ᠬᠤᠷᠢᠨᠭᠡᠷ ᠰᠢᠨ᠎ᠡ ᠲᠣᠭᠤᠷᠢᠭ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠯᠠᠮᠵᠢ ᠶᠢᠨ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠᠨ ᠪᠡᠶᠡᠯᠡᠭᠦᠯᠬᠦ ᠬᠤᠷᠠᠯ ᠬᠢᠪᠡ
ᠨᠡᠶᠢᠲᠡᠯᠡᠭᠰᠡᠨ ᠴᠠᠭ᠄
2021/4/6
ᠲᠣᠭᠤᠷᠢᠭ ᠲᠤ ᠣᠷᠣᠵᠤ ᠰᠠᠭᠤᠭᠰᠠᠨ 11 ᠠᠵᠤ ᠠᠬᠤᠶᠢᠯᠠᠯ ᠳᠤ ᠠᠮᠠᠯᠠᠭᠰᠠᠨ 966.4 ᠲᠦᠮᠡᠨ ᠲᠥᠭᠦᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠯᠠᠮᠵᠢ ᠶᠢᠨ ᠲᠥᠷᠥ ᠶᠢᠨ ᠪᠣᠳᠣᠯᠭ᠎ᠠ ᠶᠢᠨ ᠱᠠᠩᠨᠠᠯ ᠨᠥᠬᠦᠪᠦᠷᠢ ᠪᠡᠯᠡ ᠮᠥᠩᠭᠦ ᠪᠠᠨ ᠣᠯᠭᠤᠪᠠ᠃      ︵ᠰᠤᠷᠪᠤᠯᠵᠢᠯᠠᠭᠴᠢ ᠯᠢᠦ ᠯᠢ ᠰᠢᠶᠠ︶ ᠲᠦᠷᠦᠭᠦᠬᠡᠨ ᠳᠤ᠂ ᠬᠤᠷᠢᠨᠭᠡᠷ ᠰᠢᠨ᠎ᠡ ᠲᠣᠭᠤᠷᠢᠭ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠯᠠᠮᠵᠢ ᠶᠢᠨ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠᠨ ᠪᠡᠶᠡᠯᠡᠭᠦᠯᠬᠦ ᠬᠤᠷᠠᠯ ᠬᠢᠵᠦ᠂ ᠬᠤᠷᠠᠯ ᠳᠡᠭᠡᠷ᠎ᠡ ᠥᠪᠥᠷ ᠮᠣᠩᠭᠤᠯ ᠤᠨ ᠴᠢᠩ ᠶᠤᠸᠠᠨ ᠯᠢᠤᠢ ᠰᠧ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ᠂ ᠰᠢᠩ ᠶᠧ ᠪᠠᠩᠬᠢ ᠵᠡᠷᠭᠡ ᠲᠣᠭᠤᠷᠢᠭ ᠲᠤ ᠣᠷᠣᠵᠤ ᠰᠠᠭᠤᠭᠰᠠᠨ 11 ᠠᠵᠤ ᠠᠬᠤᠶᠢᠯᠠᠯ ᠳᠤ ᠠᠮᠠᠯᠠᠭᠰᠠᠨ ᠨᠡᠶᠢᠲᠡ 966.4 ᠲᠦᠮᠡᠨ ᠲᠥᠭᠦᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠯᠠᠮᠵᠢ ᠶᠢᠨ ᠲᠥᠷᠥ ᠶᠢᠨ ᠪᠣᠳᠣᠯᠭ᠎ᠠ ᠶᠢᠨ ᠱᠠᠩᠨᠠᠯ ᠨᠥᠬᠦᠪᠦᠷᠢ ᠪᠡᠯᠡ ᠮᠥᠩᠭᠦ ᠪᠠᠨ ᠣᠯᠭᠤᠪᠠ᠃ ᠡᠨᠡ ᠨᠢ ᠰᠢᠨ᠎ᠡ ᠲᠣᠭᠤᠷᠢᠭ ᠤᠨ ᠵᠠᠯᠭᠠᠭ᠎ᠠ ᠪᠠᠷ ᠭᠤᠷᠪᠠᠨ ᠵᠢᠯ ᠭᠡᠷ᠎ᠡ ᠪᠠᠨ ᠭᠦᠢᠴᠡᠳᠬᠡᠨ ᠠᠮᠠᠯᠠᠭᠰᠠᠨ ᠢᠶᠠᠨ ᠪᠡᠶᠡᠯᠡᠭᠦᠯᠵᠦ᠂ ᠣᠷᠣᠵᠤ ᠰᠠᠭᠤᠭᠰᠠᠨ ᠠᠵᠤ ᠠᠬᠤᠶᠢᠯᠠᠯ ᠳᠤ  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠯᠠᠮᠵᠢ ᠶᠢᠨ ᠲᠥᠷᠥ ᠶᠢᠨ ᠪᠣᠳᠣᠯᠭ᠎ᠠ ᠶᠢᠨ ᠱᠠᠩᠨᠠᠯ ᠨᠥᠬᠦᠪᠦᠷᠢ ᠪᠡᠯᠡ ᠮᠥᠩᠭᠦ ᠪᠠᠨ ᠣᠯᠭᠤᠭᠰᠠᠨ ᠶᠠᠪᠤᠳᠠᠯ ᠪᠣᠯᠣᠨ᠎ᠠ᠃      ᠡᠨᠡ ᠤᠳᠠᠭᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠯᠠᠮᠵᠢ ᠶᠢᠨ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠᠨ ᠪᠡᠶᠡᠯᠡᠭᠦᠯᠬᠦ ᠬᠤᠷᠠᠯ  ᠨᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ᠂ ᠬᠥᠬᠡᠬᠤᠲᠠ ᠶᠢᠨ ᠲᠡᠷᠢᠭᠦᠨ ᠤ ᠬᠢ  ᠲᠠᠢ ᠬᠠᠷᠢᠴᠠᠭᠤᠯᠤᠨ ᠰᠤᠷᠲᠠᠯ ᠢᠶᠠᠨ ᠬᠤᠪᠢᠷᠠᠭᠤᠯᠤᠨ ᠣᠷᠴᠢᠨ ᠨᠥᠬᠦᠴᠡᠯ ᠢ ᠰᠢᠯᠢᠳᠡᠭᠵᠢᠭᠦᠯᠦᠨ ᠬᠥᠭᠵᠢᠯᠲᠡ ᠶᠢ ᠠᠬᠢᠭᠤᠯᠬᠤ ᠶᠡᠭᠡ ᠬᠤᠷᠠᠯ ᠪᠣᠯᠣᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠠᠮᠠᠯᠠᠯᠲᠠ ᠪᠠᠨ ᠪᠡᠶᠡᠯᠡᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠮᠥᠨᠴᠦ ᠰᠢᠨ᠎ᠡ ᠲᠣᠭᠤᠷᠢᠭ ᠠᠮᠠᠯᠠᠯᠲᠠ ᠪᠠᠨ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠪᠠᠨ ᠭᠦᠢᠴᠡᠳᠬᠡᠵᠦ᠂ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠭᠰᠡᠨ ᠪᠣᠳᠠᠲᠠᠢ ᠠᠵᠢᠯᠯᠠᠭ᠎ᠠ ᠮᠥᠨ᠂ ᠡᠭᠦᠨ ᠤ ᠬᠠᠮᠲᠤ ᠪᠠᠰᠠᠴᠤ ᠨᠡᠶᠢᠭᠡᠮ ᠤᠨ ᠡᠯ᠎ᠡ ᠡᠲᠡᠭᠡᠳ ᠲᠤ ᠢᠯᠡᠳᠬᠡᠭᠰᠡᠨ ᠰᠢᠨ᠎ᠡ ᠲᠣᠭᠤᠷᠢᠭ ᠤᠨ ᠬᠤᠳᠠᠯᠳᠤᠭᠠᠴᠢᠨ ᠢ ᠳᠣᠲᠣᠨᠣᠴᠢᠯᠠᠵᠤ ᠬᠤᠳᠠᠯᠳᠤᠭᠠᠴᠢᠨ ᠲᠠᠢ ᠨᠥᠬᠦᠷᠰᠡᠵᠦ ᠬᠤᠳᠠᠯᠳᠤᠭᠠᠴᠢᠨ ᠢ ᠪᠠᠶᠠᠵᠢᠭᠤᠯᠬᠤ ᠢᠯᠡᠷᠬᠡᠢ ᠣᠪᠣᠷ ᠪᠠᠶᠢᠵᠤ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠴᠢᠳᠠᠯ ᠢ ᠤᠯᠠᠮ ᠨᠢᠭᠡ ᠠᠯᠬᠤᠮ ᠵᠣᠷᠢᠭᠵᠢᠭᠤᠯᠤᠨ᠂ ᠳᠠᠶᠢᠴᠢᠯᠠᠨ᠂ ᠨᠢᠭᠲᠠᠷᠠᠭᠤᠯᠤᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠢᠳᠡᠪᠬᠢᠲᠡᠢ ᠣᠷᠣᠯᠴᠠᠭᠤᠯᠤᠨ᠂ ᠰᠢᠨ᠎ᠡ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠤᠯᠠᠮ ᠨᠢᠭᠡ ᠰᠢᠨ᠎ᠡ ᠳᠡᠭᠲᠡᠷ ᠲᠤ ᠭᠠᠷᠭᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ