ᠰᠢᠨ᠎ᠡ ᠬᠤᠲᠠ ᠲᠣᠭᠤᠷᠢᠭ 2021 ᠣᠨ ᠤ ᠠᠷᠠᠳ ᠤᠨ ᠶᠠᠪᠤᠳᠠᠯ ᠤᠨ ᠠᠵᠢᠯ ᠤᠨ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/7
      4 ᠳ᠋ᠦ᠋ᠭᠡᠷ ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ 2021 ᠣᠨ ᠤ ᠠᠷᠠᠳ ᠤᠨ ᠶᠠᠪᠤᠳᠠᠯ ᠤᠨ ᠠᠵᠢᠯ ᠤᠨ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ ᠠᠷᠠᠳ ᠤᠨ ᠶᠠᠪᠤᠳᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠪᠠ᠃ ᠬᠤᠷᠠᠯ ᠳᠡᠭᠡᠷ᠎ᠡ᠂ ᠰᠢᠨ᠎ᠡ ᠬᠤᠲᠠ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠦ᠋ ᠴᠢᠶᠦ᠋ᠩ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠵᠢᠴᠢ 2020 ᠣᠨ ᠤ ᠠᠷᠠᠳ ᠤᠨ ᠶᠠᠪᠤᠳᠠᠯ ᠤᠨ ᠠᠵᠢᠯ ᠢ ᠳ᠋ᠦᠩᠨᠡᠨ ᠡᠷᠭᠢᠴᠡᠭᠦᠯᠵᠦ᠂ 2021 ᠣᠨ ᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ︔ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠰᠢᠶᠤᠤ ᠬᠤᠢ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃
4 7 1.png
      ᠬᠤᠷᠠᠯ ᠠᠴᠠ ᠵᠢᠭᠠᠵᠤ ᠭᠠᠷᠭᠠᠭᠰᠠᠨ ᠨᠢ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠠᠷᠠᠳ ᠤᠨ ᠶᠠᠪᠤᠳᠠᠯ ᠤᠨ ᠠᠵᠢᠯ ᠢᠯᠡᠳᠲᠡ ᠠᠮᠵᠢᠯᠲᠠ ᠪᠦᠲᠦᠮᠵᠢ ᠣᠯᠵᠤ᠂ 2020 ᠣᠨ ᠳᠤ ᠰᠢᠨ᠎ᠡ ᠬᠤᠲᠠ ᠲᠣᠭᠤᠷᠢᠭ ᠤᠨ ᠠᠷᠠᠳ ᠤᠨ ᠶᠠᠪᠤᠳᠠᠯ ᠤᠨ ᠰᠢᠰᠲ᠋ᠧᠮᠵᠢ ᠦᠵᠡᠯ ᠰᠠᠨᠠᠭ᠎ᠠ᠂ ᠦᠢᠯᠡ ᠠᠵᠢᠯᠯᠠᠭ᠎ᠠ ᠪᠠᠨ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ  ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠶᠢ ᠦᠨᠡᠨᠬᠦ ᠪᠡᠶᠡᠯᠡᠭᠦᠯᠵᠦ᠂ ︽ᠠᠷᠠᠳ ᠤᠨ ᠶᠠᠪᠤᠳᠠᠯ ᠠᠷᠠᠳ ᠤᠨ ᠲᠥᠯᠥᠭᠡ᠂ ᠠᠷᠠᠳ ᠤᠨ ᠶᠠᠪᠤᠳᠠᠯ ᠠᠷᠠᠳ ᠢᠶᠠᠨ ᠬᠠᠶᠢᠷᠠᠯᠠᠬᠤ︾ ᠠᠵᠢᠯ ᠤᠨ ᠣᠨᠣᠯᠵᠢᠬᠤᠨ ᠢ ᠪᠠᠷᠢᠮᠲᠠᠯᠠᠨ᠂ ᠨᠢᠭᠡᠨᠲᠡ ᠲᠣᠭᠲᠠᠭᠠᠭᠰᠠᠨ ᠠᠵᠢᠯ ᠤᠨ ᠬᠠᠷᠠᠯᠲᠠ ᠶᠢᠨ ᠲᠣᠭᠤᠷᠢᠨ ᠳᠤ ᠠᠷᠭ᠎ᠠ ᠬᠡᠯᠪᠡᠷᠢ ᠠᠷᠭ᠎ᠠ ᠪᠠᠷᠢᠯ ᠤᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠬᠢᠨᠠᠯᠲᠠ ᠬᠠᠮᠢᠶᠠᠷᠤᠯᠲᠠ ᠪᠠᠨ ᠵᠢᠷᠤᠮᠵᠢᠭᠤᠯᠵᠤ᠂ ᠡᠯ᠎ᠡ ᠵᠣᠶᠢᠯ ᠤᠨ ᠠᠵᠢᠯ ᠤᠨ ᠡᠮᠬᠢ ᠵᠢᠷᠤᠮ ᠲᠠᠢ ᠪᠥᠭᠡᠳ ᠯᠠᠪᠳᠠᠭᠤᠨ ᠪᠠᠲᠤᠲᠠᠶ ᠥᠷᠨᠢᠬᠦ ᠶᠢ ᠠᠬᠢᠭᠤᠯᠪᠠ᠃ ᠡᠨᠡ ᠵᠢᠯ᠂ ᠠᠷᠠᠳ ᠤᠨ ᠶᠠᠪᠤᠳᠠᠯ ᠤᠨ ᠠᠵᠢᠯ ᠳᠤ ᠨᠠᠩ ᠬᠠᠲᠠᠭᠤ ᠪᠡᠷᠬᠡ ᠡᠭᠦᠷᠭᠡ ᠲᠤᠯᠭᠠᠷᠠᠵᠤ᠂ ᠰᠢᠨ᠎ᠡ ᠲᠡᠤᠬᠡᠲᠦ ᠡᠭᠦᠷᠭᠡ ᠶᠢ ᠡᠭᠦᠷᠭᠡᠯᠡᠵᠦ ᠪᠣᠶ᠂ ᠪᠥᠬᠦ ᠲᠤᠭᠤᠷᠢᠭ ᠤᠨ ᠠᠷᠠᠳ ᠤᠨ ᠶᠠᠪᠤᠳᠠᠯ ᠤᠨ ᠺᠠᠳ᠋ᠷᠴᠤᠳ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠨ ᠪᠠᠶᠢᠭᠤᠯᠵᠤ᠂ ︽ᠠᠷᠠᠳ ᠲᠦᠮᠡᠨ ᠢᠶᠠᠷ ᠭᠤᠤᠯ ᠪᠣᠯᠭᠠᠬᠤ︾ ᠠᠵᠢᠯ ᠤᠨ ᠣᠨᠣᠯᠵᠢᠬᠤᠨ ᠢ ᠪᠠᠷᠢᠮᠲᠠᠯᠠᠨ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠦᠨᠡᠨᠬᠦ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠬᠡᠷᠡᠭᠲᠡᠶ ᠭᠡᠪᠡ᠃
ᠬᠤᠷᠠᠯ4 7 2.png
      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠦᠨᠳᠦᠰᠦᠨ ᠱᠠᠲᠤᠨ ᠤ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠠᠷᠠᠳ ᠤᠨ ᠶᠠᠪᠤᠳᠠᠯ ᠤᠨ ᠠᠵᠢᠯ ᠳᠠᠬᠢ ᠤᠳᠤᠷᠢᠳᠤᠯᠭ᠎ᠠ ᠶᠢ  ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠠᠷᠠᠳ ᠤᠨ ᠶᠠᠪᠤᠳᠠᠯ ᠤᠨ ᠠᠵᠢᠯ ᠤᠨ ᠡᠯ᠎ᠡ  ᠬᠦᠷᠢᠶ᠎ᠡ᠂ ᠡᠯ᠎ᠡ ᠲᠠᠯ᠎ᠠ᠂ ᠡᠯ᠎ᠡ ᠭᠤᠭᠴᠤᠭ᠎ᠠ ᠳᠤ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ︔ ᠬᠤᠶᠠᠷ ᠲᠤ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ ᠠᠷᠠᠳ ᠲᠦᠮᠡᠨ ᠤ ᠰᠡᠳᠬᠢᠯ ᠬᠠᠨᠤᠮᠵᠢᠲᠠᠢ ᠠᠷᠠᠳ ᠤᠨ ᠶᠠᠪᠤᠳᠠᠯ ᠤᠨ ᠠᠵᠢᠯ ᠢ ᠰᠠᠶᠢᠲᠤᠷ ᠬᠢᠵᠦ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ᠂ ᠦᠨᠳᠦᠰᠦᠲᠡᠨ ᠤ  ᠠᠵᠢᠯ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠵᠢᠷᠠᠭᠤᠯᠬᠤ ᠱᠠᠭᠠᠷᠳᠠᠯᠭ᠎ᠠ ᠲᠠᠢ ᠤᠶᠠᠯᠳᠤᠭᠤᠯᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠬᠢᠬᠦ ᠬᠡᠷᠡᠭᠲᠡᠢ︔ ᠭᠤᠷᠪᠠ ᠳᠤ᠂ ᠬᠢᠵᠠᠭᠠᠷ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠵᠤ᠂ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠲᠡᠰ ᠳᠠᠷᠠᠭᠠᠯᠠᠯ ᠢ ᠰᠢᠯᠢᠳᠡᠭᠵᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠡᠬᠢ ᠡᠭᠦᠰᠦᠯ ᠠᠴᠠ ᠨᠢ ᠴᠢᠩᠭᠠᠳᠬᠠᠬᠤ ᠬᠡᠷᠡᠭᠲᠡᠢ ᠭᠡᠪᠡ᠃
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ