ᠮᠠᠨ ᠤ ᠬᠤᠲᠠ ︽ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠭᠠᠰᠢᠭᠤᠳᠠᠵᠤ ᠡᠭᠦᠷᠢᠳᠡ ᠨᠠᠮ ᠤᠨ ᠳᠠᠭᠠᠨ᠎ᠠ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/6
ᠸᠠᠩ ᠯᠢ ᠰᠢᠶᠠ  ᠾᠧ ᠬᠠᠢ ᠳ᠋ᠦᠩ  ᠪᠠᠢ ᠶᠦᠩ ᠫᠢᠩ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ︶ ᠦᠷᠡᠭᠳᠡᠭᠰᠡᠨ ᠪᠠᠭᠠᠲᠤᠷᠴᠤᠳ ᠲᠤ ᠰᠣᠷᠭᠤᠭ ᠴᠡᠴᠡᠭ ᠬᠦᠷᠭᠡᠨ ᠰᠢᠳᠤᠷᠭᠤ ᠰᠦᠨᠡᠰᠦ ᠤᠳ ᠢ ᠭᠠᠰᠢᠭᠤᠳᠠᠨ ᠳᠤᠷᠠᠰᠪᠠ᠃ 4 ᠳ᠋ᠦ᠋ᠭᠡᠷ ᠰᠠᠷ᠎ᠠ ᠶᠢᠨ 3 ᠤ ᠡᠳᠦᠷ᠂ ᠮᠠᠨ ᠤ ᠬᠤᠲᠠ ᠳᠠᠯᠠᠨ ᠬᠠᠷ᠎ᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ ᠲᠤ ︽ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠭᠠᠰᠢᠭᠤᠳᠠᠵᠤ ᠡᠭᠦᠷᠢᠳᠡ ᠨᠠᠮ ᠤᠨ ᠳᠠᠭᠠᠨ᠎ᠠ︾ ᠠᠵᠢᠯᠯᠠᠭ᠎ᠠ ᠥᠷᠨᠢᠭᠦᠯᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠠᠯᠠᠷᠠᠰᠢ ᠦᠭᠡᠢ ᠭᠠᠪᠢᠶ᠎ᠠ ᠵᠢᠳᠬᠦᠯ ᠢ ᠭᠦᠨ᠎ᠡ ᠳᠤᠷᠠᠰᠤᠨ ᠮᠥᠷᠥᠭᠡᠳᠴᠦ᠂ ᠠᠷᠠᠳ ᠤᠨ ᠪᠠᠭᠠᠲᠤᠷᠴᠤᠳ ᠲᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃      ᠬᠠᠩᠰᠢ ᠶᠢᠨ ᠡᠳᠦᠷ ᠳᠠᠯᠠᠨ ᠬᠠᠷ᠎ᠠ ᠨᠣᠭᠤᠭᠠᠨ ᠢᠶᠠᠷ ᠲᠤᠶᠠᠭᠠᠷᠠᠨ᠂ ᠲᠤᠭᠤᠷ ᠭᠦᠢᠯᠡᠰᠦ ᠶᠢᠨ ᠴᠡᠴᠡᠭᠡᠰ ᠥᠩᠭᠡ ᠪᠤᠯᠢᠶᠠᠯᠳᠤᠨ᠎ᠠ᠃ ᠳᠠᠬᠢᠯᠭ᠎ᠠ ᠶᠢᠨ ᠠᠬᠤᠢ ᠲᠠᠯᠠᠪᠠᠢ ᠲᠥᠪ ᠬᠢᠴᠢᠶᠡᠩᠭᠦᠢ ᠡᠮᠬᠢ ᠵᠢᠷᠤᠮ ᠲᠠᠢ᠃ ᠲᠠᠯᠠᠪᠠᠢ ᠶᠢᠨ ᠭᠤᠣᠯ ᠳᠤᠮᠳᠠ ᠰᠦᠨᠳᠡᠷᠯᠡᠭᠰᠡᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠬᠥᠰᠢᠶᠡᠨ ᠳᠡᠭᠡᠷ᠎ᠡ ︽ᠠᠷᠠᠳ ᠤᠨ ᠪᠠᠭᠠᠲᠤᠷᠴᠤᠳ ᠥᠨᠢᠳᠡ ᠪᠠᠯᠠᠷᠠᠰᠢ ᠦᠭᠡᠢ︾ ᠭᠡᠰᠡᠨ ᠬᠡᠳᠦᠨ ᠦᠰᠦᠭ ᠨᠠᠷᠠᠨ ᠤ ᠲᠤᠶᠠᠭᠠᠨ ᠳᠤ ᠥᠩᠭᠡ ᠲᠠᠢ ᠭᠡᠷᠡᠯ ᠲᠠᠢ ᠴᠤᠭ ᠲᠠᠢ᠃      ᠦᠳᠡ ᠶᠢᠨ ᠡᠮᠦᠨ᠎ᠡ ᠶᠢᠨ 9 ᠴᠠᠭ ᠲᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠢ ᠶᠦᠩ ᠫᠢᠩ ᠵᠢᠴᠢ ᠳᠥᠷᠪᠡᠨ ᠶᠡᠭᠡ ᠪᠠᠭ ᠤᠨ ᠤᠳᠤᠷᠢᠳᠤᠯᠭ᠎ᠠ ᠲᠠᠯᠠᠷᠬᠠᠭᠰᠠᠨ ᠰᠡᠳᠬᠢᠯᠭᠡ ᠪᠠ ᠬᠦᠨᠳᠦᠳᠬᠡᠭᠰᠡᠨ ᠰᠡᠳᠬᠢᠯᠭᠡ ᠶᠢ ᠡᠪᠦᠷᠲᠦᠯᠡᠨ ᠳᠤᠷᠠᠰᠬᠠᠯ ᠤᠨ ᠲᠠᠯᠠᠪᠠᠢ ᠳᠤ ᠬᠦᠷᠴᠦ᠂ ᠨᠠᠮ ᠵᠢᠮᠬᠡᠨ ᠲᠥᠪ ᠵᠣᠭᠰᠣᠪᠠ᠃       ᠰᠦᠷ ᠵᠢᠪᠬᠤᠯᠠᠩᠲᠤ ︽ᠵᠢᠷᠤᠮ ᠤᠨ ᠴᠡᠷᠢᠭ ᠤᠨ ᠤᠷᠤᠭᠰᠢᠯᠠᠬᠤ ᠬᠥᠭᠵᠢᠮ︾ ᠤᠨ ᠠᠶᠠᠰ ᠢ ᠲᠠᠭᠠᠨ᠂ ᠪᠦᠬᠦ ᠲᠠᠯᠠᠪᠠᠢ ᠪᠠᠷ ᠢᠶᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠥᠨᠳᠥᠷᠯᠡᠭᠦᠯᠦᠨ ᠳᠠᠭᠤᠯᠠᠪᠠ᠃ ᠰᠦᠯᠳᠡ ᠳᠠᠭᠤᠨ ᠤ ᠳᠠᠷᠠᠭ᠎ᠠ᠂ ᠪᠦᠬᠦ ᠲᠠᠯᠠᠪᠠᠢ ᠪᠠᠷ ᠢᠶᠠᠨ ᠬᠢᠴᠢᠶᠡᠩᠭᠦᠶᠢᠯᠡᠨ ᠵᠣᠭᠰᠣᠵᠤ᠂ ᠳᠤᠮᠳᠠᠳᠤ ᠤᠯᠤᠰ ᠤᠨ ᠠᠷᠠᠳ ᠲᠦᠮᠡᠨ ᠤ ᠴᠢᠯᠦᠭᠡᠯᠡᠯᠲᠡ ᠶᠢᠨ ᠦᠢᠯᠡᠰ ᠪᠠ ᠪᠦᠭᠦᠳᠡ ᠨᠠᠶᠢᠷᠠᠮᠳᠠᠬᠤ ᠤᠯᠤᠰ ᠢ ᠪᠦᠲᠦᠭᠡᠨ ᠪᠠᠶᠢᠭᠤᠯᠬᠤ ᠦᠢᠯᠡᠰ ᠲᠤ ᠡᠷᠡᠯᠬᠡᠭ ᠢᠶᠠᠷ ᠨᠠᠰᠤ ᠦᠷᠡᠭᠳᠡᠭᠰᠡᠨ ᠪᠠᠭᠠᠲᠤᠷᠴᠤᠳ ᠢ ᠭᠠᠰᠢᠭᠤᠳᠠᠨ᠂ ᠨᠠᠮ ᠤᠨ ᠲᠤᠭ ᠲᠠᠭᠠᠨ ᠨᠠᠮ ᠳᠤ ᠣᠷᠣᠬᠤ ᠲᠠᠩᠭᠠᠷᠢᠭ ᠢᠶᠠᠨ ᠳᠠᠬᠢᠨᠲᠠ ᠳᠠᠪᠲᠠᠪᠠ᠃      ᠳᠠᠷᠠᠭ᠎ᠠ ᠨᠢ᠂ 8 ᠶᠣᠰᠣᠯᠠᠯ ᠤᠨ ᠴᠡᠷᠢᠭ 4 ᠲᠤᠮᠤ ᠴᠡᠴᠡᠭᠲᠦ ᠰᠠᠭᠰᠤ ᠶᠢ ᠯᠠᠪᠳᠠᠭᠤᠬᠠᠨ ᠡᠷᠭᠦᠨ ᠠᠯᠭᠤᠷᠬᠠᠨ ᠠᠯᠬᠤᠵᠤ᠂ ᠴᠡᠴᠡᠭᠲᠦ ᠰᠠᠭᠰᠤ ᠪᠠᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ ᠲᠡᠷᠢ ᠲᠡᠭᠰᠢ ᠵᠢᠭᠰᠠᠭᠠᠵᠤ᠂ ᠬᠤᠳᠠ ᠶᠢᠨ ᠲᠦᠷᠪᠡᠨ ᠶᠡᠭᠡ ᠪᠠᠭ ᠤᠨ ᠭᠤᠣᠯ ᠤᠳᠤᠷᠢᠳᠤᠯᠭ᠎ᠠ ᠱᠠᠳᠤ ᠳᠠᠷᠠᠭᠠᠯᠠᠨ ᠠᠯᠬᠤᠵᠤ᠂ ᠳᠤᠷᠠᠰᠬᠠᠯ ᠤᠨ ᠬᠥᠰᠢᠶ᠎ᠡ ᠳᠤ ᠠᠯᠭᠤᠷᠬᠠᠨ ᠣᠶᠢᠷᠠᠲᠤᠵᠤ᠂ ᠴᠡᠴᠡᠭᠲᠦ ᠰᠠᠭᠰᠤ ᠶᠢᠨ ᠲᠣᠷᠭᠠᠨ ᠪᠦᠴᠡ ᠶᠢ ᠨᠠᠷᠢᠨ ᠨᠢᠮᠪᠠᠢ ᠡᠮᠬᠢᠯᠡᠨ᠂ ᠠᠷᠠᠳ ᠤᠨ ᠪᠠᠭᠠᠲᠤᠷᠴᠤᠳ ᠢ ᠬᠢᠵᠠᠭᠠᠯᠠᠰᠢ ᠦᠭᠡᠢ ᠬᠦᠨᠳᠦᠳᠬᠡᠨ ᠪᠢᠰᠢᠷᠡᠵᠦ ᠪᠠᠶᠢᠬᠤ ᠪᠠ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠡᠢ᠃       ᠪᠠᠭᠠᠲᠤᠷᠴᠤᠳ ᠢᠶᠠᠨ ᠥᠨᠢᠳᠡ ᠴᠡᠭᠡᠵᠢᠯᠡᠵᠦ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠮᠥᠷᠥᠭᠡᠳᠬᠦ ᠨᠢ ᠥᠴᠥᠭᠡᠳᠦᠷ ᠤᠨ ᠪᠠᠭᠠᠲᠤᠷᠴᠤᠳ ᠲᠠᠭᠠᠨ ᠲᠠᠯᠠᠷᠬᠠᠵᠤ᠂ ᠥᠨᠥᠳᠦᠷ ᠤᠨ ᠠᠮᠤᠷ ᠲᠣᠭᠲᠠᠭᠤᠨ ᠢᠶᠠᠨ ᠨᠠᠨᠳᠢᠩᠨᠠᠬᠤ ᠶᠢᠨ ᠲᠥᠯᠥᠭᠡ ᠶᠤᠮ᠂ ᠮᠥᠨᠴᠦ ᠬᠦᠨᠳᠦ ᠨᠦᠰᠡᠷ ᠲᠡᠦᠬᠡ ᠠᠴᠠ ᠠᠭᠤᠤ ᠶᠡᠭᠡ ᠤᠶᠤᠨ ᠰᠠᠨᠠᠭᠠᠨ ᠤ ᠬᠦᠴᠦᠨ ᠢ ᠤᠯᠬᠤ ᠶᠢᠨ ᠲᠥᠯᠥᠭᠡ ᠶᠤᠮ᠃ ᠤᠯᠠᠨ ᠢᠶᠠᠷ ᠢᠶᠠᠨ᠂ ᠪᠦᠬᠦ ᠬᠤᠳᠠ ᠶᠢ ᠳᠠᠶᠢᠴᠢᠯᠠᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠵᠠᠯᠭᠠᠮᠵᠢᠯᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ︽ᠦᠵᠡᠰᠬᠦᠯᠡᠩᠲᠦ ᠰᠠᠶᠢᠬᠠᠨ ᠬᠥᠬᠡᠬᠤᠲᠠ · ᠥᠨᠢᠷ ᠪᠠᠶᠠᠯᠢᠭ ᠲᠠᠯ᠎ᠠ ᠶᠢᠨ ᠬᠤᠳᠠ︾ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃       ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠶ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ