ᠬᠤᠷᠢᠨᠭᠡᠷ ᠰᠢᠶᠠᠨ 2021 ᠣᠨ ᠤ ︽ᠱᠠᠯᠢᠭ ᠵᠠᠪᠠᠭ᠋ᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/7
      3 ᠳ᠋ᠤᠭᠠᠷ ᠰᠠᠷ᠎ᠠ ᠶᠢᠨ 31 ᠤ ᠡᠳᠦᠷ᠂ ᠬᠤᠷᠢᠨᠭᠡᠷ ᠰᠢᠶᠠᠨ ᠤ 2021 ᠣᠨ ᠤ ︽ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠬᠤᠷᠠᠯ ᠬᠠᠮ ᠵᠠᠭᠤᠴᠢᠯᠠᠭᠤᠷ ᠤᠨ ᠲᠥᠪ ᠤᠨ ᠬᠤᠶᠠᠳᠤᠭᠠᠷ ᠳᠠᠪᠬᠤᠷᠯᠢᠭ ᠤᠨ ᠬᠤᠷᠠᠯ ᠤᠨ ᠬᠡᠷ ᠲᠤ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠰᠢᠶᠠᠨ ᠤ ︽ᠱᠠᠯᠢᠭ ᠵᠠᠪᠠᠭ᠋ᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᡁᠢ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃       ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠶᠢᠨ ᠫᠢᠩ ᠤᠨ ᠪᠦᠬᠦ ᠬᠤᠳᠠ ᠶᠢᠨ ︽ᠱᠠᠯᠢᠭ ᠵᠠᠪᠠᠭ᠋ᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠤᠷᠢᠨᠭᠡᠷ ᠰᠢᠶᠠᠨ ᠤ 2021 ᠣᠨ ᠤ ︿ᠱᠠᠯᠢᠭ ᠵᠠᠪᠠᠭ᠋ᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ﹀ ᠠᠵᠢᠯᠯᠠᠭ᠎ᠠ ᠶᠢᠨ ᠲᠥᠰᠦᠯ︾ ᠪᠣᠯᠤᠨ ︽2021 ᠣᠨ ᠤ ︿ᠱᠠᠯᠢᠭ ᠵᠠᠪᠠᠭ᠋ᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ﹀ ᠠᠵᠢᠯ ᠤᠨ ᠭᠤᠣᠯᠳᠠᠯᠭ᠎ᠠ︾ ᠶᠢ ᠤᠩᠰᠢᠨ ᠨᠡᠶᠢᠲᠡᠯᠡᠵᠦ᠂ ᠪᠦᠬᠦ ᠵᠢᠯ ᠳᠤ ᠵᠣᠬᠢᠶᠠᠨ ᠪᠠᠶᠢᠭᠤᠯᠵᠤ ᠥᠷᠨᠢᠭᠦᠯᠦᠭᠰᠡᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠳᠤ ᠪᠣᠳᠠᠲᠠᠢ ᠪᠠᠶᠢᠷᠢᠯᠠᠭᠤᠯᠤᠯᠲᠠ ᠬᠢᠵᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠮᠥᠨ᠂ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠰᠡᠷᠭᠡᠭ ᠴᠢᠨᠠᠷ ᠪᠣᠯᠤᠨ ᠰᠣᠨᠣᠷ ᠰᠡᠷᠡᠮᠵᠢ ᠪᠠᠨ ᠢᠮᠠᠭᠲᠠ ᠪᠠᠲᠤᠯᠠᠵᠤ᠂ ᠠᠵᠢᠯ ᠤᠨ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠮᠡᠳᠡᠵᠤ ᠬᠠᠷᠢᠭᠤᠴᠠᠯᠭ᠎ᠠ ᠪᠠᠨ ᠲᠣᠳᠣᠷᠬᠠᠶᠢᠯᠠᠵᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠯᠠᠭ᠎ᠠ ᠮᠥᠴᠢᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠠᠵᠢᠯ ᠤᠨ ᠰᠡᠳᠬᠢᠴᠡ ᠪᠠᠨ ᠲᠣᠳᠣᠷᠬᠠᠶᠢᠯᠠᠵᠤ᠂ ᠬᠡᠷᠡᠭᠵᠢᠭᠦᠯᠬᠦ ᠲᠥᠰᠦᠯ ᠲᠣᠭᠲᠠᠭᠠᠵᠤ᠂ ᠠᠵᠢᠯᠯᠠᠭ᠎ᠠ ᠶᠢᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠬᠦᠯᠢᠶᠡᠬᠦ ᠦᠭᠡᠢ ᠲᠦᠰᠢᠭᠯᠡᠬᠦ ᠦᠭᠡᠢ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠳᠦᠷ ᠲᠤᠳᠤᠮ ᠤᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠪᠡ᠃       ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠠᠵᠢᠯ ᠤᠨ ᠠᠵᠢᠯᠯᠠᠭᠠᠨ ᠤ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠠᠨ ᠤ ᠰᠢᠶᠠᠨ ᠤ ︽ᠱᠠᠯᠢᠭ ᠵᠠᠪᠠᠭ᠋ᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠵᠠᠰᠠᠯᠲᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠰᠦᠯᠵᠢᠶᠡᠨ ᠤ ᠠᠵᠢᠯᠲᠠᠨ᠂ ᠦᠨᠳᠦᠰᠦᠨ ᠱᠠᠲᠤᠨ ᠤ ᠥᠷᠲᠡᠭᠡ ᠴᠡᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠳᠣᠬᠠᠨ ᠤ ᠪᠦᠬᠦ ᠤᠯᠤᠰ ᠤᠨ ᠪᠣᠯᠪᠠᠰᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠬᠠᠤᠯᠢ ᠲᠣᠭᠲᠠᠭᠠᠯ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠤᠯᠠᠨ ᠲᠦᠮᠡᠨ ᠢ ᠳᠠᠶᠢᠴᠢᠯᠠᠨ ︽ᠱᠠᠯᠢᠭ ᠵᠠᠪᠠᠭ᠋ᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠳᠤ ᠢᠳᠡᠪᠬᠢᠲᠡᠢ ᠣᠷᠣᠯᠴᠠᠭᠤᠯᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠵᠦ ᠰᠡᠷᠭᠡᠶᠢᠯᠡᠨ ᠡᠵᠡᠮᠳᠡᠬᠦ ᠲᠣᠣᠷ ᠢ ᠪᠠᠲᠤ ᠪᠠᠶᠢᠭᠤᠯᠵᠤ᠂ ᠬᠥᠮᠦᠨ ᠪᠦᠬᠦᠨ ᠢ ︽ᠱᠠᠯᠢᠭ ᠵᠠᠪᠠᠭ᠋ᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠳᠤ ᠣᠷᠣᠯᠴᠠᠭᠤᠯᠬᠤ ᠶᠢ ᠦᠨᠳᠦᠰᠦᠨ ᠱᠠᠲᠤᠨ ᠤ ᠬᠡᠪᠯᠡᠭᠳᠡᠬᠦᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨ᠎ᠡ ᠬᠡᠪ ᠪᠠᠶᠢᠳᠠᠯ ᠪᠣᠯᠭᠠᠵᠤ᠂ ᠮᠠᠨ ᠤ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠦᠴᠦᠲᠡᠢ ᠬᠠᠮᠠᠭᠠᠯᠠᠵᠤ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠨᠡᠶᠢᠭᠡᠮ ᠤᠨ ᠠᠮᠤᠷ ᠲᠦᠪᠰᠢᠨ ᠤᠯᠤᠰ ᠲᠦᠷᠦ ᠶᠢᠨ ᠠᠮᠤᠷ ᠲᠦᠪᠰᠢᠨ ᠢ ᠪᠠᠲᠤᠯᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃       ᠬᠤᠷᠠᠯ ᠳᠡᠭᠡᠷ᠎ᠡ᠂ ᠮᠠᠨ ᠤ ᠰᠢᠶᠠᠨ ᠤ 2020 ᠣᠨ ᠤ ︽ᠱᠠᠯᠢᠭ ᠵᠠᠪᠠᠭ᠋ᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠭᠦᠭᠰᠡᠨ︾ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠢ ᠮᠠᠭᠲᠠᠨ ᠰᠠᠶᠢᠰᠢᠶᠠᠪᠠ᠃ ᠰᠢᠶᠠᠨ ᠤ ︽ᠱᠠᠯᠢᠭ ᠵᠠᠪᠠᠭ᠋ᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ