦᠢᠯ ᠲᠡᠰᠢ ᠵᠣᠬᠢᠰᠲᠠᠶ ᠬᠡᠯᠪᠠᠶᠢᠯᠭᠡᠨ᠎ᠡ︔ ᠲᠥᠪ ᠤᠨ ᠪᠠᠯᠠ ᠮᠥᠩᠭᠦ ᠶᠢ ᠰᠠᠶᠢᠲᠤᠷ ᠬᠡᠷᠡᠭᠯᠡᠬᠦ ᠶᠢᠨ ᠵᠡᠷᠭᠡᠪᠡᠷ ᠣᠷᠣᠨ ᠨᠤᠲᠤᠭ ᠤᠨ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ᠂ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ᠂ ᠬᠦᠨᠳᠦ ᠲᠡᠮᠦᠷᠯᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠭᠠᠵᠠᠷ ᠰᠢᠷᠣᠶ ᠶᠢ ᠥᠩᠰᠢᠭᠦᠯᠦᠨ ᠰᠡᠷᠭᠦᠭᠡᠬᠦ ᠵᠡᠷᠭᠡ ᠡᠳ᠋ ᠤᠨ ᠵᠠᠰᠠᠭ ᠤᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠶᠢ ᠴᠢᠩᠭᠠᠳᠬᠠᠵᠤ᠂ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠤ ᠳᠣᠲᠣᠷᠠᠬᠢ ᠨᠥᠬᠦᠴᠡᠯ ᠳᠤ ᠨᠡᠶᠢᠴᠡᠬᠦ ᠲᠥᠷᠥᠯ ᠵᠦᠢᠯ ᠢ ᠤᠷᠢᠳᠠᠪᠠᠷ ᠳᠡᠮᠵᠢᠨ᠎ᠡ᠃ ᠡᠯ᠎ᠡ ᠱᠠᠲᠤᠨ ᠤ ᠡᠳ᠋ ᠤᠨ ᠵᠠᠰᠠᠭ ᠤᠨ ᠪᠠᠯᠠ ᠮᠥᠩᠭᠦ ᠪᠠᠷ ᠱᠠᠩᠨᠠᠨ ᠬᠥᠬᠢᠭᠦᠯᠬᠦ ᠲᠦᠷᠢᠮ ᠢ ᠪᠠᠶᠢᠭᠤᠯᠵᠤ᠂ ᠰᠢᠯᠢᠳᠡᠭ ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠢ ᠱᠠᠩᠨᠠᠨ ᠬᠦᠬᠢᠭᠦᠯᠦᠨ᠎ᠡ᠃  ︽ᠤᠯᠤᠰ ᠠᠴᠠ ᠭᠤᠤᠯᠳᠠᠯᠭ᠎ᠠ ᠲᠠᠢ ᠳᠡᠮᠵᠢᠬᠦ ᠳᠡᠭᠡᠳᠦ ᠰᠢᠨ᠎ᠡ ᠮᠡᠷᠭᠡᠵᠢᠯ ᠤᠨ ᠬᠦᠷᠢᠶ᠎ᠡ ᠴᠠᠷᠠᠭ᠎ᠠ︾ ᠶᠢᠨ ᠬᠡᠪᠴᠢᠶᠡᠨ ᠳᠤ ᠤᠯᠤᠰ ᠤᠨ ᠬᠤᠯᠪᠤᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠨ᠎ᠡ᠃ ︵ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ︶       4. ᠮᠥᠩᠭᠦᠨ ᠬᠦᠢᠯᠭᠡᠭᠡᠨ ᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ       ᠪᠠᠩᠬᠢ ᠶᠢᠨ ᠦᠢᠯᠡᠰ ᠤᠨ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠪᠣᠬᠢᠷᠲᠤᠯ ᠥᠬᠡᠶ ᠠᠭᠤᠷᠬᠠᠶ ᠶᠢᠨ ᠤᠨᠴᠠᠯᠢᠭᠳᠤ ᠢᠲᠡᠭᠡᠮᠵᠢᠲᠦ ᠵᠢᠭᠡᠯᠡᠯᠭᠡ ᠶᠢᠨ ᠪᠦᠳᠦᠭᠡᠭᠳᠡᠭᠦᠨ ᠢ ᠰᠤᠳᠤᠯᠤᠨ ᠨᠡᠭᠡᠭᠡᠵᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠳᠤ ᠪᠠᠯᠠ ᠮᠥᠩᠭᠦ ᠶᠢᠨ ᠳᠡᠮᠵᠢᠯᠭᠡ ᠦᠵᠡᠭᠦᠯᠬᠦ ᠬᠦᠴᠦᠯᠡᠴᠡ ᠪᠠᠨ ᠨᠡᠮᠡᠭᠳᠡᠭᠦᠯᠬᠦ ᠶᠢ ᠨᠢ ᠵᠣᠷᠢᠭᠵᠢᠭᠤᠯᠤᠨ᠎ᠠ᠃ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠳᠠᠬᠢ ᠮᠥᠩᠭᠦᠨ ᠬᠦᠢᠯᠭᠡᠭᠡᠨ ᠤ ᠦᠢᠯᠡᠴᠢᠯᠡᠭᠡ ᠪᠠ ᠪᠠᠯᠠ ᠲᠣᠬᠢᠷᠠᠭᠤᠯᠭ᠎ᠠ ᠶᠢᠨ ᠳᠡᠮᠵᠢᠯᠭᠡ ᠶᠢ ᠢᠳᠡᠪᠬᠢᠲᠡᠶ ᠰᠠᠶᠢᠲᠤᠷ ᠬᠢᠯᠭᠡᠨ᠎ᠡ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠳᠤ ᠦᠵᠡᠭᠦᠯᠬᠦ ᠪᠣᠬᠢᠷᠲᠤᠯ ᠥᠬᠡᠶ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠪᠠᠨ ᠴᠢᠩᠭᠠᠳᠬᠠᠬᠤ ᠬᠡᠷᠡᠭᠲᠡᠶ᠃ ᠪᠣᠬᠢᠷᠲᠤᠯ ᠥᠬᠡᠶ ᠠᠭᠤᠷᠬᠠᠶ ᠶᠢᠨ ᠮᠡᠳᠡᠭᠡ ᠵᠠᠩᠭᠢ ᠶᠢ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠵᠤ᠂ ᠪᠠᠩᠬᠢ ᠶᠢᠨ ᠦᠢᠯᠡᠰ ᠤᠨ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠬᠦᠢᠴᠡᠳᠭᠡᠬᠦ ᠪᠠ ᠪᠤᠰᠤᠳ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠦᠢᠯᠡᠴᠢᠯᠡᠭᠡ ᠬᠠᠩᠭᠠᠬᠤ ᠶᠢᠨ ᠴᠢᠬᠤᠯᠠ ᠬᠦᠢᠴᠡᠳᠭᠡᠯ ᠲᠤᠭ᠎ᠠ ᠶᠢᠨ ᠦᠨᠳᠦᠰᠦᠯᠡᠯ ᠪᠣᠯᠭᠠᠨ᠎ᠠ᠃ ᠵᠠᠰᠠᠭ ᠤᠨ ᠣᠷᠳᠣᠨ ᠤ ᠴᠢᠨᠠᠷᠲᠠᠶ ᠳᠠᠭᠠᠭᠠᠯᠲᠠ ᠶᠢᠨ ᠪᠠᠶᠢᠭᠤᠯᠤᠮᠵᠢ ᠶᠢᠨ ᠪᠦᠲᠦᠴᠡ ᠶᠢᠨ ᠴᠢᠨᠠᠷᠲᠠᠢ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠳᠠᠭᠠᠭᠠᠯᠲᠠ ᠶᠢᠨ ᠰᠠᠭᠤᠷᠢ ᠮᠥᠩᠭᠦ ᠶᠢ ᠰᠦᠪᠡᠭᠴᠢᠯᠡᠨ ᠪᠠᠶᠢᠭᠤᠯᠵᠤ ᠂ ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠪᠠ ᠲᠥᠷᠥᠯ ᠵᠦᠢᠯ ᠳᠤ ᠢᠲᠡᠭᠡᠮᠵᠢ ᠪᠠᠨ ᠨᠡᠮᠡᠭᠳᠡᠭᠦᠯᠬᠦ ᠦᠢᠯᠡᠴᠢᠯᠡᠭᠡ ᠬᠠᠩᠭᠠᠬᠤ ᠶᠢ ᠨᠢ ᠲᠡᠮᠵᠢᠨ᠎ᠡ᠃ ᠨᠡᠶᠢᠭᠡᠮ ᠤᠨ ᠬᠥᠷᠥᠩᠭᠡ ᠶᠢᠨ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠰᠠᠭᠤᠷᠢ ᠮᠥᠩᠭᠦ ᠪᠠᠶᠢᠭᠤᠯᠵᠤ ᠂ ᠪᠣᠬᠢᠷᠲᠤᠯ ᠥᠬᠡᠶ ᠠᠭᠤᠷᠬᠠᠶ ᠶᠢᠨ ᠲᠥᠷᠥᠯ ᠵᠦᠢᠯ ᠳᠤ ᠪᠠᠯᠠ ᠮᠥᠩᠭᠦ ᠶᠢᠨ ᠳᠡᠮᠵᠢᠯᠭᠡ ᠬᠠᠩᠭᠠᠬᠤ ᠶᠢ ᠵᠣᠷᠢᠭᠵᠢᠭᠤᠯᠤᠨ᠎ᠠ᠃ ᠨᠥᠬᠦᠴᠡᠯ ᠳᠤ ᠨᠡᠶᠢᠴᠡᠬᠦ ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠤᠨ ᠬᠢᠯᠢ ᠶᠢᠨ ᠳᠣᠲᠣᠷᠠᠬᠢ ᠳᠤᠮᠳᠠ ᠵᠢᠵᠢᠭ ᠠᠵᠤ ᠠᠬᠤᠶᠢᠯᠠᠯ ᠤᠨ ᠰᠠᠮᠪᠠᠷ᠎ᠠ ᠂ ᠠᠳᠠᠯ ᠦᠢᠯᠡᠰ ᠴᠣᠭᠴᠠᠯᠠᠬᠤ ᠰᠠᠮᠪᠠᠷ᠎ᠠ ᠪᠠ ᠭᠤᠤᠯ ᠰᠠᠮᠪᠠᠷ᠎ᠠ ᠵᠢᠴᠢ ︽ᠰᠢᠨ᠎ᠡ ᠭᠤᠷᠪᠠᠳᠤᠭᠠᠷ ᠰᠠᠮᠪᠠᠷ᠎ᠠ︾ ᠪᠠ ᠣᠷᠣᠨ ᠪᠦᠰᠡ ᠶᠢᠨ ᠬᠤᠪᠢᠴᠠᠭᠠᠨ ᠤ ᠡᠷᠬᠡ ᠶᠢᠨ ᠵᠠᠬ᠎ᠠ ᠳᠡᠯᠭᠡᠭᠦᠷ ᠲᠤ ᠫᠠᠶᠢᠰᠠ ᠡᠯᠭᠦᠨ ᠪᠠᠯᠠ ᠲᠣᠬᠢᠷᠠᠭᠤᠯᠬᠤ ᠶᠢ ᠠᠬᠢᠭᠤᠯᠤᠨ᠎ᠠ᠃ ︵ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ︶       ︵ᠬᠤᠶᠠᠷ︶ ᠪᠣᠬᠢᠷᠲᠤᠯ ᠥᠭᠡᠢ ᠠᠭᠤᠷᠬᠠᠶ ᠶᠢᠨ ᠪᠥᠳᠥᠭᠡᠨ ᠪᠠᠶᠢᠭᠤᠯᠤᠯᠲᠠ ᠶᠢᠨ ᠲᠡᠰ ᠳᠠᠷᠠᠭᠠᠯᠠᠯ       ᠠᠭᠤᠷᠬᠠᠶ ᠶᠢᠨ ᠠᠵᠤ ᠠᠬᠤᠶᠢᠯᠠᠯ ᠪᠣᠯ ᠪᠣᠬᠢᠷᠲᠤᠯ ᠥᠭᠡᠢ ᠠᠭᠤᠷᠬᠠᠶ ᠶᠢᠨ ᠪᠥᠳᠥᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠮᠥᠨ᠂ ᠪᠣᠬᠢᠷᠲᠤᠯ ᠥᠭᠡᠢ ᠠᠭᠤᠷᠬᠠᠶ ᠶᠢᠨ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠣᠯᠤᠨ ᠲᠥᠯᠥᠪᠵᠢᠭᠦᠯᠭᠡ ᠶᠢᠨ ᠶᠣᠰᠣᠭᠠᠷ ᠠᠭᠤᠷᠬᠠᠶ ᠶᠢ ᠲᠡᠰ ᠳᠡᠪᠰᠢᠭᠦᠯᠦᠨ ᠥᠭᠡᠷᠡᠴᠢᠯᠡᠬᠦ ᠶᠢ ᠬᠡᠷᠡᠭᠵᠢᠭᠦᠯᠬᠦ ᠬᠡᠷᠡᠭᠲᠡᠶ᠃ ᠪᠥᠬᠦ ᠤᠯᠤᠰ ᠤᠨ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠰᠢᠯᠢᠨ ᠰᠤᠩᠭᠤᠬᠤ ᠳᠤ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠤᠨ ᠲᠠᠰ ᠳᠠᠷᠠᠭᠠᠯᠠᠯ ᠢᠶᠠᠷ ᠦᠨᠡᠯᠡᠨ ᠵᠢᠱᠢᠵᠦ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠬᠤ ᠪᠠᠷ ᠭᠤᠶᠤᠴᠢᠯᠠᠬᠤ ᠭᠡᠵᠦ ᠪᠠᠶᠢᠭ᠎ᠠ ᠠᠭᠤᠷᠬᠠᠶ ᠨᠢ ᠠᠵᠤ ᠠᠬᠤᠶᠢᠯᠠᠯ ᠨᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ᠂ ᠬᠤᠰᠢᠭᠤ ᠰᠢᠶᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠤ ᠥᠪᠡᠷ ᠢ ᠪᠠᠨ ᠦᠨᠡᠯᠡᠭᠰᠡᠨ ᠮᠡᠳᠡᠭᠦᠯᠦᠯᠲᠡ ᠪᠠᠨ ᠲᠤᠰᠢᠶᠠᠵᠤ᠂  ᠬᠤᠰᠢᠭᠤ ᠰᠢᠶᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠠᠮᠢ ᠠᠬᠤᠶ ᠣᠷᠴᠢᠨ ᠲᠣᠭᠤᠷᠢᠨ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠲᠤᠬᠠᠶ ᠶᠢᠨ ᠲᠠᠯᠠᠪᠤᠷ ᠲᠤ ᠨᠢ  ᠬᠢᠨᠠᠨ ᠪᠠᠶᠢᠴᠠᠭᠠᠵᠤ ᠦᠨᠡᠯᠡᠨ ᠵᠢᠱᠢᠬᠦ ᠠᠵᠢᠯ ᠢ ᠥᠷᠨᠢᠬᠦᠯᠵᠦ᠂ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠤ ᠲᠡᠭᠡᠭᠰᠢ ᠮᠡᠳᠡᠭᠦᠯᠬᠦ ᠶᠢᠨ ᠬᠠᠮᠲᠤ ᠵᠠᠷᠯᠠᠨ ᠨᠡᠶᠢᠳᠡᠯᠡᠨ᠎ᠡ᠂ ᠵᠠᠷᠯᠠᠨ ᠨᠡᠶᠢᠳᠡᠯᠡᠭᠡᠳ ᠣᠨᠳᠣᠤ ᠰᠠᠨᠠᠯ ᠥᠬᠡᠶ ᠪᠠᠶᠢᠪᠠᠯ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠮᠡᠳᠡᠭᠦᠯᠵᠦ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ ᠃      ︵ᠭᠤᠷᠪᠠ︶ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ      ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠭᠤᠤᠯ ᠴᠣᠭᠴᠠ ᠮᠥᠨ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠬᠤᠯᠪᠤᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠤᠭᠲᠠᠭᠰᠠᠨ ᠬᠤᠭᠤᠴᠠᠭ᠎ᠠ ᠲᠠᠢ ᠦᠨᠡᠯᠡᠨ ᠵᠢᠱᠢᠨ᠎ᠡ᠃ ᠲᠦᠯᠦᠪᠵᠢᠭᠦᠯᠦᠭᠰᠡᠨ ᠴᠠᠭ ᠬᠤᠭᠤᠴᠠᠭᠠᠨ ᠲᠤᠳᠤᠷ᠎ᠠ ᠪᠤᠶᠤ ᠦᠨᠡᠯᠡᠨ ᠵᠢᠱᠢᠭᠡᠳ ᠪᠣᠬᠢᠷᠲᠤᠯ ᠦᠭᠡᠢ ᠠᠭᠤᠷᠬᠠᠶ ᠶᠢᠨ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠥᠷᠥᠭᠰᠡᠨ ᠥᠭᠡᠢ ᠠᠭᠤᠷᠬᠠᠶ ᠶᠢᠨ ᠠᠵᠤ ᠠᠬᠤᠶᠢᠯᠠᠯ ᠢ ᠬᠤᠯᠪᠣᠭᠳᠠᠯ ᠪᠥᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ᠂ ᠬᠠᠤᠯᠢ ᠴᠠᠭᠠᠵᠠ ᠠᠴᠠ ᠵᠦᠷᠢᠴᠡᠭᠰᠡᠨ ᠢ ᠬᠠᠤᠯᠢ ᠶᠣᠰᠣᠭᠠᠷ ᠰᠢᠢᠳᠬᠡᠨ᠎ᠡ᠃ ᠬᠤᠭᠤᠴᠠᠭ᠎ᠠ ᠬᠡᠲᠦᠷᠡᠲᠡᠯ᠎ᠡ ᠴᠡᠭᠴᠡᠯᠡᠨ ᠰᠠᠶᠢᠵᠢᠷᠠᠭᠤᠯᠤᠭᠰᠠᠨ ᠨᠢ ᠬᠦᠢᠴᠡᠳ ᠦᠭᠡᠢ ᠪᠣᠬᠢᠷᠲᠤᠯ ᠥᠬᠡᠶ ᠠᠭᠤᠷᠬᠠᠶ ᠶᠢ ᠲᠠᠰ ᠳᠠᠷᠠᠭᠠᠯᠠᠯ ᠶᠣᠰᠣᠭᠠᠷ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠠᠴᠠ ᠭᠠᠷᠭᠠᠵᠤ᠂ ᠬᠠᠷᠠᠭᠠᠯᠵᠠᠭᠰᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠴᠦᠨ ᠥᠬᠡᠶ ᠪᠣᠯᠭᠠᠬᠤ ᠶᠢᠨ ᠬᠠᠮᠲᠤ ᠢᠯᠡ ᠪᠠᠷ ᠨᠡᠶᠢᠳᠡᠯᠡᠨ᠎ᠡ᠃ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠤᠶᠤ ᠴᠡᠭᠴᠡᠯᠡᠨ ᠰᠠᠶᠢᠵᠢᠷᠠᠭᠤᠯᠬᠤ ᠳᠤ ᠪᠡᠷᠬᠡᠲᠡᠶ ᠠᠭᠤᠷᠬᠠᠶ ᠶᠢᠨ ᠠᠵᠤ ᠠᠬᠤᠶᠢᠯᠠᠯ ᠢ᠂ ᠡᠯ᠎ᠡ ᠬᠤᠰᠢᠭᠤ ᠰᠢᠶᠠᠨ ᠲᠣᠭᠤᠷᠢᠭ ᠠᠴᠠ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠣᠶ ᠰᠢᠭᠤᠶ ᠨᠤᠲᠤᠭ ᠪᠡᠯᠴᠢᠭᠡᠷ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠬᠠᠤᠯᠢ ᠴᠠᠭᠠᠵᠠ ᠪᠠ ᠠᠵᠤ ᠠᠬᠤᠶ ᠶᠢᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠬᠠᠤᠯᠢ ᠶᠣᠰᠣᠭᠠᠷ ᠬᠠᠭᠠᠬᠤ ᠬᠡᠷᠡᠭᠲᠡᠶ᠃       ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠ ᠠᠵᠤ ᠠᠬᠤᠶ ᠨᠡᠶᠢᠭᠡᠮ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠴᠢᠬᠤᠯᠠ ᠠᠵᠢᠯ ᠪᠣᠯᠭᠠᠵᠤ᠂ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠶᠢᠳᠠᠪᠤᠷᠢᠵᠢᠭᠤᠯᠬᠤ ᠶᠢ ᠴᠢᠬᠤᠯᠠᠴᠢᠯᠠᠬᠤ ᠬᠡᠷᠡᠭᠲᠡᠶ᠃ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠠᠮᠢᠶᠠᠷᠤᠯᠲᠠ ᠪᠠ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠦᠭᠡᠢ ᠠᠭᠤᠷᠬᠠᠶ ᠶᠢ ᠪᠦᠳᠦᠭᠡᠨ ᠪᠠᠶᠢᠭᠤᠯᠬᠤ ᠬᠢᠭᠡᠳ ᠠᠭᠤᠷᠬᠠᠶ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠮᠠᠨ ᠤ ᠬᠤᠲᠠ ᠶᠢᠨ ᠪᠣᠬᠢᠷᠲᠤᠯ ᠦᠭᠡᠢ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠪᠡᠶᠡᠯᠡᠭᠦᠯᠬᠦ ᠶᠢᠨ ᠲᠦᠯᠦᠭᠡ᠂ ᠬᠥᠬᠡᠬᠤᠲᠠ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ  ᠪᠠᠶᠢᠭᠤᠯᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠬᠤᠲᠠ ᠶᠢᠨ ᠳᠡᠳ᠋ ᠳᠠᠷᠤᠭ᠎ᠠ ᠶᠢ ᠳᠤᠭᠤᠶᠢᠯᠠᠩ ᠤᠨ ᠲᠠᠷᠤᠭ᠎ᠠ ᠪᠠᠷ ᠲᠣᠮᠢᠯᠠᠵᠤ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠨᠠᠷᠢᠨ ᠪᠢᠴᠢᠭ ᠤᠨ ᠳᠠᠷᠤᠭ᠎ᠠ ᠶᠢ ᠳᠡᠳ᠋ ᠳᠤᠭᠤᠶᠢᠯᠠᠩ ᠤᠨ ᠲᠠᠷᠤᠭ᠎ᠠ ᠪᠠᠷ ᠲᠣᠮᠢᠯᠠᠵᠤ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠤᠰᠤᠨ ᠤ ᠶᠠᠪᠤᠳᠠᠯ ᠤᠨ ᠲᠣᠪᠴᠢᠶ᠎ᠠ ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ  ᠪᠠᠶᠠᠯᠢᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠤᠭᠤᠷᠢᠭ ᠤᠨ ᠵᠠᠰᠠᠭ ᠤᠨ ᠤᠷᠳᠤᠨ ᠵᠡᠷᠭᠡ ᠶᠢᠨ ᠭᠤᠣᠯ ᠤᠳᠤᠷᠢᠳᠤᠯᠭ᠎ᠠ ᠤᠷᠤᠯᠴᠠᠵᠤ᠂ ᠪᠦᠬᠦ ᠬᠤᠲᠠ ᠶᠢᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠨᠢᠭᠡᠳᠦᠯᠳᠡᠢ ᠲᠦᠯᠦᠪᠵᠢᠬᠦᠯᠦᠨ ᠠᠬᠢᠭᠤᠯᠵᠤ᠂ ᠠᠵᠢᠯ ᠤᠨ ᠳᠤᠮᠳᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠵᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠬᠠᠪᠰᠤᠷᠭᠠᠨ ᠬᠠᠷᠢᠭᠤᠴᠠᠨ᠎ᠠ᠃ ᠡᠯ᠎ᠡ ᠨᠢᠭᠡᠴᠡ ᠰᠠᠯᠠᠭ᠎ᠠ ᠮᠥᠴᠢᠷ ᠲᠣᠰ ᠨᠢᠭᠡᠴᠡ ᠶᠢᠨ ᠢᠶᠠᠨ ᠪᠣᠬᠢᠷᠲᠤᠯ ᠥᠬᠡᠶ ᠠᠭᠤᠷᠬᠠᠶ ᠶᠢ ᠡᠭᠦᠳᠦᠨ ᠪᠠᠶᠢᠭᠤᠯᠬᠤ ᠶᠢ ᠬᠠᠷᠢᠭᠤᠴᠠᠬᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢ ᠲᠤᠳᠤᠷᠬᠠᠢ ᠲᠤᠭᠲᠠᠭᠠᠨ᠂ ᠡᠭᠦᠷᠭᠡ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯᠲᠠᠨ ᠢ ᠨᠠᠶᠢᠳᠠᠪᠤᠷᠢᠵᠢᠭᠤᠯᠬᠤ  ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠬᠠᠷᠠᠭᠠᠯᠵᠠᠭᠰᠠᠨ ᠵᠣᠬᠢᠶᠠᠨ ᠪᠠᠶᠢᠭᠤᠯᠤᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠵᠤ᠂ ᠲᠣᠰ ᠭᠠᠵᠠᠷ ᠣᠷᠣᠨ ᠤ ᠪᠠᠨ ᠪᠣᠬᠢᠷᠲᠤᠯ ᠥᠬᠡᠶ ᠠᠭᠤᠷᠬᠠᠶ ᠶᠢᠨ ᠲᠥᠯᠥᠪᠵᠢᠭᠦᠯᠭᠡ ᠪᠠ ᠠᠵᠢᠯ ᠤᠨ ᠲᠥᠰᠦᠯ ᠢ ᠬᠠᠷᠢᠭᠤᠴᠠᠨ ᠵᠣᠬᠢᠶᠠᠨ ᠪᠠᠶᠢᠭᠤᠯᠤᠨ ᠲᠣᠭᠲᠠᠭᠠᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ᠂ ᠠᠵᠢᠯ ᠤᠨ ᠠᠭᠤᠯᠭ᠎ᠠ᠂ ᠬᠡᠷᠡᠭᠵᠢᠭᠦᠯᠬᠦ ᠠᠯᠬᠤᠮ ᠳᠠᠷᠠᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠵᠡᠷᠭᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠬᠤ ᠶᠢᠨ ᠬᠠᠮᠲᠤ᠂ ᠨᠠᠶᠢᠳᠠᠪᠤᠷᠢᠵᠢᠭᠤᠯᠬᠤ ᠪᠠ ᠬᠢᠨᠠᠯᠲᠠ ᠲᠠᠯᠪᠢᠬᠤ ᠶᠢ ᠰᠠᠶᠢᠲᠤᠷ ᠠᠳᠬᠤᠨ᠎ᠠ᠃      ︵ᠬᠤᠶᠠᠷ︶ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠬᠤᠪᠢᠶᠠᠷᠢᠯᠠᠯ᠃ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠥᠷᠥᠯ ᠵᠦᠢᠯ ᠤᠨ ᠬᠢᠨᠠᠨ ᠵᠥᠪᠰᠢᠶᠡᠷᠡᠯ ᠢᠶᠠᠨ ᠴᠢᠩᠳᠠᠯᠠᠬᠤ ᠬᠡᠷᠡᠭᠲᠡᠢ᠃ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠰᠠᠯᠠᠭ᠎ᠠ ᠮᠥᠴᠢᠷ ᠨᠡᠭᠡᠭᠡᠨ ᠮᠠᠯᠲᠠᠬᠤ ᠲᠡᠷᠢᠭᠦᠨ ᠤ ᠮᠡᠷᠭᠡᠵᠢᠯ ᠤᠨ ᠠᠷᠭ᠎ᠠ ᠶᠢ ᠵᠣᠬᠢᠶᠠᠨ ᠪᠠᠶᠢᠭᠤᠯᠤᠨ ᠰᠤᠳᠤᠯᠬᠤ ᠪᠠ ᠶᠡᠬᠡᠪᠡᠷ ᠳᠡᠯᠭᠡᠷᠡᠭᠦᠯᠬᠦ ᠶᠢ ᠬᠠᠷᠢᠭᠤᠴᠠᠵᠤ᠂ ᠬᠦᠳᠡᠷ ᠤᠨ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠲᠥᠯᠥᠪᠵᠢᠭᠦᠯᠭᠡ ᠶᠢ ᠲᠤᠭᠲᠠᠭᠠᠵᠤ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠰᠤᠳᠤᠯᠤᠨ ᠲᠣᠭᠲᠠᠭᠠᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠰᠦᠪ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠂ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ᠂ ᠪᠣᠬᠢᠷᠲᠤᠯ ᠥᠬᠡᠶ ᠠᠭᠤᠷᠬᠠᠶ ᠶᠢᠨ ᠱᠠᠩᠨᠠᠯ ᠤᠨ ᠵᠠᠷᠤᠳᠠᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠠᠭᠤᠷᠬᠠᠶ ᠶᠢᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ ᠶᠢᠨ ᠲᠦᠷᠢᠮ ᠤᠨ ᠲᠥᠷᠥ ᠶᠢᠨ ᠪᠣᠳᠣᠯᠭ᠎ᠠ ᠶᠢ ᠲᠤᠭᠲᠠᠭᠠᠬᠤ ᠳᠤ ᠬᠠᠮᠵᠢᠯᠴᠠᠬᠤ ᠬᠡᠷᠡᠭᠲᠡᠢ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠪᠣᠬᠢᠷᠲᠤᠯ ᠥᠬᠡᠶ ᠠᠭᠤᠷᠬᠠᠶ ᠶᠢᠨ ᠡᠳᠦᠷ ᠲᠤᠲᠤᠮ ᠤᠨ ᠠᠵᠢᠯ᠂ ᠨᠡᠷᠡᠰ ᠤᠨ ᠳᠡᠪᠲᠡᠷ ᠤᠨ ᠬᠠᠮᠢᠶᠠᠷᠤᠯᠲᠠ ᠶᠢ ᠬᠠᠷᠢᠭᠤᠴᠠᠵᠤ᠂ ᠪᠣᠬᠢᠷᠲᠤᠯ ᠥᠬᠡᠶ ᠠᠭᠤᠷᠬᠠᠶ ᠵᠢᠴᠢ ᠬᠦᠷᠦᠰᠦ ᠳᠠᠪᠬᠤᠷᠭ᠎ᠠ ᠶᠢᠨ ᠣᠷᠴᠢᠨ ᠲᠣᠭᠤᠷᠢᠨ ᠤ ᠵᠠᠰᠠᠯᠲᠠ ᠶᠢᠨ ᠬᠢᠨᠠᠯᠲᠠ ᠬᠠᠮᠢᠶᠠᠷᠤᠯᠲᠠ᠂ ︽ᠭᠤᠷᠪᠠᠨ ᠨᠣᠷᠮ᠎ᠠ︾ ᠶᠢᠨ ᠭᠦᠢᠴᠡᠳᠭᠡᠯ ᠲᠤᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠠᠭᠤᠷᠬᠠᠶ ᠶᠢᠨ ︽ᠭᠤᠷᠪᠠᠨ ᠬᠠᠶᠠᠭᠳᠠᠮᠠᠯ︾ ᠢ ᠵᠠᠰᠠᠬᠤ ᠵᠢᠴᠢ ᠪᠣᠬᠢᠷᠲᠤᠯ ᠪᠣᠳᠠᠰ ᠢ ᠪᠠᠷᠢᠮᠵᠢᠶ᠎ᠠ ᠳᠤ ᠬᠦᠷᠭᠡᠨ ᠭᠠᠳᠠᠭᠰᠢᠯᠠᠭᠤᠯᠬᠤ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠦᠴᠦᠲᠡᠶ ᠠᠬᠢᠭᠤᠯᠬᠤ ᠬᠡᠷᠡᠭᠲᠡᠢ᠃ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠠᠭᠤᠷᠬᠠᠶ ᠨᠡᠭᠡᠭᠡᠨ ᠮᠠᠯᠲᠠᠬᠤ ᠳᠤ ᠬᠡᠷᠡᠭᠯᠡᠬᠦ ᠤᠰᠤᠨ ᠤ ᠬᠠᠮᠢᠶᠠᠷᠤᠯᠲᠠ ᠪᠠ ᠤᠰᠤ ᠬᠦᠷᠦᠰᠦᠨ ᠤ ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠤᠰᠤᠳ ᠬᠤᠯᠪᠤᠭᠳᠠᠯ ᠪᠦᠬᠦᠢ ᠰᠠᠯᠠᠭ᠎ᠠ ᠮᠥᠴᠢᠷ ᠲᠤᠰ ᠪᠡᠶ᠎ᠡ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠵᠤ᠂ ᠬᠤᠯᠪᠤᠭᠳᠠᠯ ᠪᠦᠬᠦᠢ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃      ︵ᠭᠤᠷᠪᠠ︶ ᠬᠠᠷᠢᠭᠤᠴᠠᠯᠭ᠎ᠠ ᠶᠢ ᠬᠢᠨᠠᠨ ᠰᠢᠯᠭᠠᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ᠪᠠ ᠬᠠᠷᠠᠭᠠᠯᠵᠠᠭᠰᠠᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠢᠨᠠᠨ ᠰᠢᠯᠭᠠᠬᠤ ᠠᠷᠭ᠎ᠠ ᠶᠢ ᠨᠠᠶᠢᠷᠠᠭᠤᠯᠤᠨ ᠵᠣᠬᠢᠶᠠᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠵᠢᠴᠢ ᠦᠷ᠎ᠡ ᠪᠦᠲᠦᠮᠵᠢ ᠶᠢᠨ ᠣᠨ ᠤ ᠦᠨᠡᠯᠡᠨ ᠵᠢᠱᠢᠯᠲᠡ ᠶᠢ ᠥᠷᠨᠢᠬᠦᠯᠵᠦ᠂ ᠭᠤᠤᠯ ᠬᠠᠷᠠᠯᠲᠠ ᠶᠢᠨ ᠬᠦᠢᠴᠡᠳᠭᠡᠯ ᠲᠤᠭ᠎ᠠ᠂ ᠭᠤᠤᠯᠳᠠᠯᠭ᠎ᠠ ᠲᠠᠢ ᠡᠭᠦᠷᠭᠡ᠂ ᠴᠢᠬᠤᠯᠠ ᠶᠡᠭᠡ ᠲᠥᠷᠥ ᠶᠢᠨ ᠪᠣᠳᠣᠯᠭ᠎ᠠ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠰᠢᠯᠭᠠᠬᠤ ᠪᠠᠨ ᠴᠢᠩᠭᠠᠳᠬᠠᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠦᠭᠰᠡᠨ ᠪᠠᠶᠢᠳᠠᠯ ᠢ ᠵᠢᠯ ᠤᠨ ᠡᠴᠦᠰ ᠤᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠰᠢᠰᠲ᠋ᠧᠮᠵᠢ ᠳᠤ ᠣᠷᠣᠭᠤᠯᠬᠤ ᠬᠡᠷᠡᠭᠲᠡᠶ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠵᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠪᠦᠷᠢᠨᠰᠢᠬᠦᠯᠦᠨ᠂ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠪᠠ ᠬᠠᠷᠢᠭᠤᠴᠠᠯᠭ᠎ᠠ ᠶᠢ ᠲᠤᠳᠤᠷᠬᠠᠢ ᠪᠣᠯᠭᠠᠬᠤ ᠬᠡᠷᠡᠭᠲᠡᠢ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠳᠤ ᠲᠤᠰᠢᠶᠠᠯ ᠳᠠᠭᠠᠨ ᠣᠰᠣᠯᠳᠠᠵᠤ ᠬᠠᠷᠢᠭᠤᠴᠠᠯᠭ᠎ᠠ ᠠᠯᠳᠠᠭᠰᠠᠳ ᠲᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠤᠨ ᠲᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠲᠤᠰᠢᠶᠠᠯᠲᠠᠨ ᠤ ᠵᠠᠰᠠᠭ ᠤᠨ ᠶᠠᠪᠤᠳᠠᠯ ᠤᠨ ᠰᠢᠢᠳᠭᠡᠯ ᠤᠨ ᠬᠠᠤᠯᠢ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠬᠠᠷᠢᠭᠤᠴᠠᠯᠭ᠎ᠠ ᠨᠡᠬᠡᠮᠵᠢᠯᠡᠨ᠎ᠡ᠃      ︵ᠲᠦᠷᠪᠡ︶ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠷᠠᠳᠢᠣ᠋᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠣᠯᠠᠨ ᠵᠦᠢᠯ ᠤᠨ ᠵᠠᠭᠤᠴᠢᠯᠠᠭᠤᠷ ᠢ ᠭᠦᠢᠴᠡᠳ ᠠᠰᠢᠭᠯᠠᠨ᠂ ᠪᠣᠬᠢᠷᠲᠤᠯ ᠥᠬᠡᠶ ᠠᠭᠤᠷᠬᠠᠶ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠭᠤᠷᠬᠠᠶ ᠶᠢᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠳᠦᠨ ᠪᠠᠶᠢᠭᠤᠯᠬᠤ ᠢᠳᠡᠪᠬᠢᠵᠢᠯ ᠢ ᠴᠢᠩᠭᠠᠷᠠᠭᠤᠯᠤᠨ᠂ ᠣᠯᠠᠨ ᠨᠡᠶᠢᠲᠡ ᠶᠢᠨ ᠣᠷᠣᠯᠴᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠣᠯᠠᠨ ᠲᠦᠮᠡᠨ ᠤ ᠪᠣᠬᠢᠷᠲᠤᠯ ᠥᠬᠡᠶ ᠠᠭᠤᠷᠬᠠᠶ ᠶᠢ ᠡᠭᠦᠳᠦᠨ ᠪᠠᠶᠢᠭᠤᠯᠬᠤ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠨ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ