ᠮᠠᠨ ᠤ ᠬᠤᠲᠠ ᠶᠢᠨ 2021 ᠣᠨ ᠤ ︽ᠴᠡᠴᠡᠷᠯᠢᠭ ᠠᠴᠠ ᠪᠠᠭ᠎ᠠ ᠰᠤᠷᠭᠠᠭᠤᠯᠢ ᠳᠤ ᠳᠠᠪᠰᠢᠬᠤ︾ ᠮᠡᠳᠡᠭᠡ ᠵᠠᠩᠭᠢ ᠶᠢ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠴᠤᠭᠯᠠᠭᠤᠯᠤᠨ᠎ᠠ
ᠨᠡᠶᠢᠲᠡᠯᠡᠭᠰᠡᠨ ᠴᠠᠭ᠄
2021/4/30
      ︵ᠰᠤᠷᠪᠤᠯᠵᠢᠯᠠᠭᠴᠢ ᠮᠢᠶᠥᠥ ᠴᠢᠩ︶ ᠬᠤᠲᠠ ᠶᠢᠨ ᠰᠤᠷᠭᠠᠨ ᠬᠥᠮᠥᠵᠢᠯ ᠤᠨ ᠲᠣᠪᠴᠢᠶᠠᠨ ᠠᠴᠠ ᠣᠶᠢᠯᠠᠭᠠᠭᠰᠠᠨ ᠢᠶᠠᠷ᠂ ᠬᠥᠬᠡᠬᠤᠲᠠ ᠶᠢᠨ 2021 ᠣᠨ ᠤ  ᠪᠠᠭ᠎ᠠ ᠰᠤᠷᠭᠠᠭᠤᠯᠢ ᠳᠤ ᠣᠷᠣᠬᠤ ᠮᠡᠳᠡᠭᠡ ᠵᠠᠩᠭᠢ ᠶᠢ ᠴᠤᠭᠯᠠᠭᠤᠯᠬᠤ ᠠᠵᠢᠯ 5 ᠰᠠᠷ᠎ᠠ ᠶᠢᠨ 1 ᠤ ᠡᠳᠦᠷ ᠠᠴᠠ 31 ᠤ ᠡᠳᠦᠷ ᠪᠣᠯᠲᠠᠯ᠎ᠠ ᠶᠠᠪᠤᠭᠳᠠᠨ᠎ᠠ᠃ ᠰᠤᠷᠬᠤ ᠨᠠᠰᠤᠨ ᠤ ᠬᠡᠤᠬᠡᠳ ᠤᠨ ᠬᠤᠪᠢ ᠬᠥᠮᠦᠨ ᠤ ᠮᠡᠳᠡᠭᠡ ᠵᠠᠩᠭᠢ ᠶᠢ ︽ᠬᠥᠬᠡᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ᠶᠢᠨ ︽ᠬᠥᠬᠡᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭ᠎ᠠ ᠰᠤᠷᠭᠠᠭᠤᠯᠢ ᠳᠤ ᠣᠷᠣᠬᠤ ᠦᠢᠯᠡᠴᠢᠯᠡᠭᠡᠨ ᠤ ᠲᠠᠪᠴᠠᠩ︾ ᠳᠤ ᠳᠠᠩᠰᠠᠯᠠᠭᠤᠯᠵᠤ᠂ ᠬᠠᠮᠢᠶ᠎ᠠ ᠪᠥᠬᠦᠶ ᠲᠣᠳᠣᠷᠬᠠᠶᠢᠯᠠᠯᠲᠠ ᠪᠠ ᠰᠠᠨᠠᠭᠤᠯᠤᠮᠵᠢ ᠶᠢ ᠦᠨᠳᠦᠰᠦᠯᠡᠨ᠂ ᠲᠣᠭᠲᠠᠭᠰᠠᠨ ᠴᠠᠭ ᠤᠨ ᠳᠣᠲᠣᠷ᠎ᠠ ᠮᠡᠳᠡᠭᠦᠯᠵᠦ ᠪᠠᠷᠠᠬᠤ ᠬᠡᠷᠡᠭᠲᠡᠢ᠃      ᠣᠶᠢᠯᠠᠭᠠᠭᠰᠠᠨ ᠢᠶᠠᠷ᠂ ᠬᠤᠲᠠ ᠶᠢᠨ ᠲᠣᠭᠤᠷᠢᠭ ᠤᠨ ᠪᠠᠭ᠎ᠠ ᠰᠤᠷᠭᠠᠭᠤᠯᠢ ᠶᠢᠨ ᠡᠯᠰᠡᠬᠦ ᠰᠤᠷᠤᠭᠴᠢ ᠨᠢ ᠪᠦᠬᠦᠯᠢ 6 ᠨᠠᠰᠤ ︵2015 ᠣᠨ ᠤ 9 ᠰᠠᠷ᠎ᠠ ᠶᠢᠨ 1 ᠤ ᠡᠳᠦᠷ ᠠᠴᠠ ᠡᠮᠦᠨ᠎ᠡ ᠲᠥᠷᠥᠭᠰᠡᠨ︶ ᠬᠦᠷᠴᠦ ᠰᠤᠷᠤᠯᠴᠠᠬᠤ ᠴᠢᠳᠠᠪᠤᠷᠢ ᠲᠠᠢ ᠪᠥᠭᠡᠳ ᠳᠣᠤᠷᠠᠬᠢ ᠨᠥᠬᠦᠴᠡᠯ ᠤᠳ ᠤᠨ ᠨᠢᠭᠡ ᠳᠤᠨᠢ ᠨᠡᠶᠢᠴᠡᠬᠦ ᠬᠡᠷᠡᠭᠲᠡᠢ᠄ 1. ᠬᠤᠲᠠ ᠶᠢᠨ ᠲᠣᠭᠤᠷᠢᠭ ᠤᠨ ᠡᠷᠦᠬᠡ ᠠᠮᠠ ᠲᠠᠢ ᠰᠤᠷᠬᠤ ᠨᠠᠰᠤᠨ ᠤ ᠬᠡᠤᠬᠡᠳ᠃ 2. ᠬᠤᠲᠠ ᠶᠢᠨ ᠲᠣᠭᠤᠷᠢᠭ ᠲᠤ ᠬᠠᠤᠯᠢ ᠶᠣᠰᠣᠭᠠᠷ ᠲᠣᠭᠲᠠᠪᠤᠷᠢᠲᠠᠶ ᠰᠠᠭᠤᠷᠢᠰᠢᠭᠰᠠᠨ ᠪᠠ ᠠᠵᠢᠯ ᠣᠯᠣᠭᠰᠠᠨ᠂ ᠬᠤᠯᠪᠣᠭᠳᠠᠯ ᠪᠦᠬᠦᠢ ᠦᠨᠡᠨ ᠪᠣᠳᠠᠲᠠᠶ ᠣᠨᠣᠪᠴᠢᠲᠠᠶ ᠮᠡᠳᠡᠭᠡ ᠵᠠᠩᠭᠢ ᠶᠢᠨ ᠮᠠᠲ᠋ᠧᠷᠢᠶᠠᠯ ᠢ ᠬᠠᠩᠭᠠᠵᠤ ᠳᠡᠶᠢᠯᠬᠦ ᠮᠥᠷᠲᠡᠭᠡᠨ ᠲᠣᠭᠲᠠᠭᠠᠯ ᠳᠤ ᠨᠡᠶᠢᠴᠡᠬᠦ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠳᠠᠭᠠᠭᠤᠯᠵᠤ ᠢᠷᠡᠭᠰᠡᠨ ᠦᠷ᠎ᠡ ᠬᠡᠦᠬᠡᠳ᠃      ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠰᠠᠨᠠᠭᠤᠯᠤᠭᠰᠠᠨ ᠨᠢ᠂ ᠲᠣᠭᠲᠠᠭᠰᠠᠨ ᠴᠠᠭ ᠤᠨ ᠳᠣᠲᠣᠷ᠎ᠠ ᠳᠠᠩᠰᠠᠯᠠᠭᠤᠯᠤᠭᠰᠠᠨ ᠥᠬᠡᠶ ᠪᠤᠶᠤ ᠬᠤᠪᠢ ᠬᠥᠮᠦᠨ ᠤ ᠮᠡᠳᠡᠭᠡ ᠵᠠᠩᠭᠢ ᠪᠠᠨ ᠮᠡᠳᠡᠭᠦᠯᠦᠭᠰᠡᠨ ᠥᠬᠡᠶ ᠰᠣᠷᠣᠭᠴᠢ ᠶᠢ ᠲᠣᠰ ᠭᠠᠵᠠᠷ ᠣᠷᠣᠨ ᠤ ᠰᠤᠷᠭᠠᠭᠤᠯᠢ ᠳᠤ ᠣᠷᠣᠬᠤ ᠬᠡᠷᠡᠭᠴᠡᠭᠡ ᠥᠬᠡᠶ ᠪᠠᠷ ᠦᠵᠡᠨ᠎ᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ